ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠳᠠᠬᠢᠨ ᠳᠠᠪᠲᠠᠨ ᠡᠭᠦᠰᠴᠦ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠨᠡᠮᠡᠭᠳᠡᠵᠦ᠂ | ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠠᠯᠠᠱᠠ ᠪᠠᠷᠠᠭᠤᠨ | ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ | ᠪᠣᠯᠤᠨ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠦ ᠪᠠᠶᠢᠨ᠎ᠠ᠃ | ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠳᠠᠷᠢᠬᠤ ᠴᠡᠭ ᠲᠤ᠂ ᠡᠮᠴᠢ ᠰᠤᠪᠢᠯᠠᠭᠴᠢᠳ ᠸᠠᠺᠼᠢᠨ ᠤ ᠲᠠᠷᠢᠯᠭ᠎ᠠ ᠳᠠᠷᠢᠬᠤ | ᠪᠠᠷ ᠢᠷᠡᠭᠰᠡᠨ ᠰᠠᠭᠤᠭᠠᠯᠢ ᠠᠷᠠᠳ ᠲᠤ ᠲᠠᠷᠢᠯᠭ᠎ᠠ ᠳᠠᠷᠢᠬᠤ ᠳᠤ ᠴᠡᠭᠡᠷᠯᠡᠬᠦ ᠪᠠ ᠠᠩᠬᠠᠷᠬᠤ ᠵᠦᠢᠯᠡᠰ ᠢ | ᠲᠠᠶᠢᠯᠪᠤᠷᠢᠯᠠᠵᠤ᠂ ᠤᠯᠠᠨ ᠢᠶᠠᠷ ᠢᠶᠠᠨ ᠠᠵᠢᠯ ᠤᠨ ᠳᠡᠰ ᠳᠠᠷᠠᠭᠠᠯᠠᠯ ᠶᠣᠰᠣᠭᠠᠷ᠂ ᠡᠷᠡᠭᠦᠯ ᠮᠡᠨᠳᠦ ᠶᠢᠨ ᠺᠣᠳ᠋᠂ | ᠠᠶᠠᠯᠠᠯ ᠤᠨ ᠺᠣᠳ᠋᠂ ᠪᠡᠶ᠎ᠡ ᠶᠢᠨ ᠳᠣᠯᠠᠭᠠᠨ ᠤ ᠬᠡᠮᠵᠢᠯᠲᠡ ᠬᠢᠵᠦ᠂ ᠵᠠᠢ ᠶᠢ ᠪᠠᠳᠣᠯᠠᠨ ᠵᠢᠭᠰᠠᠨ ᠬᠦᠯᠢᠶᠡᠵᠤ᠂ | ᠸᠠᠺᠼᠢᠨ ᠤ ᠲᠠᠷᠢᠯᠭ᠎ᠠ ᠳᠠᠷᠢᠬᠤ ᠠᠵᠢᠯ ᠡᠮᠬᠢ ᠵᠢᠷᠤᠮ ᠲᠠᠢ ᠶᠠᠪᠤᠭᠳᠠᠪᠠ᠃ ᠤᠢᠢᠷ᠎ᠠ ᠶᠢᠨ ᠬᠤᠭᠤᠴᠠᠭᠠᠨ ᠳᠤ | ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ᠂ ᠪᠦᠬᠦ ᠡᠮᠨᠡᠯᠭᠡ ᠶᠢᠨ ᠠᠵᠢᠯᠳᠠᠨ᠂ ᠡᠮᠨᠡᠯᠭᠡ ᠳᠤ ᠰᠠᠭᠤᠭᠰᠠᠨ | ᠡᠪᠡᠳᠴᠢᠲᠡᠨ ᠪᠣᠯᠤᠨ ᠰᠤᠪᠢᠯᠠᠭᠴᠢ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠰᠢᠨ᠎ᠡ ᠲᠢᠲᠢᠮᠯᠢᠭ | ᠸᠢᠷᠦ᠋ᠰ ᠢ ᠳᠠᠷᠣᠬᠤ ᠸᠠᠺᠼᠢᠨ ᠤ ᠲᠠᠷᠢᠯᠭ᠎ᠠ ᠶᠢᠨ ᠠᠵᠢᠯ ᠢ ᠴᠤ ᠡᠮᠬᠢ ᠴᠡᠭᠴᠡ ᠲᠠᠢ ᠥᠷᠨᠢᠭᠦᠯᠪᠡ᠃ | | | | | | | | | | | | ᠣᠶᠢᠷ᠎ᠠ ᠶᠢᠨ ᠡᠳᠦᠷ ᠤᠳ ᠲᠤ᠂ ᠠᠯᠠᠱᠠ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ᠂ ᠵᠠᠬ᠎ᠠ | ᠳᠡᠯᠭᠡᠭᠦᠷ ᠤᠨ ᠬᠢᠨᠠᠠ ᠬᠠᠮᠢᠶᠠᠷᠣᠯᠳᠠ᠂ ᠵᠠᠮ ᠬᠠᠷᠢᠯᠴᠠᠭ᠎ᠠ ᠲᠡᠭᠡᠭᠡᠪᠦᠷᠢ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ | ᠳᠣᠲᠣᠭᠠᠳᠤ ᠶᠢ ᠬᠠᠮᠠᠭᠠᠯᠠᠬᠤ ᠵᠡᠷᠭᠡ ᠡᠭᠦᠷᠭᠡ ᠴᠢᠳᠠᠮᠵᠢᠳᠣ ᠰᠠᠯᠠᠭ᠎ᠠ ᠮᠥᠴᠢᠷ ᠣᠯᠠᠨ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠪᠠᠭᠤᠳᠠᠯ᠂ ᠴᠢᠯᠦᠭᠡᠳᠦ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠢᠳᠡᠭᠡᠨ ᠤᠮᠳᠠᠭᠠᠨ ᠤ ᠭᠠᠵᠠᠷ᠂ | ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠵᠡᠷᠭᠡ ᠬᠥᠮᠦᠰ ᠨᠡᠯᠢᠶᠡᠳ ᠨᠢᠭᠲᠠ᠂ ᠵᠣᠷᠴᠢᠯᠳᠠ | ᠪᠠᠷ ᠨᠡᠯᠢᠶᠡᠳ ᠶᠡᠭᠡ ᠲᠠᠯᠠᠪᠤᠷ ᠲᠤ ᠳᠠᠬᠢᠨ ᠳᠠᠪᠲᠠᠨ ᠪᠠᠶᠢᠴᠠᠭᠠᠯᠲᠠ ᠬᠢᠪᠠ᠃ | | | | | | | | | | ᠡᠯ᠎ᠡ ᠰᠤᠮᠤ ᠪᠠᠯᠭᠠᠰᠤ ᠪᠣᠯᠤᠨ ᠭᠠᠴᠠᠭ᠎ᠠ ᠨᠡᠶᠢᠭᠡᠮ ᠲᠣᠭᠤᠷᠢᠭ ᠬᠤᠪᠢᠶᠠᠨ ᠬᠠᠮᠢᠶᠠᠷᠣᠭᠤᠯᠬᠤ | ᠬᠠᠮᠢᠶᠠᠷᠤᠯᠲᠠ ᠶᠢᠨ ᠳᠣᠭᠳᠠᠯᠴᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠷᠣᠵᠤ ᠭᠠᠷᠬᠤ ᠬᠥᠮᠦᠰ ᠤᠨ ᠮᠡᠳᠡᠭᠡ | ᠵᠠᠩᠭᠢ ᠶᠢ ᠳᠡᠩᠰᠡᠯᠡᠨ ᠲᠡᠮᠳᠡᠭᠯᠡᠬᠦ᠂ ᠬᠢᠵᠢᠭ ᠢ ᠰᠡᠷᠭᠡᠶᠢᠯᠡᠨ ᠬᠤᠪᠢ ᠪᠡᠶ᠎ᠡ ᠪᠠᠨ ᠬᠠᠮᠠᠭᠠᠯᠠᠬᠤ ᠮᠡᠳᠡᠯᠭᠡ ᠶᠢᠨ | ᠤᠬᠠᠭᠤᠯᠭ᠎ᠠ ᠵᠡᠷᠭᠡ ᠠᠵᠢᠯ ᠢ ᠢᠳᠡᠪᠬᠢᠲᠡᠶ ᠥᠷᠨᠢᠭᠦᠯᠵᠦ᠂ ᠰᠠᠭᠤᠭᠠᠯᠢ ᠠᠷᠠᠳ ᠭᠠᠳᠠᠭᠰᠢ ᠭᠠᠷᠬᠤ ᠥᠬᠡᠶ᠂ | ᠴᠤᠭᠯᠠᠷᠠᠬᠤ ᠥᠬᠡᠶ ᠪᠠᠶᠢᠬᠤ ᠶᠢ ᠰᠠᠨᠠᠭᠤᠯᠵᠤ᠂ ᠰᠢᠨ᠎ᠡ ᠲᠢᠲᠢᠮᠯᠢᠭ ᠸᠢᠷᠦ᠋ᠰ ᠢ ᠳᠠᠷᠣᠬᠤ ᠸᠠᠺᠼᠢᠨ ᠢ | ᠰᠠᠨᠠᠭᠠᠴᠢᠯᠠᠭ᠎ᠠ ᠠᠴᠠ ᠪᠠᠨ ᠳᠠᠷᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ | ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ | ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠳᠦᠯᠦᠪᠰᠢᠯ ᠢ ᠪᠦᠷᠢᠯᠳᠦᠭᠦᠯᠵᠦ᠂ ᠥᠷᠭᠡᠨ | ᠣᠯᠠᠨ ᠲᠦᠮᠡᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠤᠯᠠᠮ ᠨᠢᠭᠡ ᠠᠯᠬᠤᠮ ᠴᠢᠩᠭᠠᠷᠠᠪᠠ᠃ | | | | | | | | | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠ᠂ ᠠᠯᠠᠱᠠ ᠪᠠᠷᠠᠭᠤᠨ ᠬᠤᠰᠢᠭᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠡᠶᠡᠴᠢᠯᠡᠨ ᠪᠠᠶᠢᠷᠢᠯᠠᠭᠤᠯᠵᠦ᠂ ᠪᠦᠬᠦ | ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠦᠳᠲᠡᠷ ᠲᠦᠷᠭᠡᠨ ᠠᠵᠢᠯᠯᠠᠭ᠎ᠠ | ᠠᠪᠴᠦ᠂ ᠳᠡᠭᠡᠷ᠎ᠡ ᠳᠣᠣᠷ᠎ᠠ ᠱᠠᠳᠣ ᠬᠤᠯᠪᠣᠭᠠᠯᠠᠨ ᠬᠥᠳᠡᠯᠦᠯᠴᠡᠬᠦ᠂ ᠣᠯᠠᠨ ᠨᠡᠶᠢᠲᠡ ᠶᠢᠨ ᠲᠠᠯᠠᠪᠤᠷ ᠲᠤ ᠣᠷᠣᠵᠤ | ᠭᠠᠷᠬᠤ ᠬᠦᠮᠦᠰ ᠤᠨ ᠪᠡᠶ᠎ᠡ ᠶᠢᠨ ᠳᠤᠯᠠᠭᠠᠨ ᠢ ᠬᠡᠮᠵᠢᠬᠦ᠂ ᠶᠠᠪᠤᠭᠤᠯ ᠬᠥᠮᠦᠰ ᠤᠨ ᠠᠶᠠᠯᠠᠯ ᠤᠨ ᠺᠣᠳ᠋ ᠢ ᠬᠢᠨᠠᠨ | ᠰᠢᠯᠭᠠᠵᠤ ᠳᠠᠩᠰᠠᠯᠠᠬᠤ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠭᠤᠷᠪᠠᠨ ᠳᠡᠰ ᠤᠨ ᠲᠣᠣᠷᠵᠢᠯ ᠤᠨ ᠬᠤᠪᠢᠶᠠᠨ ᠳᠠᠭᠠᠭᠠᠴᠢᠯᠠᠬᠤ ᠳᠣᠭᠳᠠᠯᠴᠠᠭ᠎ᠠ ᠬᠦᠷᠳᠡᠯ᠎ᠡ᠂ | ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠨ ᠡᠵᠡᠮᠳᠡᠬᠦ ᠠᠴᠠ ᠠᠪᠤᠭᠠᠳ ᠬᠠᠯᠠᠭᠤᠷᠠᠯ ᠤᠨ ᠡᠭᠦᠳᠡᠨ ᠡᠮᠨᠡᠯᠭᠡ ᠶᠢᠨ | ᠠᠵᠢᠯ ᠤᠨ ᠶᠠᠪᠤᠴᠠ ᠪᠣᠯᠤᠨ ᠰᠢᠨ᠎ᠡ ᠲᠢᠲᠢᠮᠯᠢᠭ ᠸᠢᠷᠦ᠋ᠰ ᠢ ᠳᠠᠷᠣᠬᠤ ᠸᠠᠺᠼᠢᠨ ᠤ ᠲᠠᠷᠢᠯᠭ᠎ᠠ ᠬᠦᠷᠲᠡᠯ᠎ᠡ᠂ | ᠰᠡᠷᠭᠡᠶᠢᠯᠡᠨ ᠡᠵᠡᠮᠳᠡᠬᠦ ᠶᠠᠪᠤᠴᠠ ᠶᠢ ᠲᠠᠰᠤᠷᠠᠯᠲᠠ ᠦᠭᠡᠢ ᠨᠠᠷᠢᠯᠢᠭᠵᠢᠭᠤᠯᠣᠨ᠂ ᠪᠠᠶᠢᠩᠭᠤᠵᠢᠭᠰᠠᠨ ᠰᠡᠷᠭᠡᠶᠢᠯᠡᠨ | ᠡᠵᠡᠮᠳᠡᠬᠦ ᠲᠣᠭᠲᠠᠴᠠ ᠶᠢ ᠳᠡᠬᠦᠯᠳᠡᠷᠵᠢᠬᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠪᠣᠳᠠᠲᠠᠶ ᠨᠠᠶᠢᠳᠠᠪᠤᠷᠢᠵᠢᠭᠤᠯᠬᠤ ᠶᠢ ᠪᠠᠳᠣᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ | ᠱᠤᠭᠤᠮ ᠪᠦᠬᠦᠨ ᠢ ᠰᠠᠶᠢᠲᠤᠷ ᠡᠵᠡᠮᠳᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ | ᠬᠠᠯᠬᠠᠪᠴᠢ︾ ᠶᠢ ᠪᠠᠳᠣ ᠴᠣᠭᠴᠠᠯᠠᠵᠦ ᠪᠠᠶᠢᠨ᠎ᠠ᠃ | | | | | | | | | | | | |