︽ᠳ᠋ᠧᠯᠲ᠋ᠠ︾ ᠶᠢᠨ ᠲᠤᠬᠠᠢ ᠡᠷᠬᠡ ᠰᠦᠷᠲᠦ ᠬᠠᠷᠢᠭᠤᠯᠲᠠ
ᠨᠡᠶᠢᠲᠡᠯᠡᠭᠰᠡᠨ ᠴᠠᠭ᠄
2021/8/10
    ᠳ᠋ᠧᠯᠲ᠋ᠠ ᠣᠨᠳᠣᠣᠰᠢᠭᠰᠠᠨ ᠸᠢᠷᠦ᠋ᠰ ᠪᠣᠯ ᠣᠳᠣᠬᠠᠨ ᠳᠤ  ᠪᠦᠬᠦ  ᠪᠥᠮᠪᠥᠷᠴᠡᠭ ᠤᠨ  ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠡᠯᠭᠡᠷᠡᠭᠰᠡᠨ ᠭᠤᠣᠯ ᠬᠤᠣᠷᠲᠤ  ᠪᠣᠳᠠᠰ  ᠪᠣᠯᠤᠨ᠎ᠠ᠃  ᠳ᠋ᠧᠯᠲ᠋ᠠ ᠶᠢᠨ  ᠣᠨᠳᠣᠣᠰᠢᠯ ᠤᠨ ᠣᠨᠴᠠᠯᠢᠭ᠂ ᠤᠳᠤ ᠶᠢᠨ ᠰᠡᠷᠭᠡᠶᠢᠯᠡᠨ ᠡᠵᠡᠮᠳᠡᠬᠦ  ᠠᠷᠭ᠎ᠠ  ᠬᠡᠮᠵᠢᠶ᠎ᠡ  ᠪᠦᠲᠦᠮᠵᠢᠲᠡᠢ  ᠪᠠᠶᠢᠬᠤ ᠡᠰᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ 8 ᠰᠠᠷ᠎ᠠ ᠶᠢᠨ 5 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ  ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠡᠷᠬᠡ ᠰᠦᠷᠲᠦ ᠬᠠᠷᠢᠭᠤᠯᠲᠠ  ᠥᠭᠪᠡ᠃  ᠳ᠋ᠧᠯᠲ᠋ᠠ ᠶᠢᠨ ᠣᠨᠳᠣᠣᠰᠢᠭᠰᠠᠨ ᠸᠢᠷᠦ᠋ᠰ ᠢ 2020 ᠣᠨ ᠤ 9 ᠰᠠᠷ᠎ᠠ ᠳᠤ ᠡᠨᠡᠳᠬᠡᠭ ᠲᠤ  ᠮᠡᠳᠡᠭᠦᠯᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠠᠴᠠ ᠬᠠᠮᠤᠭ ᠤᠨ ᠠᠩᠬ᠎ᠠ ᠢᠯᠡᠷᠡᠭᠦᠯᠵᠡᠢ᠃ ᠣᠳᠣᠬᠠᠨ ᠳᠤ ᠨᠢᠭᠡᠨᠲᠡ 130  ᠭᠠᠷᠤᠶ ᠤᠯᠤᠰ ᠪᠠ ᠭᠠᠵᠠᠷ ᠣᠷᠣᠨ ᠳᠤ ᠲᠠᠷᠬᠠᠵᠤ᠂  ᠪᠥᠬᠦ  ᠳᠡᠯᠡᠬᠡᠶ ᠶᠢᠨ ᠰᠢᠨ᠎ᠡ ᠲᠢᠲᠢᠮᠯᠢᠭ  ᠠᠭᠤᠰᠬᠢᠨ  ᠦᠷᠪᠢᠰᠦᠯ  ᠶᠡᠭᠡ ᠪᠠᠷ ᠲᠠᠷᠬᠠᠭᠰᠠᠨ ᠭᠤᠤᠯ ᠸᠢᠷᠦ᠋ᠰ ᠪᠣᠯᠵᠣ᠂ ᠲᠣᠰ ᠸᠢᠷᠦ᠋ᠰ ᠨᠢ ᠲᠠᠷᠬᠠᠬᠤ ᠬᠤᠷᠳᠤᠴᠠ ᠲᠦᠷᠭᠡᠨ᠂ ᠪᠡᠶ᠎ᠡ  ᠳᠣᠲᠣᠷ᠎ᠠ  ᠦᠷᠡᠵᠢᠬᠦ ᠨᠢ ᠲᠦᠷᠭᠡᠨ ᠵᠡᠷᠭᠡ ᠣᠨᠴᠠᠯᠢᠭ ᠲᠠᠢ ᠶᠤᠮ᠃     ᠤᠯᠤᠰ ᠤᠨ ᠳᠣᠲᠣᠭᠠᠳᠤ ᠭᠠᠳᠠᠭᠠᠳᠤ ᠶᠢᠨ  ᠬᠤᠯᠪᠣᠭᠳᠠᠯ  ᠪᠦᠬᠦᠢ  ᠰᠢᠨᠵᠢᠯᠡᠬᠦ  ᠤᠬᠠᠭᠠᠨ ᠤ  ᠰᠤᠳᠤᠯᠭᠠᠨ  ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ  ᠦᠢᠯᠡᠳᠦᠯᠭᠡ ᠶᠢᠨ  ᠭᠡᠷᠡᠴᠢᠯᠡᠭᠰᠡᠨ ᠢᠶᠠᠷ᠂ ᠳ᠋ᠧᠯᠲ᠋ᠠ ᠶᠢᠨ  ᠣᠨᠳᠣᠣᠰᠢᠭᠰᠠᠨ ᠸᠢᠷᠦ᠋ᠰ ᠨᠢ ᠰᠢᠨ᠎ᠡ ᠲᠢᠲᠢᠮᠯᠢᠭ ᠸᠢᠷᠦ᠋ᠰ ᠤᠨ ᠠᠮᠢᠳᠤ  ᠪᠣᠳᠠᠰ ᠤᠨ ᠤᠬᠠᠭᠠᠨ ᠤ  ᠣᠨᠴᠠᠭᠠᠢ  ᠴᠢᠨᠠᠷ ᠲᠤ  ᠨᠤᠷᠠᠭᠠᠯᠲᠠ ᠶᠢᠨ ᠴᠢᠨᠠᠷᠲᠠᠢ  ᠬᠤᠪᠢᠷᠠᠯᠲᠠ  ᠭᠠᠷᠭᠠᠭᠰᠠᠨ  ᠦᠭᠡᠢ᠂  ᠬᠠᠯᠳᠠᠪᠤᠷᠢᠯᠠᠬᠤ ᠡᠬᠢ ᠰᠤᠷᠪᠤᠯᠵᠢ᠂  ᠬᠠᠯᠳᠠᠪᠤᠷᠢᠯᠠᠬᠤ  ᠠᠷᠭ᠎ᠠ  ᠵᠠᠮ ᠨᠢ ᠦᠨᠳᠦᠰᠦᠨ ᠳᠡᠭᠡᠨ ᠲᠣᠳᠣᠷᠬᠠᠢ᠂ ᠤᠳᠤ ᠶᠢᠨ ᠬᠡᠷᠡᠭᠵᠢᠬᠦᠯᠵᠤ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠴᠦ ᠳ᠋ᠧᠯᠲ᠋ᠠ ᠶᠢᠨ ᠣᠨᠳᠣᠣᠰᠢᠭᠰᠠᠨ ᠸᠢᠷᠦ᠋ᠰ ᠢ ᠪᠦᠲᠦᠮᠵᠢᠳᠠᠢ ᠰᠡᠷᠭᠡᠶᠢᠯᠡᠵᠤ ᠴᠢᠳᠠᠨ᠎ᠠ᠃ ᠣᠲᠣ ᠶᠢᠨ ᠸᠠᠺᠼᠢᠨ ᠨᠢ ᠮᠥᠨ‌ᠤᠷᠢᠳᠴᠢᠯᠠᠨ ᠰᠡᠷᠭᠡᠶᠢᠯᠡᠬᠦ ᠪᠠ ᠬᠠᠮᠠᠭᠠᠯᠠᠬᠤ ᠦᠢᠯᠡᠳᠦᠯ ᠲᠠᠢ ᠪᠠᠶᠢᠵᠤ᠂ ᠸᠢᠷᠦ᠋ᠰ ᠤᠨ ᠬᠥᠮᠦᠰ ᠤᠨ ᠳᠤᠮᠳᠠ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠵᠤ᠂  ᠬᠠᠯᠳᠠᠪᠤᠷᠢᠯᠠᠭᠳᠠᠭᠰᠠᠳ ᠤᠨ  ᠬᠠᠯᠳᠠᠪᠤᠷᠢᠯᠠᠬᠤ  ᠬᠦᠴᠦᠨ ᠢ  ᠪᠠᠭᠠᠰᠬᠠᠵᠤ᠂ ᠬᠠᠯᠳᠠᠪᠤᠷᠢᠯᠠᠭᠰᠠᠨ ᠤ ᠳᠠᠷᠠᠭᠠᠬᠢ  ᠬᠦᠨᠳᠦ  ᠡᠪᠡᠳᠴᠢᠨ ᠤ  ᠡᠭᠦᠰᠬᠦ  ᠨᠣᠷᠮ᠎ᠠ ᠪᠠ ᠡᠪᠡᠳᠴᠢᠨ ᠢᠶᠠᠷ ᠥᠭᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠲᠦᠷᠦᠭᠦᠦ ᠨᠢᠭᠡ ᠬᠤᠭᠤᠴᠠᠭᠠᠨ ᠳᠤ ᠮᠠᠨ ᠤ ᠤᠯᠤᠰ ᠤᠨ ᠬᠥᠮᠦᠨ ᠠᠮᠠ ᠤᠯᠠᠨ᠂ ᠨᠡᠭᠦᠳᠡᠯ ᠤᠨ ᠴᠢᠨᠠᠷ ᠢᠶᠠᠷ ᠴᠢᠩᠭ᠎ᠠ  ᠭᠤᠸᠠᠩᠳᠦ᠋ᠩ ᠮᠤᠵᠢ ᠶᠢᠨ ᠬᠡᠳᠦᠨ ᠲᠤᠰᠬᠠᠶ ᠣᠷᠣᠨ ᠬᠤᠲᠠ ᠳᠠᠬᠢ  ᠳ᠋ᠧᠯᠲ᠋ᠠ ᠶᠢᠨ ᠤᠨᠳᠤᠤᠰᠢᠭᠰᠠᠨ  ᠸᠢᠷᠦ᠋ᠰ ᠤᠨ  ᠲᠤᠰ  ᠭᠠᠵᠠᠷ  ᠤᠷᠤᠨ ᠤ  ᠴᠢᠨᠠᠷᠲᠠᠢ  ᠬᠢᠵᠢᠭ ᠤᠨ  ᠲᠠᠷᠬᠠᠯᠲᠠ ᠶᠢ  ᠠᠩᠬ᠎ᠠ  ᠤᠳᠠᠭ᠎ᠠ ᠠᠮᠵᠢᠯᠲᠠ ᠲᠠᠢ ᠬᠤᠷᠢᠭᠯᠠᠵᠤ᠂ ᠸᠠᠺᠼᠢᠨ ᠳᠠᠷᠢᠬᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂  ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ᠂ ᠬᠥᠮᠦᠨ ᠣᠯᠠᠨ ᠴᠤᠭᠯᠠᠷᠠᠬᠤ ᠠᠴᠠ ᠵᠠᠶᠢᠯᠠᠰᠬᠢᠬᠦ  ᠵᠡᠷᠭᠡ  ᠠᠷᠭ᠎ᠠ  ᠬᠡᠮᠵᠢᠶ᠎ᠡ  ᠪᠣᠯ  ᠮᠥᠨ ᠪᠦᠲᠦᠮᠵᠢᠲᠡᠶ ᠭᠡᠳᠡᠭ ᠢ ᠭᠡᠷᠡᠴᠢᠯᠡᠪᠡ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号