ᠬᠢᠵᠢᠭ ᠲᠠᠢ ᠲᠡᠮᠡᠴᠡᠬᠦ ᠳᠤ ᠬᠠᠷᠠᠵᠦ ᠰᠠᠭᠤᠭᠠᠤᠨ ᠪᠤᠯᠬᠤ ᠦᠭᠡᠢ
ᠨᠡᠶᠢᠲᠡᠯᠡᠭᠰᠡᠨ ᠴᠠᠭ᠄
2021/8/11
    ᠤᠢᠢᠷ᠎ᠠ ᠶᠢᠨ ᠬᠤᠭᠤᠴᠠᠭᠠᠨ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠠᠴᠠ ᠪᠣᠯᠤᠭᠰᠠᠨ ᠬᠢᠵᠢᠭ ᠤᠨ ᠪᠠᠶᠢᠳᠠᠯ ᠮᠠᠨ ᠤ ᠤᠯᠤᠰ ᠤᠨ ᠤᠯᠠᠨ ᠮᠤᠵᠢ ᠶᠢ ᠨᠥᠯᠥᠭᠡᠯᠡᠵᠦ᠂ ᠮᠠᠨ ᠤ ᠣᠷᠣᠨ ᠤ ᠣᠨᠴᠠ ᠵᠠᠷᠢᠮ ᠭᠠᠵᠠᠷ ᠣᠷᠣᠨ ᠴᠤ ᠠᠳᠠᠯᠢ ᠪᠤᠰᠤ ᠬᠡᠮᠵᠢᠶ᠎ᠡ ᠪᠠᠷ ᠨᠥᠯᠥᠭᠡᠯᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠃ ᠡᠯ᠎ᠡ ᠭᠠᠵᠠᠷ ᠤᠨ ᠣᠯᠠᠨ ᠲᠦᠮᠡᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠬᠢᠨᠠᠮᠠᠭᠠᠶ ᠰᠠᠶᠢᠲᠤᠷ ᠬᠢᠵᠦ᠂ ᠸᠠᠺᠼᠢᠨ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠳᠠᠷᠢᠬᠤ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠤᠬᠠᠮᠰᠠᠷ ᠢᠶᠠᠨ ᠴᠢᠩᠭᠠᠳᠬᠠᠵᠤ᠂ ᠲᠤᠰᠠᠭᠠᠷᠯᠠᠬᠤ ᠶᠢ ᠳᠡᠮᠵᠢᠨ ᠬᠠᠮᠵᠢᠯᠴᠠᠬᠤ ᠬᠡᠷᠡᠭᠲᠡᠢ︔ ᠭᠠᠳᠠᠨ᠎ᠠ ᠣᠷᠣᠨ ᠳᠤ ᠪᠠᠶᠢᠭ᠎ᠠ ᠮᠠᠨ ᠤ ᠣᠷᠣᠨ ᠤ ᠰᠤᠷᠭᠠᠭᠤᠯᠢ ᠶᠢᠨ ᠪᠠᠭᠰᠢ ᠰᠤᠷᠤᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠷᠢᠶᠠᠯᠠᠭ᠎ᠠ ᠶᠢ ᠴᠤᠤᠷᠢᠶᠠᠳᠤᠨ ᠳᠠᠭᠠᠵᠤ᠂ ᠤᠷᠢᠳᠴᠢᠯᠠᠨ ᠨᠤᠲᠤᠭ ᠲᠠᠭᠠᠨ ᠪᠤᠴᠠᠵᠤ ᠬᠡᠷ ᠲᠡᠭᠡᠨ ᠰᠠᠭᠤᠵᠤ ᠠᠵᠢᠠᠠᠯᠠᠯᠳᠠ ᠬᠢᠬᠦ ᠬᠡᠷᠡᠭᠲᠡᠶ︔ ᠵᠠᠷᠢᠮ ᠬᠥᠮᠦᠰ ᠰᠠᠨᠠᠭᠠᠴᠢᠯᠠᠭ᠎ᠠ ᠠᠴᠠ ᠪᠠᠨ ᠵᠢᠭᠤᠯᠴᠢᠯᠠᠯ ᠤᠨ ᠲᠥᠯᠥᠪᠯᠡᠭᠡ ᠪᠠᠨ ᠬᠦᠴᠦᠨ ᠦᠭᠡᠢ ᠪᠣᠯᠭᠠᠵᠤ᠂ ᠠᠷᠭ᠎ᠠ ᠲᠠᠢ ᠯᠡ ᠪᠤᠯ ᠭᠠᠳᠠᠭᠰᠢ ᠭᠠᠷᠬᠤ ᠦᠭᠡᠢ ᠪᠠᠶᠢᠬᠤ ᠶᠢ ᠪᠠᠷᠢᠮᠲᠠᠯᠠᠵᠤ᠂ ᠬᠥᠮᠦᠨ ᠤᠯᠠᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠢ ᠁ ᠤᠢᠢᠷ᠎ᠠ ᠶᠢᠨ ᠡᠳᠦᠷ ᠤᠳ ᠲᠤ᠂ ᠪᠦᠬᠦ ᠣᠷᠣᠨ ᠤ ᠡᠯ᠎ᠡ ᠭᠠᠵᠠᠷ ᠤᠨ ᠤᠯᠠᠨ ᠲᠦᠮᠡᠨ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠲᠤᠬᠠᠢ ᠶᠢᠨ ᠭᠠᠵᠠᠷ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠠᠷᠦ᠋ᠢᠬᠠᠨ ᠬᠥᠳᠡᠯᠦᠯᠴᠡᠵᠦ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠥᠷᠢᠯᠡᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠢᠩᠭ᠎ᠠ ᠰᠡᠷᠭᠡᠶᠢᠯᠡᠨ ᠰᠠᠬᠢᠵᠤ᠂ ᠬᠢᠵᠢᠭ ᠲᠠᠢ ᠲᠡᠮᠡᠴᠡᠬᠦ ᠨᠢᠭᠲᠠ ᠴᠢᠩᠭ᠎ᠠ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠭᠰᠡᠨ ᠪᠠᠶᠢᠨ᠎ᠠ᠃     ᠬᠢᠵᠢᠭ ᠤᠨ ᠪᠠᠶᠢᠳᠠᠯ ᠪᠣᠯ ᠰᠡᠷᠡᠮᠵᠢ ᠶᠢᠨ ᠬᠤᠩᠬᠤ᠂ ᠬᠢᠵᠢᠭ ᠤᠨ ᠪᠠᠶᠢᠳᠠᠯ ᠪᠣᠯ ᠵᠠᠷᠯᠢᠭ ᠮᠥᠨ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠨᠢ ᠪᠢᠳᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡ ᠮᠥᠴᠡ ᠴᠦ ᠰᠤᠯᠠᠷᠠᠭᠤᠯᠵᠤ ᠪᠣᠯᠬᠤ ᠥᠬᠡᠶ ᠭᠡᠳᠡᠭ ᠢ ᠰᠡᠷᠡᠮᠵᠢᠯᠡᠭᠦᠯᠵᠦ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠨᠢᠭᠡ ᠤᠳᠠᠭ᠎ᠠ ᠶᠢᠨ ᠪᠦᠬᠦ ᠠᠷᠠᠳ ᠤᠨ ᠳᠠᠶᠢᠯᠠᠯᠳᠤᠭᠠᠨ ᠮᠥᠨ᠂ ︽ᠬᠢᠵᠢᠭ︾ ᠲᠠᠢ ᠲᠡᠮᠡᠴᠡᠬᠦ ᠳᠤ ᠬᠠᠵᠠᠭᠤ ᠠᠴᠠ ᠨᠢ ᠬᠠᠷᠠᠵᠦ ᠰᠠᠭᠤᠵᠦ ᠪᠤᠯᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠯᠬᠢᠶ᠎ᠡ ᠳᠡᠭᠡᠷ᠎ᠡ ᠬᠥᠮᠦᠨ ᠪᠦᠬᠦᠨ ᠴᠥᠮ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠬᠢᠵᠢᠭ ᠤᠨ ᠡᠮᠦᠨ᠎ᠡ᠂ ᠪᠢᠳᠡ ᠬᠥᠮᠦᠨ ᠪᠣᠯᠭᠠᠨ ᠭᠠᠳᠠᠨᠠᠬᠢ ᠬᠥᠮᠦᠨ ᠪᠣᠯᠵᠤ ᠪᠣᠯᠬᠤ ᠦᠭᠡᠢ᠂ ᠭᠠᠭᠴᠠ ᠬᠦ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠪᠡᠯ ᠰᠠᠶ᠋ᠢ ᠪᠡᠷᠬᠡ ᠴᠠᠭ ᠢ ᠬᠠᠮᠲᠤ ᠪᠠᠷ ᠲᠤᠭᠤᠯᠵᠤ ᠴᠢᠳᠠᠨ᠎ᠠ᠃ ᠬᠢᠵᠢᠭ ᠤᠨ ᠪᠠᠶᠢᠳᠠᠯ ᠪᠢᠳᠡᠨ ᠳᠤ ᠥᠴᠦᠬᠡᠨ ᠲᠡᠳᠦᠢ ᠴᠦ ᠬᠠᠰᠢ ᠶᠠᠰᠢ ᠪᠠᠷ ᠬᠠᠨᠲᠤᠬᠤ ᠰᠢᠯᠲᠠᠭ ᠥᠭᠬᠦ ᠦᠭᠡᠢ ᠶᠤᠮ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠢᠶᠠᠷ ᠪᠠᠷᠠᠬᠤ ᠦᠭᠡᠢ ᠪᠠᠰᠠ ᠮᠠᠨ ᠤ ᠬᠥᠮᠦᠨ ᠨᠢᠭᠡᠪᠦᠷᠢ ᠴᠥᠮ ᠠᠷᠪᠠᠨ ᠬᠤᠶᠠᠷ ᠬᠤᠪᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠸᠠᠺᠼᠢᠨ ᠢ ᠶᠡᠭᠡ ᠬᠡᠪᠴᠢᠶ᠎ᠡ ᠪᠠᠷ ᠳᠠᠷᠢᠬᠤ ᠪᠣᠯ ᠣᠳᠣᠬᠠᠨ ᠤ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ᠂ ᠬᠠᠮᠤᠭ ᠤᠨ ᠳᠥᠭᠦᠮ ᠳᠥᠲᠡ ᠰᠡᠷᠭᠡᠶᠢᠯᠡᠨ ᠬᠤᠷᠢᠠᠠᠯᠠᠬᠤ ᠠᠷᠭ᠎ᠠ ᠪᠠᠷᠢᠯ ᠮᠥᠨ᠂ ᠭᠠᠭᠴᠠ ᠬᠦ ᠤᠯᠠᠠ ᠬᠥᠮᠦᠰ ᠤᠨ ᠡᠭᠡᠯᠢᠯᠡᠭᠡ ᠶᠢᠨ ᠬᠠᠯᠬᠠᠪᠴᠢ ᠶᠢ ᠲᠦᠷᠭᠡᠨ ᠪᠠᠶᠢᠭᠤᠯᠪᠠᠯ ᠰᠠᠶ᠋ᠢ ᠪᠢᠳᠡᠨ ᠤ ᠬᠢᠵᠢᠭ ᠢ ᠰᠡᠷᠭᠡᠶᠢᠯᠡᠨ ᠬᠤᠷᠢᠠᠠᠯᠠᠬᠤ ᠠᠵᠢᠯ ᠢ ᠨᠠᠩ ᠯᠠᠪᠳᠠᠭᠤᠨ ᠲᠣᠭᠲᠠᠭᠤᠨ ᠢᠶᠠᠷ ᠪᠠᠶᠢᠩᠭᠤᠵᠢᠭᠤᠯᠵᠤ ᠴᠢᠳᠠᠨ᠎ᠠ ᠭᠡᠳᠡᠭ ᠢ ᠪᠣᠳᠠᠲᠤ ᠶᠠᠪᠤᠳᠠᠯ ᠭᠡᠷᠡᠴᠢᠯᠡᠪᠡ᠃ ᠡᠶᠢᠮᠦ ᠠᠴᠠ ᠸᠠᠺᠼᠢᠨ ᠤ ᠲᠠᠷᠢᠯᠭ᠎ᠠ ᠬᠢᠭᠡᠳᠦᠶ ᠬᠥᠮᠦᠰ ᠸᠠᠺᠼᠢᠨ ᠤ ᠲᠠᠷᠢᠯᠭ᠎ᠠ ᠪᠠᠨ ᠳᠠᠷᠤᠶ ᠲᠦᠷᠭᠡᠨ ᠬᠢᠵᠦ᠂ ᠸᠠᠺᠼᠢᠨ ᠤ ᠲᠠᠷᠢᠯᠭ᠎ᠠ ᠬᠢᠪᠡᠯ ᠵᠤᠬᠢᠭᠴᠢᠳ ᠠᠯᠢ ᠴᠢᠲᠠᠬᠤ ᠪᠠᠷ ᠲᠠᠷᠢᠯᠭ᠎ᠠ ᠬᠢᠵᠦ᠂ ᠥᠪᠡᠷ ᠢ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠯᠬᠢᠶ᠎ᠠ ᠳᠡᠭᠡᠷᠡᠬᠢ ᠬᠠᠮᠤᠭ ᠤᠨ ᠪᠠᠭᠤᠷᠠᠶ ᠭᠤᠭᠴᠤᠭ᠎ᠠ ᠪᠣᠯᠬᠤ ᠠᠴᠠ ᠵᠠᠶᠢᠯᠠᠰᠬᠢᠬᠦ ᠬᠡᠷᠡᠭᠲᠡᠶ᠃ ᠡᠭᠦᠨ ᠤ ᠵᠡᠷᠭᠡ ᠪᠠᠷ᠂ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠤᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠪᠠᠨ ᠵᠢᠷᠤᠮᠵᠢᠭᠤᠯᠵᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠨᠢᠭᠤᠭᠠᠳ ᠮᠡᠲᠡᠭᠦᠯᠬᠦ ᠦᠭᠡᠢ ᠪᠠᠶᠢᠵᠦ ᠪᠤᠯᠬᠤ ᠦᠭᠡᠢ᠂ ᠬᠤᠳᠠᠯ ᠢᠶᠠᠷ ᠮᠡᠳᠡᠭᠦᠯᠵᠦ ᠪᠤᠯᠬᠤ ᠦᠭᠡᠢ᠃     ᠰᠡᠳᠬᠢᠯ ᠨᠢᠭᠡᠳᠪᠡᠯ ᠲᠠᠶᠢᠱᠠᠨ ᠠᠭᠤᠯᠠ ᠶᠢ ᠨᠡᠭᠦᠯᠭᠡᠵᠦ ᠴᠢᠲᠠᠨ᠎ᠠ᠃ ᠬᠢᠵᠢᠭ ᠤᠨ ᠪᠠᠶᠢᠳᠠᠯ ᠤᠨ ᠰᠢᠨ᠎ᠡ ᠪᠠᠶᠢᠳᠠᠯ ᠤᠨ ᠡᠮᠦᠨ᠎ᠡ᠂ ᠬᠥᠮᠦᠨ ᠨᠢᠭᠡᠪᠦᠷᠢ ᠬᠠᠷᠢᠭᠤᠴᠠᠯᠭ᠎ᠠ ᠶᠢᠨ ᠬᠡᠯᠬᠢᠶ᠎ᠡ ᠳᠡᠭᠡᠷᠡᠬᠢ ᠥᠪᠡᠷ ᠤᠨ ᠲᠡᠷᠡ ᠬᠦ ᠭᠤᠭᠴᠤᠭ᠎ᠠ ᠪᠠᠨ ᠴᠢᠩᠭᠠᠯᠠᠵᠦ᠂ ᠬᠤᠪᠢ ᠬᠥᠮᠦᠨ ᠤ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠮᠦᠨ᠎ᠡ ᠹᠷᠣᠨᠲ︾ ᠢ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠢᠵᠢᠯᠢ ᠲᠥᠪᠲᠦ ᠲᠣᠭᠤᠷᠢᠭ︾ ᠢ ᠰᠠᠶᠢᠲᠤᠷ ᠵᠢᠷᠤᠭᠯᠠᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠡᠷᠡᠰ ᠢᠶᠠᠷ ᠰᠠᠶᠢᠲᠤᠷ ᠬᠠᠮᠠᠭᠠᠯᠠᠬᠤ ᠬᠡᠷᠡᠭᠲᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号