ᠨᠠᠮ ᠠᠷᠠᠳ ᠲᠠᠭᠠᠨ ᠵᠢᠳᠬᠦᠯ ᠲᠠᠢ ᠵᠢᠷᠭᠠᠯᠳᠤ ᠭᠡᠷ ᠪᠦᠯᠢ
ᠨᠡᠶᠢᠲᠡᠯᠡᠭᠰᠡᠨ ᠴᠠᠭ᠄
2021/7/7
                  ᠪᠠᠶᠠᠰᠬᠤᠯᠠᠩ ᠰᠢᠷᠠᠭᠡᠤᠭᠡᠨ ᠬᠤᠶᠠᠷ          ︽ᠪᠢ ᠲᠦᠷᠦᠭᠰᠡᠨ ᠤᠨ ᠵᠢᠯ᠂ ᠬᠤᠷᠢᠮᠯᠠᠬᠰᠠᠨ ᠰᠠᠷ᠎ᠠ ᠡᠳᠦᠷ ᠢᠶᠠᠨ ᠮᠠᠷᠳᠠᠵᠤ ᠪᠤᠯᠤᠨ᠎ᠠ᠂ ᠬᠠᠷᠢᠨ ᠨᠠᠮ ᠳᠤ ᠤᠷᠤᠬᠰᠠᠨ ᠤᠨ ᠰᠠᠷ᠎ᠠ ᠡᠳᠦᠷ ᠪᠤᠯᠤᠨ ᠨᠠᠮ ᠠᠴᠠ ᠲᠤᠷᠠᠰᠬᠠᠯ ᠤᠨ ᠲᠡᠮᠳᠡᠭ ᠤᠯᠭᠤᠬᠰᠠᠨ ᠤᠨ ᠰᠠᠷ᠎ᠠ ᠡᠳᠦᠷ ᠢᠶᠠᠨ ᠦᠨᠢ ᠡᠭᠦᠷᠢᠳᠡ ᠮᠠᠷᠳᠠᠬᠤ ᠦᠭᠡᠢ︾ ᠭᠡᠵᠤ ᠪᠠᠶᠠᠰᠬᠤᠯᠠᠩ ᠭᠤᠸᠠᠢ ᠶᠠᠷᠢᠨ᠎ᠠ᠃ ᠡᠪ ᠬᠠᠮᠳᠤ ᠨᠠᠮ ᠳᠠᠭᠠᠨ ᠲᠠᠩᠭᠠᠷᠢᠬ ᠡᠷᠬᠦᠵᠦ ᠡᠯᠰᠡᠭᠳᠡᠭᠰᠡᠨ ᠪᠠ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠪᠠᠷ ︽ᠨᠠᠮ ᠤᠨ ᠭᠡᠰᠢᠭᠦᠨ ᠪᠤᠯᠤᠬᠰᠠᠨ ᠢᠷᠠᠭᠤ ᠠᠯᠳᠠᠷ ᠲᠠᠢ 50 ᠵᠢᠯ︾ ᠤᠨ ᠲᠤᠷᠠᠰᠬᠠᠯ ᠤᠨ ᠲᠡᠮᠳᠡᠭ ᠲᠤᠰᠴᠤ ᠵᠡᠭᠦᠭᠰᠡᠨ ᠨᠢ ᠪᠠᠶᠠᠰᠬᠤᠯᠠᠩ ᠤᠨ ᠨᠢᠭᠡ ᠨᠠᠰᠤᠨ ᠤ ᠬᠠᠮᠤᠭ ᠢᠷᠠᠭᠤ ᠠᠯᠳᠠᠷ ᠲᠠᠢ ᠬᠤᠶᠠᠷ ᠳᠤᠮᠤ ᠤᠴᠢᠷ ᠪᠠᠶᠢᠪᠠ᠃      ᠠᠯᠠᠱᠠ ᠵᠡᠭᠦᠨ ᠬᠤᠰᠢᠭᠤᠨ ᠤ ᠵᠢᠷᠠᠳᠠᠢ ᠪᠠᠯᠭᠠᠰᠤᠨ ᠤ ᠤᠷᠬᠢᠬᠤ ᠭᠠᠴᠠᠭᠠᠠ ᠳᠤ ᠨᠤᠳᠤᠭ ᠲᠠᠢ ᠪᠠᠶᠠᠰᠬᠤᠯᠠᠩ ᠡᠨᠡ ᠵᠢᠯ 76 ᠨᠠᠰᠤ ᠲᠠᠢ᠂ 1966 ᠤᠨ ᠠᠴᠠ 1967 ᠤᠨ ᠤ ᠬᠤᠭᠤᠷᠤᠨᠳᠤ ᠠᠯᠠᠱᠠ ᠵᠡᠭᠦᠨ ᠬᠤᠰᠢᠭᠤᠨ ᠤ ᠤᠤᠯ ᠤᠨ ᠴᠡᠩᠭᠡᠯ ᠰᠤᠮᠤᠨ ᠤ ᠵᠡᠪᠰᠡᠭᠳᠤ ᠬᠦᠴᠦᠨ ᠤ ᠬᠡᠯᠳᠡᠰ ᠤᠨ ᠲᠠᠷᠤᠭ᠎ᠠ ᠪᠠᠷ ᠠᠵᠢᠯᠯᠠᠵᠤ ᠪᠠᠶᠢᠬᠰᠨᠨ ᠳ᠋ᠤᠸᠠᠨ ᠦᠯᠵᠡᠶᠢᠳᠡᠯᠭᠡᠷ ᠤᠨ ᠲᠠᠨᠢᠯᠴᠠᠭᠤᠯᠭ᠎ᠠ ᠪᠠᠷ ᠭᠠᠴᠠᠭᠠᠨ ᠤ ᠨᠠᠮ ᠤᠨ ᠡᠭᠦᠷ ᠲᠤ ᠨᠠᠮ ᠳᠤ ᠤᠷᠤᠬᠤ ᠭᠤᠶᠤᠴᠢᠯᠠᠯᠳᠠ ᠶᠢᠨ ᠪᠢᠴᠢᠭ ᠢ ᠲᠠᠪᠤ ᠤᠳᠠᠭ᠎ᠠ ᠪᠢᠴᠢᠵᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠬᠠᠳᠠᠭᠤ ᠴᠢᠩᠭ᠎ᠠ ᠰᠢᠯᠭᠠᠨ ᠪᠠᠶᠢᠴᠠᠭᠠᠯᠳᠠ᠂ ᠬᠦᠮᠦᠵᠢᠯ ᠪᠤᠯᠪᠠᠰᠤᠷᠠᠯ ᠢ ᠬᠦᠷᠳᠡᠭᠡᠳ 1968 ᠤᠨ ᠤ 8 ᠰᠠᠷ᠎ᠠ ᠶᠢᠨ 24 ᠤ ᠡᠳᠦᠷ ᠲᠤᠮᠳᠠᠳᠤ ᠤᠯᠤᠰ ᠤᠨ ᠡᠪ ᠬᠠᠮᠳᠤ ᠨᠠᠮ ᠳᠤ ᠲᠠᠩᠭᠠᠷᠢᠬ ᠡᠷᠭᠦᠵᠤ᠂ ᠦᠩᠭᠡ ᠭᠡᠷᠡᠯ ᠲᠠᠢ ᠪᠠᠷ ᠨᠠᠮ ᠳᠤ ᠡᠯᠰᠡᠭᠳᠡᠭᠡᠳ 53 ᠵᠢᠯ ᠤᠨ ᠨᠢᠭᠤᠷ ᠦᠵᠡᠵᠤ ᠶᠠᠪᠤᠭ᠎ᠠ ᠠᠬᠠᠮᠠᠳ ᠨᠠᠮ ᠤᠨ ᠭᠡᠰᠢᠭᠦᠨ ᠪᠤᠯᠤᠨ᠎ᠠ᠃      6 ᠰᠠᠷ᠎ᠠ ᠶᠢᠨ 28 ᠤ ᠡᠳᠦᠷ᠂ ᠠᠯᠠᠱᠠ ᠵᠡᠭᠦᠨ ᠬᠤᠰᠢᠭᠤᠨ ᠤ ᠵᠢᠷᠠᠳᠠᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠡᠩᠭᠡᠯ ᠪᠠᠶᠠᠰᠬᠤᠯᠠᠩ ᠤᠨ ᠭᠡᠷ ᠲᠤ ᠢᠷᠡᠵᠤ᠂ ᠨᠠᠮ ᠤᠨ ᠲᠦᠪ ᠬᠤᠷᠢᠶ᠎ᠠ ᠠᠴᠠ ᠤᠯᠭᠤᠬᠰᠠᠨ ︽ᠨᠠᠮ ᠤᠨ ᠭᠡᠰᠢᠭᠦᠨ ᠪᠤᠯᠤᠬᠰᠠᠨ ᠢᠷᠠᠭᠤ ᠠᠯᠳᠠᠷ ᠲᠠᠢ 50 ᠵᠢᠯ︾ ᠤᠨ ᠲᠤᠷᠠᠰᠬᠠᠯ ᠤᠨ ᠲᠡᠮᠳᠡᠭ ᠢ ᠭᠠᠷᠳᠠᠭᠤᠯᠵᠤ ᠂ ᠨᠠᠰᠤ ᠪᠠᠷ ᠢᠶᠠᠨ ᠤᠬ ᠰᠠᠨᠠᠭ᠎ᠠ ᠪᠠᠨ ᠮᠠᠷᠳᠠᠯ ᠦᠭᠡᠢ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠨᠠᠮ ᠠᠷᠠᠳ ᠲᠦᠮᠡᠨ ᠤ ᠲᠦᠯᠦᠭᠡ ᠦᠨᠡᠨᠴᠢ ᠪᠠᠷ ᠵᠢᠳᠭᠦᠭᠰᠡᠨ ᠠᠯᠳᠠᠷ ᠭᠠᠪᠢᠶ᠎ᠠ ᠶᠢ ᠨᠢ ᠦᠨᠡᠯᠡᠵᠦ᠂ ᠪᠤᠯᠭᠤᠭᠠᠨ ᠲᠤᠬᠤᠨᠢᠭᠤᠯᠤᠬᠰᠠᠨ ᠰᠡᠳᠭᠢᠯ ᠲᠤᠭᠳᠤᠯᠤᠭᠤᠯᠤᠮ᠎ᠠ ᠨᠢᠭᠡ ᠮᠦᠴᠡ ᠨᠢ ᠨᠠᠮ ᠤᠨ ᠬᠠᠶᠢᠷ᠎ᠠ ᠲᠤᠶᠠᠭᠠᠯᠠᠯ ᠲᠤᠤᠷ᠎ᠠ ᠬᠦᠮᠦᠵᠢᠭᠳᠡᠭᠰᠡᠨ ᠲᠡᠭᠦᠨ ᠤ ᠬᠤᠪᠢ ᠪᠡᠶ᠎ᠡ ᠬᠢᠭᠡᠳ ᠭᠡᠷ ᠪᠦᠯᠢ ᠤᠨ ᠬᠢᠨ ᠳᠤ ᠦᠨᠢᠳᠡ ᠮᠠᠷᠳᠠᠬᠳᠠᠰᠢ ᠦᠭᠡᠢ ᠲᠤᠮᠤ ᠢᠷᠠᠭᠤ ᠠᠯᠳᠠᠷ ᠢ ᠠᠪᠴᠢᠷᠠᠬᠰᠠᠨ ᠪᠠᠶᠢᠨ᠎ᠠ᠃      ᠬᠦᠮᠦᠨ ᠤ ᠨᠢᠭᠡ ᠨᠠᠰᠤᠨ ᠳᠤ ᠤᠯᠠᠨ ᠵᠦᠢᠯ ᠤᠨ ᠮᠠᠷᠳᠠᠬᠳᠠᠰᠢ ᠦᠭᠡᠢ ᠤᠴᠢᠷ ᠶᠠᠪᠤᠳᠠᠯ ᠲᠤᠬᠢᠶᠠᠯᠳᠤᠳᠠᠭ ᠪᠤᠯ ᠪᠠᠶᠠᠰᠬᠤᠯᠠᠩ ᠤᠨ ᠬᠤᠪᠢ ᠳᠤ ᠨᠠᠮ ᠲᠦᠷᠦ ᠠᠴᠠ ᠤᠯᠭᠤᠬᠰᠠᠨ ᠢᠷᠠᠭᠤ ᠠᠯᠳᠠᠷ ᠢᠶᠠᠨ ᠭᠡᠷ ᠤᠨ ᠬᠦᠮᠦᠰ᠂ ᠦᠷ᠎ᠡ ᠬᠡᠤᠬᠡᠳ ᠲᠠᠢ ᠪᠠᠨ ᠬᠤᠪᠢᠶᠠᠯᠴᠠᠬᠤ ᠶᠢ ᠬᠠᠮᠤᠭ ᠲᠡᠷᠢᠭᠦᠨ ᠳᠤ ᠪᠤᠳᠤᠵᠤ ᠤᠯᠪᠠ᠃ ︽ᠡᠨᠡ ᠢᠷᠠᠭᠤ ᠠᠯᠳᠠᠷ ᠪᠤᠯ ᠨᠠᠮ ᠠᠴᠠ ᠮᠠᠨ ᠤ ᠭᠡᠷ ᠪᠦᠯᠢ ᠳᠤ ᠬᠦᠷᠳᠡᠭᠡᠭᠰᠡᠨ ᠬᠠᠶᠢᠷ᠎ᠠ ᠬᠠᠯᠠᠮᠵᠢ ᠪᠤᠯᠬᠤ ᠲᠤᠯᠠ ᠬᠡᠤᠬᠡᠳ ᠤᠳ ᠮᠢᠨᠢ ᠡᠭᠦᠷᠢᠳᠡ ᠨᠠᠮ ᠢᠶᠠᠨ ᠲᠠᠭᠠᠵᠤ᠂ ᠠᠵᠢᠯ ᠠᠯᠪᠠ ᠪᠠᠨ ᠰᠠᠶᠢᠨ ᠬᠢᠵᠤ᠂ ᠠᠷᠠᠳ ᠲᠦᠮᠡᠨ ᠳᠡᠭᠡᠨ ᠦᠢᠯᠡᠴᠢᠯᠡᠨ᠂ ᠭᠡᠷ ᠵᠠᠭᠤᠷ᠎ᠠ ᠪᠠᠨ ᠡᠪ ᠪᠦᠯᠬᠦᠮᠳᠡᠯ ᠲᠠᠢ᠂ ᠨᠡᠶᠢᠬᠡᠮ ᠨᠡᠶᠢᠳᠡ ᠳᠤ ᠵᠢᠱᠢᠶᠡᠴᠢ ᠲᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠤᠯᠤᠰ ᠦᠨᠳᠦᠰᠦᠳᠡᠨ ᠳᠡᠭᠡᠨ ᠬᠦᠴᠦ ᠪᠠᠨ ᠡᠷᠭᠦᠬᠦ ᠪᠠᠷ ᠴᠢᠷᠮᠠᠶᠢᠬᠤ ᠬᠡᠷᠡᠭᠳᠡᠢ ᠰᠢᠤ︾ ᠭᠡᠵᠤ ᠪᠠᠶᠠᠰᠬᠤᠯᠠᠩ ᠦᠳᠡ ᠶᠢᠨ ᠬᠤᠭᠤᠯᠠᠨ ᠢᠶᠠᠷ ᠬᠡᠤᠬᠡᠳ ᠤᠳ ᠢᠶᠠᠨ ᠲᠠᠭᠤᠳᠠᠵᠤ ᠴᠤᠬᠯᠠᠭᠤᠯᠤᠭᠠᠳ ᠲᠤᠷᠠᠰᠬᠠᠯ ᠤᠨ ᠲᠡᠮᠳᠡᠭ ᠲᠤᠰᠤᠬᠰᠠᠨ ᠪᠠᠶᠠᠷ ᠤᠨ ᠴᠢᠮᠡᠭᠡ ᠶᠢ ᠭᠡᠷ ᠪᠦᠯᠢ ᠶᠢᠨ ᠬᠢᠨ ᠳᠡᠭᠡᠨ ᠤᠯᠠᠮᠵᠢᠯᠠᠪᠠ᠃      ᠠᠪᠤ ᠡᠵᠢ ᠶᠢᠨ ᠢᠶᠠᠨ ᠠᠴᠢᠯᠠᠯ ᠡᠯᠪᠡᠷᠢᠯ ᠢ ᠬᠠᠷᠢᠭᠤᠯᠵᠤ᠂ ᠭᠦᠭᠰᠢᠳ ᠪᠤᠭᠤᠷᠤᠯᠴᠤᠳ ᠢᠶᠠᠨ ᠪᠠᠶᠠᠷᠯᠠᠭᠤᠯᠳᠠᠭ ᠨᠢ ᠪᠠᠶᠠᠰᠬᠤᠯᠠᠩ ᠰᠢᠷᠠᠬᠡᠤᠬᠡᠨ ᠤ ᠭᠡᠷ ᠪᠦᠯᠢ ᠶᠢᠨ ᠤᠯᠠᠨ ᠵᠢᠯ ᠪᠠᠷᠢᠮᠳᠠᠯᠠᠭᠠᠳ ᠢᠷᠡᠭᠰᠡᠨ ᠵᠤᠷᠰᠢᠯ ᠪᠤᠯᠤᠨ᠎ᠠ᠃ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠤᠬᠳᠤᠨ ᠪᠡᠯᠭᠡᠯᠡᠵᠤ᠂ ᠡᠨᠡ ᠵᠢᠯ ᠤᠨ ᠠᠪᠤ ᠶᠢᠨ ᠪᠠᠶᠠᠷ ᠤᠨ ᠡᠳᠦᠷ ᠲᠤ ᠲᠤᠬᠢᠶᠠᠯᠳᠤᠭᠤᠯᠤᠨ᠂ ᠠᠪᠤ ᠶᠢᠨ ᠢᠶᠠᠨ ᠨᠠᠮ ᠳᠤ ᠤᠷᠤᠬᠰᠠᠨ 53 ᠵᠢᠯ ᠤᠨ ᠪᠠᠶᠠᠷ᠂ ᠠᠪᠤ ᠡᠵᠢ ᠶᠢᠨ ᠢᠶᠠᠨ ︽ᠠᠯᠳᠠᠨ ᠤᠷᠤᠭ︾ ᠤᠨ ᠪᠠᠶᠠᠷ ᠢ ᠲᠡᠮᠳᠡᠭᠯᠡᠬᠦ ᠪᠠᠷ ᠳᠠᠪᠤᠠ ᠭᠡᠦᠭᠡᠳ ᠨᠢ ᠵᠢᠷᠠᠳᠠᠢ ᠪᠠᠯᠭᠠᠰᠤᠨ ᠤ ᠰᠢᠷᠠᠪᠦ᠋ᠷᠢᠳᠤ ᠭᠠᠴᠠᠭᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠶᠢᠨ ᠬᠤᠪᠢᠰᠬᠠᠯ ᠤᠨ ᠰᠠᠭᠤᠷᠢᠨ ᠭᠠᠵᠠᠷ ᠲᠤ ᠭᠡᠷ ᠪᠦᠯᠢ ᠶᠢᠨ ᠨᠠᠮ ᠤᠨ ᠬᠦᠮᠦᠵᠢᠯ ᠤᠨ ᠠᠵᠢᠯᠯᠠᠭ᠎ᠠ ᠵᠤᠬᠢᠶᠠᠨ ᠪᠠᠶᠢᠭᠤᠯᠵᠤ᠂ ᠠᠪᠤ ᠠᠴᠠ ᠪᠠᠨ ᠨᠠᠮ ᠤᠨ ᠦᠯᠢᠭᠡᠷ ᠲᠡᠤᠬᠡ ᠰᠤᠷᠤᠯᠴᠠᠨ᠂ ᠬᠠᠮᠳᠤᠪᠠᠷ ᠬᠤᠪᠢᠰᠬᠠᠯ ᠤᠨ ᠲᠠᠭᠤᠤ ᠲᠠᠭᠤᠯᠠᠵᠤ᠂ ᠴᠡᠷᠢᠭ ᠤᠨ ᠪᠤᠯᠪᠠᠰᠤᠷᠠᠯ ᠬᠢᠬᠦ ᠵᠡᠷᠬᠡ ᠡᠯᠪᠡᠭ ᠪᠠᠶᠠᠯᠢᠭ ᠠᠭᠤᠯᠭ᠎ᠠ ᠦᠷᠨᠢᠭᠦᠯᠵᠤ᠂ ᠭᠡᠷ ᠪᠦᠯᠢ ᠪᠠᠷ ᠢᠶᠠᠨ ᠡᠭᠦᠷᠢᠳᠡ ᠨᠠᠮ ᠢᠶᠠᠨ ᠲᠠᠭᠠᠵᠤ᠂ ᠢᠮᠠᠬᠳᠠ ᠢᠳᠡᠭᠡᠯ ᠪᠢᠰᠢᠷᠠᠯ ᠢᠶᠠᠨ ᠲᠡᠭᠡᠳᠦᠯᠡᠵᠤ᠂ ᠤᠬ ᠰᠠᠨᠠᠭ᠎ᠠ ᠪᠠᠨ ᠮᠠᠷᠳᠠᠯ ᠦᠭᠡᠢ ᠴᠢᠷᠮᠠᠶᠢᠨ ᠠᠵᠢᠯᠯᠠᠵᠤ᠂ ᠨᠠᠮ ᠠᠷᠠᠳ ᠲᠦᠮᠡᠨ ᠳᠡᠭᠡᠨ ᠬᠢᠷᠢ ᠲᠡᠩᠴᠡᠭᠰᠡᠨ ᠨᠠᠮ ᠤᠨ ᠭᠡᠰᠢᠭᠦᠨ ᠬᠢᠭᠡᠳ ᠬᠦᠷᠢᠶᠡᠯᠡᠯ ᠲᠠᠢ ᠠᠷᠠᠳ ᠢᠷᠭᠡᠳ ᠪᠤᠯᠬᠤ ᠪᠠᠷ ᠵᠤᠷᠢᠬ ᠢᠶᠠᠨ ᠢᠯᠡᠳᠭᠡᠵᠤ ᠲᠠᠩᠭᠠᠷᠢᠬᠯᠠᠬᠰᠠᠨ ᠪᠠᠶᠢᠨ᠎ᠠ᠃      ᠪᠠᠶᠠᠰᠬᠤᠯᠠᠩ 1958 ᠤᠨ ᠳᠤ ᠠᠯᠠᠱᠠ ᠵᠡᠭᠦᠨ ᠬᠤᠰᠢᠭᠤᠨ ᠤ ᠰᠢᠨ᠋ᠬᠤᠰᠤ ᠶᠢᠨ ᠬᠤᠶᠢᠳᠤ ᠪᠡᠶ᠎ᠡ ᠶᠢᠨ ᠠᠵᠢᠯᠯᠠᠬᠤ ᠬᠤᠷᠢᠶ᠎ᠠ ᠶᠢᠨ ᠰᠤᠷᠭᠠᠭᠤᠯᠢ ᠳᠤ 5 ᠵᠢᠯ ᠰᠤᠷᠤᠯᠴᠠᠵᠤ᠂ ᠰᠤᠷᠤᠯᠭ᠎ᠠ ᠲᠡᠭᠦᠰᠦᠭᠰᠡᠨ ᠤ ᠲᠠᠷᠠᠭ᠎ᠠ 1968 ᠤᠨ ᠠᠴᠠ 1975 ᠤᠨ ᠪᠤᠯᠳᠠᠯ᠎ᠠ ᠭᠠᠴᠠᠭᠠᠨ ᠤ ᠰᠠᠩ ᠬᠦᠮᠦᠷᠭᠡ ᠶᠢᠨ ᠬᠠᠮᠢᠶᠠᠷᠤᠬᠴᠢ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ᠂ ᠡᠷᠦᠬᠡ ᠶᠢᠨ ᠴᠡᠷᠢᠭ ᠤᠨ ᠪᠡᠯᠡᠨ ᠪᠡᠯᠡᠳᠭᠡᠯ ᠠᠩᠬᠢ ᠶᠢᠨ ᠲᠤᠮᠢᠯᠠᠬᠴᠢ ᠵᠡᠷᠭᠡ ᠠᠵᠢᠯ ᠢ ᠬᠠᠪᠰᠤᠷᠭᠠᠨ ᠬᠢᠵᠤ ᠪᠠᠶᠢᠬᠰᠠᠨ ᠢᠶᠠᠨ 1975 ᠤᠨ ᠳᠤ ᠶᠡᠭᠡ ᠰᠤᠷᠭᠠᠭᠤᠯᠢ ᠳᠤ ᠰᠢᠯᠭᠠᠭᠤᠯᠬᠤ ᠵᠠᠪᠰᠢᠶᠡᠨ ᠢᠶᠠᠷ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠤᠨ ︽ᠲᠠᠪᠤ ᠲᠤᠯᠤᠭ᠎ᠠ︾ ᠶᠢᠨ ᠰᠤᠷᠭᠠᠭᠤᠯᠢ ᠳᠤ ᠰᠢᠯᠭᠠᠨ ᠤᠷᠤᠵᠤ 3 ᠵᠢᠯ ᠰᠤᠷᠤᠯᠴᠠᠵᠡᠢ᠃ 1981 ᠤᠨ ᠠᠴᠠ ᠤᠷᠬᠢᠬᠤ ᠭᠠᠴᠠᠭᠠᠨ ᠤ ᠲᠠᠷᠤᠭ᠎ᠠ ᠪᠠᠷ 5 ᠵᠢᠯ ᠠᠵᠢᠯᠯᠠᠵᠤ᠂ 1986 ᠤᠨ — 1990 ᠤᠨ ᠳᠤ ᠠᠯᠠᠱᠠ ᠵᠡᠭᠦᠨ ᠬᠤᠰᠢᠭᠤᠨ ᠤ ᠤᠤᠯ ᠤᠨ ᠴᠡᠩᠭᠡᠯ ᠰᠤᠮᠤᠨ ᠤ ᠮᠤᠩᠭᠤᠯ ᠰᠤᠷᠭᠠᠭᠤᠯᠢ ᠶᠢᠨ ᠠᠷᠤ ᠦᠢᠯᠡᠴᠢᠯᠡᠭᠡᠨ ᠤ ᠬᠠᠮᠢᠶᠠᠷᠤᠬᠴᠢ ᠪᠠᠷ ᠠᠵᠢᠯᠯᠠᠭᠠᠳ 1990 ᠤᠨ ᠳᠤ ᠬᠦᠳᠡᠭᠡ ᠭᠡᠷ ᠲᠡᠭᠡᠨ ᠬᠠᠷᠢᠵᠤ ᠮᠠᠯ ᠮᠠᠯᠵᠢᠵᠤ ᠰᠠᠭᠤᠬᠰᠠᠨ ᠪᠠᠶᠢᠨ᠎ᠠ᠃      ᠪᠠᠶᠠᠰᠬᠤᠯᠠᠩ ᠨᠠᠮ ᠤᠨ ᠵᠤᠬᠢᠶᠠᠨ ᠪᠠᠶᠢᠭᠤᠯᠤᠯᠳᠠ ᠶᠢᠨ ᠲᠤᠬᠢᠷᠠᠭᠤᠯᠭ᠎ᠠ ᠪᠠᠷ ᠦᠨᠳᠦᠰᠦᠨ ᠱᠠᠳᠤᠨ ᠤ ᠭᠠᠴᠠᠭ᠎ᠠ᠂ ᠰᠤᠮᠤᠨ ᠳᠤ ᠤᠯᠠᠨ ᠲᠦᠷᠦᠯ ᠤᠨ ᠠᠵᠢᠯ ᠢ ᠬᠤᠷᠢᠭᠠᠳ ᠵᠢᠯ ᠬᠢᠵᠤ ᠶᠠᠪᠤᠬᠤ ᠳᠠᠭᠠᠨ ᠡᠪ ᠬᠠᠮᠳᠤ ᠨᠠᠮ ᠳᠠᠭᠠᠨ ᠡᠷᠭᠦᠭᠰᠡᠨ ᠲᠠᠩᠭᠠᠷᠢᠬ ᠢᠶᠠᠨ ᠪᠠᠳᠤ ᠴᠡᠭᠡᠵᠢᠯᠡᠵᠤ᠂ ᠠᠷᠠᠳ ᠲᠦᠮᠡᠨ ᠳᠤ ᠦᠢᠯᠡᠴᠢᠯᠡᠵᠤ᠂ ᠠᠵᠢᠯ ᠢᠶᠠᠨ ᠰᠠᠶᠢᠨ ᠬᠢᠬᠦ ᠤᠬ ᠰᠠᠨᠠᠭ᠎ᠠ ᠪᠠᠨ ᠮᠠᠷᠳᠠᠯ ᠦᠭᠡᠢ ᠪᠠᠷ ᠮᠠᠯᠵᠢᠬᠤ ᠤᠷᠤᠨ ᠤ ᠠᠷᠠᠳ ᠠᠴᠠ ᠡᠷᠬᠢᠯᠡᠭᠰᠡᠨ ᠪᠤᠶᠤ ᠠᠯᠪᠠᠨ ᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠬᠢᠭᠡᠳ ᠮᠠᠯᠴᠢᠳ ᠤᠨ ᠬᠡᠤᠬᠡᠳ ᠲᠤ ᠪᠢᠴᠢᠭ ᠰᠤᠶᠤᠯ ᠬᠦᠷᠳᠡᠭᠡᠬᠦ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠲᠤ ᠵᠢᠳᠭᠦᠭᠰᠡᠨ ᠠᠴᠠ ᠭᠠᠳᠠᠨ᠎ᠠ ᠮᠠᠯ ᠠᠵᠤ ᠠᠬᠤᠢ ᠶᠢ ᠬᠦᠭᠵᠢᠭᠦᠯᠵᠤ᠂ ᠭᠠᠴᠠᠭᠠᠨ ᠤ ᠡᠯ᠎ᠠ ᠳᠦᠷᠦᠯ ᠤᠨ ᠠᠵᠢᠯ ᠵᠡᠷᠭᠡ ᠳᠤ ᠨᠠᠮ ᠤᠨ ᠭᠡᠰᠢᠭᠦᠨ ᠤ ᠵᠢᠱᠢᠶᠡᠴᠢ ᠲᠤᠯᠤᠭᠠᠢᠢᠯᠠᠬᠤ ᠦᠢᠯᠡᠳᠦᠯ ᠢᠶᠠᠨ ᠪᠠᠳᠠᠷᠠᠭᠤᠯᠤᠬᠰᠠᠭᠠᠷ ᠢᠷᠡᠵᠡᠢ᠃ ᠲᠡᠷᠡᠪᠡᠷ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠵᠤ᠂ ᠵᠠᠯᠠᠭᠤ ᠨᠠᠮ ᠤᠨ ᠭᠡᠰᠢᠭᠦᠨ ᠢ ᠬᠦᠮᠦᠵᠢᠭᠦᠯᠬᠦ ᠠᠵᠢᠯ ᠳᠤ ᠰᠠᠶᠢᠨ ᠲᠤᠷ᠎ᠠ ᠠᠴᠠ ᠪᠠᠨ ᠲᠠᠨᠢᠯᠴᠠᠭᠤᠯᠤᠬᠴᠢ ᠪᠤᠯᠵᠤ᠂ ᠲᠡᠳᠡᠨ ᠳᠤ ᠦᠵᠡᠯ ᠰᠠᠨᠠᠭ᠎ᠠ᠂ ᠤᠯᠤᠰ ᠲᠦᠷᠦ ᠶᠢᠨ ᠬᠦᠮᠦᠵᠢᠯ ᠪᠤᠯᠪᠠᠰᠤᠷᠠᠯ ᠬᠦᠷᠳᠡᠭᠡᠨ᠂ ᠨᠠᠮ ᠳᠤ ᠤᠷᠤᠬᠤ ᠭᠤᠶᠤᠴᠢᠯᠠᠯᠳᠠ ᠶᠢᠨ ᠪᠢᠴᠢᠭ ᠢ ᠬᠢᠨᠠᠵᠤ ᠵᠠᠰᠠᠬᠤ ᠡᠭᠦᠷᠭᠡ ᠶᠢ ᠭᠦᠢᠴᠡᠳᠭᠡᠨ᠂ ᠭᠠᠴᠠᠭᠠᠨ ᠤ ᠨᠠᠮ ᠤᠨ ᠭᠡᠰᠢᠭᠦᠨ ᠤ ᠡᠩᠨᠡᠭᠡ ᠶᠢᠨ ᠦᠶ᠎ᠡ ᠵᠠᠯᠭᠠᠮᠵᠢᠯᠠᠯ ᠳᠤ ᠬᠦᠴᠦᠨ ᠵᠢᠳᠭᠦᠯ ᠭᠠᠷᠭᠠᠵᠡᠢ᠃ ᠢᠩᠬᠢᠬᠡᠳ ᠲᠤᠰ ᠭᠠᠴᠠᠭᠠᠨ ᠤ 80% ᠠᠴᠠ ᠲᠡᠭᠡᠭᠰᠢᠬᠢ ᠨᠠᠮ ᠤᠨ ᠭᠡᠰᠢᠭᠦᠨ ᠨᠢ ᠪᠠᠶᠠᠰᠬᠤᠯᠠᠩ ᠢᠶᠠᠷ ᠲᠠᠨᠢᠯᠴᠠᠭᠤᠯᠤᠬᠴᠢ ᠪᠤᠯᠭᠠᠵᠤ ᠨᠠᠮ ᠳᠤ ᠤᠷᠤᠭᠰᠠᠨ ᠪᠠᠶᠢᠵᠡᠢ᠃ ᠲᠡᠷᠡ ᠦᠪᠡᠷ ᠢᠶᠠᠨ ᠤᠳᠤ ᠪᠤᠯᠳᠠᠯ᠎ᠠ ᠭᠠᠴᠠᠭᠠᠨ ᠤ ᠨᠠᠮ ᠤᠨ ᠡᠭᠦᠷ ᠤᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠳᠡᠢ ᠤᠷᠤᠯᠴᠠᠬᠤ ᠶᠢ ᠪᠠᠷᠢᠮᠳᠠᠯᠠᠬᠰᠠᠭᠠᠷ ᠪᠠᠶᠢᠨ᠎ᠠ᠃ ︽ᠲᠠᠩᠭᠠᠷᠢᠬ ᠪᠤᠯ ᠨᠠᠮ ᠳᠠᠭᠠᠨ ᠡᠷᠬᠦᠭᠰᠡᠨ ᠪᠠᠳᠦ ᠴᠢᠩᠭ᠎ᠠ ᠠᠮᠠᠯᠠᠯᠳᠠ᠂ ᠠᠵᠢᠯ ᠪᠤᠯ ᠠᠷᠠᠳ ᠲᠦᠮᠡᠨ ᠳᠤ ᠦᠢᠯᠡᠴᠢᠯᠡᠬᠦ ᠡᠭᠦᠷᠭᠡ ᠮᠦᠨ᠃ ᠵᠠᠯᠠᠭᠤ ᠨᠠᠮ ᠤᠨ ᠭᠡᠰᠢᠭᠦᠳ ᠡᠷᠬᠡᠪᠰᠢ ᠤᠨᠤᠯ ᠰᠤᠷᠤᠯᠴᠠᠯᠭ᠎ᠠ ᠪᠠᠨ ᠴᠢᠩᠭᠠᠳᠬᠠᠬᠤ ᠪᠠᠷ ᠪᠡᠶ᠎ᠡ ᠪᠠᠨ ᠱᠠᠭᠠᠷᠳᠠᠵᠤ᠂ ᠨᠠᠮ ᠤᠨ ᠲᠡᠤᠬᠡ᠂ ᠨᠠᠮ ᠲᠦᠷᠦ ᠶᠢᠨ ᠰᠢᠢᠳᠪᠦᠷᠢ ᠪᠤᠳᠤᠯᠭ᠎ᠠ ᠶᠢ ᠰᠠᠶᠢᠨ ᠰᠤᠷᠤᠯᠴᠠᠬᠤ ᠪᠠᠷ ᠲᠠᠮᠵᠢᠨ ᠤᠯᠤᠰ ᠲᠦᠷᠦ ᠦᠵᠡᠯ ᠰᠠᠨᠠᠭᠠᠨ ᠤ ᠬᠢᠷᠢ ᠲᠦᠪᠰᠢᠨ ᠢᠶᠠᠨ ᠳᠡᠭᠡᠭᠰᠢᠯᠡᠬᠦᠯᠬᠦ ᠬᠡᠷᠡᠭᠳᠡᠢ᠃ ᠢᠩᠬᠢᠪᠡᠯ ᠰᠠᠶ᠋ᠢ ᠠᠷᠠᠳ ᠲᠦᠮᠡᠨ ᠳᠤ ᠦᠢᠯᠡᠴᠢᠯᠡᠬᠦ ᠠᠵᠢᠯ ᠤᠨ ᠡᠭᠦᠷᠭᠡ ᠪᠠᠨ ᠤᠷᠤᠬᠰᠢᠳᠠᠢ ᠪᠡᠶᠡᠯᠡᠭᠦᠯᠵᠤ ᠴᠢᠳᠠᠨ᠎ᠠ︾ ᠭᠡᠵᠤ ᠪᠠᠶᠠᠰᠬᠤᠯᠠᠩ ᠵᠠᠯᠠᠭᠤ ᠨᠠᠮ ᠤᠨ ᠭᠡᠰᠢᠭᠦᠨ ᠳᠤ ᠬᠠᠨᠳᠤᠵᠤ ᠬᠦᠰᠡᠯ ᠨᠠᠶᠢᠳᠠᠯᠭ᠎ᠠ ᠪᠠᠨ ᠶᠠᠷᠢᠵᠤ ᠪᠠᠶᠢᠯ᠎ᠠ᠃       ᠪᠠᠶᠠᠰᠬᠤᠯᠠᠩ 1971 ᠤᠨ ᠤ ᠴᠠᠭᠠᠨ ᠰᠠᠷ᠎ᠠ ᠰᠢᠷᠠᠬᠡᠤᠬᠡᠨ ᠭᠡᠳᠡᠭ ᠵᠠᠶᠠᠭᠠᠨ ᠤ ᠬᠠᠨᠢ ᠲᠠᠢ ᠤᠷᠤᠬ ᠬᠤᠷᠢᠮ ᠲᠤᠬᠳᠠᠬᠰᠠᠨ ᠠᠴᠠ ᠵᠠᠵᠢᠨ ᠦᠰᠦ ᠪᠠᠨ ᠴᠠᠶᠢᠳᠠᠯ᠎ᠠ ᠬᠠᠮᠳᠤ ᠠᠮᠢᠳᠤᠷᠠᠭᠠᠳ ᠪᠦᠬᠦᠯᠢ 50 ᠵᠢᠯ ᠪᠤᠯᠵᠤ᠂ ︽ᠠᠯᠳᠠᠨ ᠤᠷᠤᠭ︾ ᠭᠡᠮᠡᠬᠦ ᠠᠮᠠᠷᠠᠬ ᠬᠠᠶᠢᠷ᠎ᠠ ᠶᠢᠨ ᠬᠤᠪᠢ ᠪᠠᠷᠢᠯᠳᠤᠯᠭ᠎ᠠ ᠪᠠᠷ ᠨᠢᠭᠡ ᠬᠤᠤᠰ ᠠᠴᠠ ᠪᠠᠨ ᠤᠳᠤ ᠪᠤᠯᠬᠤ ᠳᠤ 20 ᠬᠦᠮᠦᠨ ᠠᠮᠠ ᠲᠠᠢ ᠲᠤᠮᠤ ᠭᠡᠷ ᠪᠦᠯᠢ ᠳᠤ ᠦᠳᠡᠯᠦᠭᠡ ᠨᠠᠰᠤ ᠪᠠᠨ ᠪᠠᠶᠠᠷ ᠵᠢᠷᠭᠠᠯ ᠲᠠᠢ ᠦᠩᠭᠡᠷᠡᠭᠦᠯᠵᠤ ᠰᠠᠭᠤᠨ᠎ᠠ᠃ ᠪᠠᠶᠠᠰᠬᠤᠯᠠᠩ ᠤᠨ ᠨᠠᠰᠤᠨ ᠤ ᠬᠠᠨᠢ ᠰᠢᠷᠠᠬᠡᠤᠬᠡᠨ ᠡᠨᠡ ᠵᠢᠯ 68 ᠨᠠᠰᠤ ᠲᠠᠢ᠂ 1972 ᠤᠨ ᠠᠴᠠ 1997 ᠤᠨ ᠳᠤ ᠤᠷᠬᠢᠬᠤ ᠭᠠᠴᠠᠭ᠎ᠠ ᠪᠤᠯᠤᠨ ᠴᠡᠩᠭᠡᠯ ᠭᠠᠴᠠᠭᠠᠨ ᠤ ᠠᠷᠠᠳ ᠠᠴᠠ ᠡᠷᠬᠢᠯᠡᠭᠰᠡᠨ ᠰᠤᠷᠭᠠᠭᠤᠯᠢ᠂ ᠤᠤᠯ ᠤᠨ ᠴᠡᠩᠭᠡᠯ ᠰᠤᠮᠤᠨ ᠤ ᠠᠯᠪᠠᠨ ᠤ ᠰᠤᠷᠭᠠᠭᠤᠯᠢ ᠳᠤ 25 ᠵᠢᠯ ᠪᠠᠭᠰᠢᠯᠠᠵᠤ᠂ ᠮᠠᠯᠴᠢᠳ ᠤᠨ ᠬᠡᠤᠬᠡᠳ ᠲᠤ ᠡᠷᠳᠡᠮ ᠮᠡᠳᠡᠯᠭᠡ ᠵᠢᠭᠠᠵᠤ᠂ ᠤᠷᠤᠨ ᠨᠤᠳᠤᠭ ᠤᠨ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠲᠤ ᠨᠠᠰᠤ ᠪᠠᠷ ᠢᠶᠠᠨ ᠵᠢᠳᠭᠦᠵᠤ᠂ ᠠᠷᠠᠳ ᠤᠨ ᠪᠠᠭᠰᠢ ᠶᠢᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠤ ᠶᠠᠪᠤᠬᠰᠠᠨ ᠰᠤᠷᠭᠠᠨ ᠬᠦᠮᠦᠵᠢᠯ ᠤᠨ ᠵᠢᠳᠭᠦᠯᠳᠡᠨ ᠪᠤᠯᠤᠨ᠎ᠠ᠃      ᠤᠯᠤᠰ ᠬᠦᠷᠦᠨ ᠦᠢ ᠲᠦᠮᠡᠨ ᠭᠡᠷ ᠪᠦᠯᠢ ᠪᠠᠷ ᠪᠦᠷᠢᠯᠳᠦᠵᠤ᠂ ᠦᠨᠳᠦᠰᠦᠳᠡᠨ ᠤᠬᠰᠠᠭᠠᠳᠠᠨ ᠤ ᠡᠶ᠎ᠡ ᠵᠤᠬᠢᠴᠠᠯ ᠬᠦᠭᠵᠢᠯ ᠮᠠᠨᠳᠤᠯ ᠨᠢ ᠭᠡᠷ ᠪᠦᠯᠢ ᠶᠢᠨ ᠬᠦᠮᠦᠵᠢᠯ ᠰᠤᠷᠭᠠᠯ ᠳᠤ ᠰᠠᠭᠤᠷᠢᠯᠠᠳᠠᠭ᠃ ︽ᠠᠷᠠᠳ ᠲᠦᠮᠡᠨ ᠤ ᠲᠦᠯᠦᠭᠡ ᠴᠢᠷᠮᠠᠶᠢᠨ ᠠᠵᠢᠯᠯᠠᠶ᠎ᠠ ᠭᠡᠪᠡᠯ ᠭᠡᠷ ᠲᠤᠳᠤᠷ᠎ᠠ ᠶᠢᠨ ᠠᠵᠢᠯ ᠢᠶᠠᠨ ᠤᠷᠢᠳᠴᠢᠯᠠᠨ ᠰᠠᠶᠢᠨ ᠬᠢᠵᠤ᠂ ᠦᠷᠦᠭᠡᠯ ᠤᠨ ᠬᠡᠤᠬᠡᠳ ᠢ ᠰᠠᠶᠢᠬᠠᠨ ᠬᠦᠮᠦᠵᠢᠭᠦᠯᠦᠶ᠎ᠠ ᠭᠡᠪᠡᠯ ᠤᠷᠢᠳᠠᠪᠠᠷ ᠦᠪᠡᠷ ᠤᠨ ᠭᠡᠷ ᠪᠦᠯᠢ ᠶᠢᠨ ᠬᠦᠮᠦᠵᠢᠯ ᠢ ᠰᠠᠶᠢᠨ ᠬᠢᠬᠦ ᠬᠡᠷᠡᠭᠳᠡᠢ︾ ᠭᠡᠵᠤ ᠪᠠᠶᠠᠰᠬᠤᠯᠠᠩ ᠰᠢᠷᠠᠬᠡᠤᠬᠡᠨ ᠬᠤᠶᠠᠭᠤᠯᠠ ᠶᠠᠷᠢᠨ᠎ᠠ᠃ ᠪᠠᠶᠠᠰᠬᠤᠯᠠᠩ ᠰᠢᠷᠠᠬᠡᠤᠬᠡᠨ ᠭᠤᠷᠪᠠᠨ ᠦᠬᠢᠨ ᠬᠤᠶᠠᠷ ᠬᠦᠦ ᠲᠠᠢ᠃ ᠬᠤᠶᠠᠷ ᠪᠤᠭᠤᠷᠤᠯ ᠮᠠᠨᠢ ᠲᠠᠪᠤᠨ ᠬᠡᠤᠬᠡᠳ ᠢᠶᠠᠨ ᠴᠢᠩᠭ᠎ᠠ ᠰᠤᠷᠭᠠᠬᠤ ᠶᠢ ᠠᠩᠬᠠᠷᠴᠤ᠂ ᠡᠪᠡᠰᠦ ᠤᠷᠭᠤᠮᠠᠯ ᠮᠠᠯ ᠠᠮᠢᠳᠠᠨ ᠪᠠᠶᠢᠭᠠᠯᠢ ᠤᠷᠴᠢᠨ ᠢᠶᠠᠨ ᠬᠠᠮᠠᠭᠠᠯᠠᠬᠤ ᠠᠮᠢ ᠠᠬᠤᠢᠢᠴᠢ ᠦᠵᠡᠯ ᠤᠬᠠᠮᠰᠠᠷ᠂ ᠠᠬᠠᠮᠠᠳ ᠪᠤᠭᠤᠷᠤᠯ ᠢᠶᠠᠨ ᠬᠦᠨᠳᠦᠯᠡᠵᠤ ᠦᠷ᠎ᠡ ᠠᠴᠢ ᠪᠠᠨ ᠬᠠᠶᠢᠷᠠᠯᠠᠬᠤ ᠠᠴᠢᠯᠠᠯ ᠮᠤᠷᠠᠯ᠂ ᠠᠵᠢᠯᠴᠢ ᠪᠤᠷᠤᠬᠵᠢᠭᠤᠨ ᠠᠷᠪᠢᠴᠢ ᠭᠠᠮᠳᠠᠢ ᠶᠠᠪᠤᠬᠤ ᠠᠮᠢᠳᠤᠷᠠᠬᠤ ᠤᠬᠠᠭᠠᠨ᠂ ᠡᠶ᠎ᠡ ᠨᠠᠶᠢᠷᠰᠠᠭ ᠡᠪ ᠪᠦᠯᠬᠦᠮᠳᠡᠯ ᠲᠠᠢ ᠬᠠᠷᠢᠯᠴᠠᠬᠤ ᠨᠡᠶᠢᠳᠡᠴᠢ ᠰᠤᠷᠳᠠᠯ᠂ ᠦᠷᠦᠭᠡᠯ ᠢ ᠲᠤᠰᠠᠯᠠᠵᠤ ᠡᠨᠡᠷᠢᠩᠭᠦᠢ ᠰᠡᠳᠭᠢᠯ ᠢᠶᠠᠷ ᠨᠡᠶᠢᠬᠡᠮ ᠨᠡᠶᠢᠳᠡ ᠳᠤ ᠦᠢᠯᠡᠴᠢᠯᠡᠬᠦ ᠡᠷᠬᠢᠮ ᠲᠡᠭᠡᠳᠦ ᠤᠪᠤᠷ ᠲᠠᠢ ᠬᠦᠮᠦᠨ ᠪᠤᠯᠵᠤ ᠦᠰᠦᠨ ᠪᠦᠢᠵᠢᠬᠤ ᠶᠢᠨ ᠶᠤᠰᠤ ᠤᠴᠢᠷ ᠢᠶᠠᠷ ᠰᠤᠷᠭᠠᠨ ᠬᠦᠮᠦᠵᠢᠭᠦᠯᠦᠭᠰᠡᠨ ᠠᠴᠠ ᠦᠷ᠎ᠡ ᠬᠡᠤᠬᠡᠳ ᠨᠢᠪᠦᠭᠦᠳᠡᠭᠡᠷ ᠢᠶᠠᠨ ᠬᠠᠯᠠᠭᠤᠨ ᠲᠤᠯᠠᠭᠠᠨ ᠭᠡᠷ ᠪᠦᠯᠢ ᠪᠤᠰᠬᠠᠨ᠂ ᠦᠪᠡᠷ ᠦᠪᠡᠷ ᠤᠨ ᠠᠵᠢᠯ ᠦᠢᠯᠡᠰ ᠲᠡᠭᠡᠨ ᠤᠳᠤ ᠰᠤᠳᠤ ᠪᠤᠯᠤᠨ ᠬᠢᠯᠠᠷᠠᠭᠤᠯᠵᠤ ᠶᠠᠪᠤᠵᠠᠭᠠᠨ᠎ᠠ᠃       ᠬᠤᠶᠠᠷ ᠪᠤᠭᠤᠷᠤᠯ ᠤᠨ ᠶᠡᠭᠡ ᠦᠬᠢᠨ ᠬᠦᠷᠭᠡᠨ ᠴᠡᠴᠡᠭ ᠲᠡᠯᠭᠡᠷ ᠬᠤᠶᠠᠭᠤᠯᠠ ᠪᠠᠨ ᠬᠦᠳᠡᠭᠡ ᠨᠤᠳᠤᠭ ᠲᠠᠭᠠᠨ ᠮᠠᠯᠵᠢᠬᠤ ᠰᠤᠶᠤᠯ ᠢᠶᠠᠨ ᠤᠯᠠᠮᠵᠢᠯᠠᠨ ᠲᠡᠭᠡᠳᠦᠯᠡᠵᠤ᠂ ᠮᠠᠯᠴᠢᠨ ᠶᠠᠪᠤᠭ᠎ᠠ ᠨᠠᠮ ᠤᠨ ᠭᠡᠰᠢᠭᠦᠨ ᠪᠠᠶᠢᠵᠤ᠂ ᠴᠡᠴᠡᠭ ᠨᠢ ᠤᠷᠬᠢᠬᠤ ᠭᠠᠴᠠᠭᠠᠨ ᠤ ᠵᠦᠪᠯᠡᠯ ᠤᠨ ᠭᠡᠰᠢᠭᠦᠨ᠂ ᠡᠮᠡᠭᠳᠡᠶᠢᠴᠤᠳ ᠤᠨ ᠬᠤᠯᠪᠤᠭ᠎ᠠ ᠶᠢᠨ ᠲᠡᠳ᠋ ᠲᠡᠷᠢᠭᠦᠯᠡᠭᠴᠢ ᠶᠢᠨ ᠲᠤᠰᠢᠶᠠᠯ ᠡᠭᠦᠷᠭᠡᠯᠡᠵᠤ᠂ ᠭᠠᠴᠠᠭᠠᠨ ᠤ ᠡᠮᠡᠭᠳᠡᠶᠢᠴᠤᠳ ᠤᠨ ᠰᠠᠶᠢᠨ ᠲᠤᠷᠠᠴᠤᠳ ᠤᠨ ᠠᠩᠭᠢ ᠶᠢᠨ ᠭᠡᠰᠢᠭᠦᠨ ᠢᠶᠠᠷ ᠨᠠᠮ ᠤᠨ ᠭᠡᠰᠢᠭᠦᠨ ᠤ ᠵᠢᠱᠢᠶᠡᠴᠢ ᠲᠤᠯᠤᠭᠠᠢᠢᠯᠠᠬᠤ ᠦᠢᠯᠡᠳᠦᠯ ᠢᠶᠠᠨ ᠪᠠᠳᠠᠷᠠᠭᠤᠯᠵᠤ ᠪᠤᠢ ᠃ ᠬᠤᠶᠠᠳᠤᠭᠠᠷ ᠦᠬᠢᠨ ᠨᠠᠷᠠᠨᠬᠤᠸᠠᠷ ᠨᠢ ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠨᠢᠭᠡᠳᠦᠭᠡᠷ ᠬᠡᠤᠬᠡᠳ ᠤᠨ ᠴᠡᠴᠡᠷᠯᠢᠭ ᠲᠤ ᠪᠠᠭᠰᠢᠯᠠᠵᠤ᠂ ᠦᠰᠪᠦᠷᠢ ᠶᠢᠨ ᠬᠡᠤᠬᠡᠳ ᠢ ᠬᠦᠮᠦᠵᠢᠭᠦᠯᠬᠦ ᠳᠤ ᠤᠶᠤᠨ ᠤᠬᠠᠭᠠᠨ ᠢᠶᠠᠨ ᠰᠢᠪᠬᠠᠵᠤ᠂ ᠬᠠᠨᠢ ᠠᠯᠳᠠᠠᠴᠢᠯᠠᠭᠤ ᠨᠢ ᠬᠦᠳᠡᠭᠡ ᠭᠡᠷ ᠨᠤᠳᠤᠭ ᠲᠠᠭᠠᠨ ᠮᠠᠯ ᠮᠠᠯᠵᠢᠵᠤ᠂ ᠡᠳᠡᠨᠡᠶᠢᠬᠢᠨ ᠬᠤᠯᠠ ᠦᠢᠷ᠎ᠠ ᠶᠢᠨ ᠬᠢᠨ ᠤ ᠪᠠᠭ᠋ᠠᠷᠬᠠᠯ ᠢ ᠳᠠᠳᠠᠭᠰᠠᠨ ᠵᠤᠯ ᠵᠢᠷᠭᠠᠯᠳᠤ ᠠᠮᠢᠳᠤᠷᠠᠯ ᠢᠶᠠᠨ ᠡᠳ᠋ᠯᠡᠵᠤ ᠪᠠᠶᠢᠨ᠎ᠠ᠃ ᠶᠡᠭᠡ ᠬᠦᠦ ᠪᠤᠶ᠋ᠬᠠᠦ᠋ᠯᠵᠡᠢ ᠨᠢ ᠵᠢᠷᠠᠳᠠᠢ ᠪᠠᠯᠭᠠᠰᠤᠨ ᠤ ᠬᠤᠩᠭᠤᠷᠠᠦ᠋ᠯᠦᠩ ᠤᠨ ᠡᠷᠡᠭᠦᠯ ᠬᠠᠮᠠᠭᠠᠯᠠᠯ ᠤᠨ ᠦᠷᠳᠡᠭᠡᠨ ᠳᠤ 17 ᠵᠢᠯ ᠠᠵᠢᠯᠯᠠᠵᠤ᠂ ᠦᠨᠳᠦᠰᠦᠨ ᠱᠠᠳᠤᠨ ᠤ ᠮᠠᠯᠴᠢᠨ ᠲᠦᠮᠡᠨ ᠤ ᠡᠷᠡᠭᠦᠯ ᠮᠡᠨᠳᠦ ᠶᠢᠨ ᠲᠦᠯᠦᠭᠡ ᠭᠤᠶᠠᠴᠢ ᠦᠭᠡᠢ ᠵᠢᠳᠭᠦᠠ᠂ ᠬᠠᠨᠢ ᠬᠠᠰᠴᠡᠴᠡᠭ ᠨᠢ ᠠᠷᠤ ᠭᠡᠷ ᠤᠨ ᠠᠵᠢᠯ ᠠᠬᠤᠢ ᠪᠠᠨ ᠡᠭᠦᠷᠭᠡᠯᠡᠨ᠂ ᠮᠠᠯᠴᠢᠨ ᠭᠡᠬᠦ ᠰᠠᠶᠢᠬᠠᠨ ᠦᠢᠯᠡᠰ ᠲᠠᠢ ᠶᠠᠪᠤᠨ᠎ᠠ᠃ ᠬᠤᠶᠠᠳᠤᠭᠠᠷ ᠬᠦᠦ ᠲᠦᠮᠬᠠᠦ᠋ᠯᠵᠡᠢ ᠨᠢ 1995 ᠤᠨ ᠳᠤ ᠰᠢᠨᠵᠢᠶᠠᠩ ᠤᠨ ᠦᠢᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ ᠤ ᠺᠠᠱᠭᠠᠷ ᠬᠤᠳᠠ ᠳᠤ ᠴᠡᠷᠢᠭ ᠤᠨ ᠠᠯᠪᠠᠨ ᠳᠤ ᠶᠠᠪᠤᠬᠰᠠᠨ ᠰᠠᠶᠢᠬᠠᠨ ᠦᠩᠭᠡᠷᠡᠯᠳᠡ ᠲᠠᠢ ᠪᠠᠶᠢᠵᠤ᠂ ᠤᠳᠤ ᠠᠯᠠᠱᠠ ᠵᠡᠭᠦᠨ ᠬᠤᠰᠢᠭᠤᠨ ᠤ ᠬᠤᠳᠠ ᠶᠢᠨ ᠲᠦᠭᠡᠭᠡᠯ ᠤᠰᠤᠨ ᠤ ᠺᠤᠮᠫᠠᠨᠢ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ᠂ ᠲᠦᠭᠡᠭᠡᠯ ᠤᠰᠤᠨ ᠬᠤᠭᠤᠯᠠᠢ ᠶᠢ ᠠᠷᠠᠴᠢᠯᠠᠵᠤ ᠬᠠᠮᠠᠭᠠᠯᠠᠬᠤ ᠲᠦᠪ ᠤᠨ ᠡᠷᠬᠢᠯᠡᠭᠴᠢ ᠪᠠᠷ ᠠᠵᠢᠯᠯᠠᠵᠤ᠂ ᠤᠷᠢᠳ ᠬᠤᠵᠢᠳ ᠪᠦᠬᠦ ᠤᠯᠤᠰ ᠤᠨ ᠤᠰᠤᠨ ᠠᠰᠢᠬᠯᠠᠯᠳᠠ ᠶᠢᠨ ᠰᠢᠰᠲ᠋ᠧᠮ ᠤᠨ ᠲᠡᠷᠢᠭᠦᠨ ᠤ ᠠᠵᠢᠯᠳᠠᠨ᠂ ᠪᠦᠬᠦ ᠤᠯᠤᠰ ᠤᠨ ︽5 · 1︾ ᠤ ᠬᠦᠳᠡᠯᠮᠦᠷᠢ ᠶᠢᠨ ᠮᠧᠳᠠᠯ ᠬᠦᠷᠳᠡᠭᠴᠢ ᠂ ᠦᠪᠡᠷᠳᠡᠭᠡᠨ ᠵᠠᠰᠠᠬᠤ ᠤᠷᠤᠨ ᠤ ᠬᠦᠳᠡᠯᠮᠦᠷᠢ ᠶᠢᠨ ᠵᠢᠱᠢᠶᠡᠴᠢ᠂ ᠠᠯᠠᠱᠠ ᠠᠶᠢᠮᠠᠬ ᠤᠨ ᠬᠦᠳᠡᠯᠮᠦᠷᠢ ᠶᠢᠨ ᠵᠢᠱᠢᠶᠡᠴᠢ᠂ ᠠᠯᠠᠱᠠ ᠠᠶᠢᠮᠠᠬ ᠤᠨ ︽5 · 1︾ ᠤ ᠬᠦᠳᠡᠯᠮᠦᠷᠢ ᠶᠢᠨ ᠮᠧᠳᠠᠯ ᠬᠦᠷᠳᠡᠭᠴᠢ᠂ ᠠᠯᠠᠱᠠ ᠵᠡᠭᠦᠨ ᠬᠤᠰᠢᠭᠤᠨ ᠤ ᠬᠦᠳᠡᠯᠮᠦᠷᠢ ᠶᠢᠨ ᠵᠢᠱᠢᠶᠡᠴᠢ ᠵᠡᠷᠭᠡ ᠢᠷᠠᠭᠤ ᠠᠯᠳᠠᠷ ᠢ ᠬᠦᠷᠳᠡᠵᠤ᠂ ᠬᠠᠨᠢ ᠰᠤᠯᠤᠩᠭ᠎ᠠ ᠨᠢ ᠵᠢᠷᠠᠳᠠᠢ ᠪᠠᠯᠭᠠᠰᠤᠨ ᠤ ᠰᠢᠯᠢ ᠭᠤᠤᠯ ᠤᠨ ᠡᠷᠡᠭᠦᠯ ᠬᠠᠮᠠᠭᠠᠯᠠᠯ ᠤᠨ ᠦᠷᠳᠡᠭᠡᠨ ᠳᠤ ᠠᠵᠢᠯᠯᠠᠵᠤ᠂ ᠬᠠᠨᠢ ᠨᠦᠭᠦᠷ ᠬᠤᠶᠠᠭᠤᠯᠠ ᠪᠠᠨ ᠤᠯᠠᠨ ᠲᠦᠮᠡᠨ ᠤ ᠲᠦᠯᠦᠭᠡ ᠵᠢᠳᠭᠦᠵᠤ᠂ ᠬᠦᠭᠰᠢᠳ ᠪᠤᠭᠤᠷᠤᠯᠴᠤᠳ ᠢᠶᠠᠨ ᠠᠰᠠᠷᠠᠨ ᠬᠦᠨᠳᠦᠯᠡᠵᠤ᠂ ᠦᠷ᠎ᠡ ᠬᠡᠤᠬᠡᠳ ᠢᠶᠠᠨ ᠬᠠᠶᠢᠷᠠᠯᠠᠨ ᠬᠦᠮᠦᠵᠢᠭᠦᠯᠵᠤ ᠶᠠᠪᠤᠬᠤ ᠲᠠᠯ᠎ᠠ ᠪᠠᠷ ᠪᠤᠰᠤᠳ ᠲᠤ ᠲᠠᠭᠤᠷᠢᠶᠠᠯ ᠪᠤᠯᠳᠠᠬ ᠢᠶᠠᠷ ᠢᠶᠠᠨ ᠠᠯᠠᠱᠠ ᠵᠡᠭᠦᠨ ᠬᠤᠰᠢᠭᠤ᠂ ᠠᠶᠢᠮᠠᠬ᠂ ᠤᠷᠤᠨ ᠵᠡᠷᠭᠡ ᠭᠤᠷᠪᠠᠨ ᠲᠡᠰ ᠤᠨ ᠬᠠᠮᠤᠬ ᠰᠠᠶᠢᠬᠠᠨ ᠭᠡᠷ ᠪᠦᠯᠢ ᠪᠠᠷ ᠦᠨᠡᠯᠡᠭᠳᠡᠵᠤ ᠦᠩᠭᠡᠷᠡᠭᠰᠡᠨ ᠪᠠᠶᠢᠨ᠎ᠠ᠃ ᠭᠤᠷᠪᠠᠳᠤᠭᠠᠷ ᠦᠬᠢᠨ ᠬᠦᠷᠭᠡᠨ ᠰᠤᠯᠤᠩᠭ᠎ᠠ ᠸᠠᠩ ᠪᠤᠶ᠋ᠬᠠᠦ᠋ᠯᠵᠡᠢ ᠨᠢ ᠵᠢᠷᠠᠳᠠᠢ ᠪᠠᠯᠭᠠᠰᠤᠨ ᠤ ᠦᠦᠰᠢᠷᠢᠭ ᠭᠠᠴᠠᠭᠠᠨ ᠤ ᠬᠦᠳᠡᠭᠡ ᠨᠤᠳᠤᠭ ᠲᠠᠭᠠᠨ ᠮᠠᠯ ᠠᠵᠤ ᠠᠬᠤᠢ ᠡᠷᠬᠢᠯᠡᠵᠤ᠂ 2013 ᠤᠨ ᠤ 1 ᠰᠠᠷ᠎ᠠ ᠳᠤ ᠰᠤᠯᠤᠩᠭ᠎ᠠ ᠦᠩᠭᠡ ᠭᠡᠷᠡᠯ ᠲᠠᠢ ᠪᠠᠷ ᠨᠠᠮ ᠳᠤ ᠡᠯᠰᠡᠭᠳᠡᠵᠤ᠂ ᠤᠳᠤ ᠭᠠᠴᠠᠭᠠᠨ ᠤ ᠵᠦᠪᠯᠡᠯ ᠤᠨ ᠭᠡᠰᠢᠭᠦᠨ᠂ ᠡᠮᠡᠭᠳᠡᠶᠢᠴᠤᠳ ᠤᠨ ᠬᠤᠯᠪᠤᠭ᠎ᠠ ᠶᠢᠨ ᠲᠡᠷᠢᠭᠦᠯᠡᠭᠴᠢ ᠶᠢᠨ ᠲᠤᠰᠢᠶᠠᠯ ᠡᠭᠦᠷᠭᠡᠯᠡᠵᠤ᠂ ᠦᠨᠳᠦᠰᠦᠨ ᠱᠠᠳᠤᠨ ᠤ ᠭᠠᠴᠠᠭ᠎ᠠ ᠲᠤᠰᠬᠤᠨ ᠤ ᠡᠮᠡᠭᠳᠡᠶᠢᠴᠤᠳ ᠤᠨ ᠡᠷᠬᠡ ᠡᠭᠦᠷᠭᠡ᠂ ᠠᠰᠢᠬ ᠲᠤᠰᠠ ᠶᠢᠨ ᠲᠦᠯᠦᠭᠡ ︽ᠮᠠᠯᠴᠢᠨ ᠲᠡᠷᠢᠭᠦᠯᠡᠭᠴᠢ︾ ᠪᠠᠷ ᠬᠢᠯᠠᠷᠠᠭᠤᠯᠵᠤ ᠶᠠᠪᠤᠨ᠎ᠠ᠃      ᠡᠯᠢᠭᠡ ᠪᠦᠳᠦᠨ ᠡᠪ ᠪᠦᠯᠬᠦᠮᠳᠡᠯ ᠲᠠᠢ᠂ ᠪᠠᠶᠠᠷ ᠵᠢᠷᠭᠠᠯ ᠪᠢᠯᠬᠠᠬᠰᠠᠨ ᠪᠠᠶᠠᠰᠬᠤᠯᠠᠩ ᠰᠢᠷᠠᠬᠡᠤᠬᠡᠨ ᠨᠢᠭᠡ ᠭᠡᠷ ᠪᠦᠯᠢ ᠶᠢᠨ ᠬᠢᠨ ᠤ ᠠᠬᠤᠢ ᠠᠮᠢᠳᠤᠷᠠᠯ ᠢᠶᠠᠨ ᠴᠤᠬᠴᠠᠯᠠᠵᠤ ᠪᠤᠰᠬᠠᠬᠤ ᠢᠳᠡᠭᠡᠯ ᠵᠤᠷᠢᠬ᠂ ᠠᠵᠢᠯ ᠦᠢᠯᠡᠰ ᠲᠡᠭᠡᠨ ᠦᠨᠡᠨᠴᠢ ᠪᠠᠷ ᠵᠢᠳᠭᠦᠵᠤ ᠠᠮᠵᠢᠯᠳᠠ ᠭᠠᠷᠭᠠᠬᠤ ᠬᠦᠰᠡᠯ ᠮᠦᠷᠦᠭᠡᠳᠦᠯ ᠪᠦᠬᠦᠨ ᠨᠢ ᠨᠠᠮ ᠤᠨ ᠬᠦᠮᠦᠵᠢᠯ ᠠᠴᠠ ᠰᠠᠯᠵᠤ ᠴᠢᠳᠠᠬᠤ ᠦᠭᠡᠢ᠃ ᠲᠡᠳᠡ ᠡᠮᠴᠢ ᠰᠤᠪᠢᠯᠠᠬᠴᠢ᠂ ᠠᠷᠠᠳ ᠤᠨ ᠪᠠᠭᠰᠢ᠂ ᠤᠯᠤᠰ ᠤᠨ ᠠᠯᠪᠠᠳᠠᠨ᠂ ᠭᠠᠴᠠᠭᠠᠨ ᠤ ᠵᠦᠪᠯᠡᠯ ᠤᠨ ᠠᠵᠢᠯᠳᠠᠨ ᠭᠡᠳ ᠠᠳᠠᠯᠢ ᠪᠤᠰᠤ ᠠᠵᠢᠯ ᠤᠨ ᠪᠠᠶᠢᠷᠢᠨ ᠳᠡᠭᠡᠷ᠎ᠠ ᠪᠠᠨ ᠠᠷᠠᠳ ᠲᠦᠮᠡᠨ ᠳᠤ ᠦᠢᠯᠡᠴᠢᠯᠡᠵᠤ ᠂ ᠤᠷᠤᠨ ᠨᠤᠳᠤᠭ ᠤᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠦᠴᠦᠨ ᠴᠢᠳᠠᠯ ᠢᠶᠠᠨ ᠡᠷᠭᠦᠵᠤ᠂ ᠪᠦᠬᠦ ᠠᠶᠢᠮᠠᠭ ᠲᠠᠭᠠᠨ ᠦᠯᠢᠭᠡᠷ ᠲᠠᠭᠤᠷᠢᠶᠠᠯ ᠦᠵᠡᠭᠦᠯᠬᠦ ᠵᠢᠱᠢᠶᠡᠴᠢ ᠭᠡᠷ ᠪᠦᠯᠢ ᠶᠢ ᠪᠦᠳᠦᠭᠡᠨ ᠴᠤᠬᠴᠠᠯᠠᠵᠤ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号