ᠠᠯᠠᠱᠠ ᠬᠠᠭᠤᠴᠢᠨ ᠡᠳ᠋ᠯᠡᠯ ᠤᠨ ᠬᠤᠳᠠ ᠲᠠᠢ ᠪᠤᠯᠤᠯ᠎ᠠ
ᠨᠡᠶᠢᠲᠡᠯᠡᠭᠰᠡᠨ ᠴᠠᠭ᠄
2021/8/12
                                                ᠵᠢᠷᠤᠭ  ᠪᠤᠯ᠂ ᠬᠠᠭᠤᠴᠢᠨ  ᠤ  ᠡᠳ᠋ᠯᠡᠯ  ᠭᠡᠷᠡᠭᠰᠡᠯ  ᠢ                          ᠴᠤᠬᠯᠠᠭᠤᠯᠤᠨ ᠬᠠᠳᠠᠭᠠᠯᠠᠬᠤ ᠪᠠᠭ᠋ᠠᠳᠠᠢ ᠬᠠᠰᠪᠠᠭᠠᠨ᠎ᠠ᠃       ᠤᠢᠢᠷ᠎ᠠ ᠶᠢᠨ ᠡᠳᠦᠷ᠂ ᠪᠠᠶᠠᠨᠬᠤᠳᠠ ᠶᠢᠨ ᠬᠠᠭᠤᠴᠢᠨ ᠤ ᠡᠳ᠋ᠯᠡᠯ ᠭᠡᠷᠡᠭᠰᠡᠯ ᠢ ᠴᠤᠬᠯᠠᠭᠤᠯᠤᠨ ᠬᠠᠳᠠᠭᠠᠯᠠᠬᠤ ᠪᠠᠭ᠋ᠠᠳᠠᠢ ᠭᠤᠴᠢᠭᠠᠳ ᠬᠥᠮᠦᠰ ᠬᠠᠮᠳᠤᠷᠠᠨ ᠲᠠᠩᠬᠢᠰ ᠺᠤᠮᠫᠠᠨᠢ ᠶᠢᠨ ᠠᠯᠪᠠᠨ ᠠᠰᠠᠷ ᠤᠨ ᠬᠤᠶᠠᠷ ᠭᠤᠷᠪᠠᠳᠤᠭᠠᠷ ᠲᠠᠪᠬᠤᠷᠭ᠎ᠠ ᠪᠤᠯᠤᠨ ᠲᠠᠩᠬᠢᠰ ᠺᠤᠮᠫᠠᠨᠢ ᠶᠢᠨ ᠬᠥᠷᠢᠶᠠᠨ ᠳᠤ ᠬᠠᠭᠤᠴᠢᠨ ᠡᠳ᠋ᠯᠡᠯ ᠭᠡᠷᠡᠭᠰᠡᠯ ᠢ ᠬᠤᠷᠢᠶᠠᠨ ᠬᠠᠳᠠᠭᠠᠯᠠᠬᠤ ᠪᠠ ᠪᠤᠷᠤᠯᠠᠭᠤᠯᠬᠤ ᠰᠤᠶᠤᠯ ᠤᠨ ᠰᠤᠯᠢᠯᠴᠠᠭᠠᠨ ᠤ ᠲᠠᠪᠴᠠᠩ ᠪᠠᠶᠢᠭᠤᠯᠪᠠ᠃     ᠠᠯᠠᠱᠠ ᠬᠠᠭᠤᠴᠢᠨ ᠡᠳ᠋ᠯᠡᠯ ᠤᠨ ᠬᠤᠳᠠ ᠶᠢᠨ ᠪᠦᠬᠦ ᠲᠠᠯᠠᠪᠠᠢ ᠨᠢ 900 ᠲᠡᠭᠰᠢ ᠲᠦᠷᠪᠡᠯᠵᠢᠨ ᠮᠧᠲᠷ᠂ ᠰᠤᠨᠢᠷᠬᠠᠯ ᠶᠡᠬᠡᠲᠠᠢ ᠭᠤᠴᠢᠭᠠᠳ ᠠᠶᠢᠯ ᠬᠠᠮᠳᠤᠷᠠᠨ᠂ ᠥᠪᠡᠷ ᠥᠪᠡᠷ ᠤᠨ ᠢᠶᠠᠨ ᠬᠤᠷᠢᠶᠠᠨ ᠬᠠᠳᠠᠭᠠᠯᠠᠬᠰᠠᠠ ᠨᠤᠮ ᠰᠤᠳᠤᠷ᠂ ᠬᠤᠪᠢᠰᠬᠠᠯ ᠤᠨ ᠬᠠᠭᠤᠴᠢᠨ ᠡᠳ᠋ᠯᠡᠯ ᠭᠡᠷᠡᠭᠰᠡᠯ᠂ ᠮᠥᠡᠭᠬᠦᠨ ᠭᠡᠷᠡᠭᠰᠡᠯ᠂ ᠠᠷᠠᠰᠤᠨ ᠡᠳ᠋ᠯᠡᠯ᠂ ᠬᠤᠪᠢᠰᠠᠬᠯ ᠤᠨ ᠬᠠᠳᠠᠭᠠᠯᠠᠮᠵᠢ᠂ ᠡᠮᠡᠭᠡᠯ᠂ ᠬᠠᠵᠠᠭᠠᠷ᠂ ᠪᠤᠷᠪᠢ᠂ ᠸᠠᠭᠠᠷ ᠰᠠᠪᠠ᠂ ᠴᠠᠢ᠂ ᠬᠠᠰ ᠭᠡᠬᠦ ᠮᠠᠳᠤ ᠶᠢᠨ ᠮᠠᠰᠢ ᠤᠯᠠᠠ ᠲᠥᠷᠦᠯ ᠵᠦᠢᠯ ᠢᠶᠠᠷ ᠪᠦᠷᠢᠯᠳᠦᠭᠰᠡᠨ ᠬᠠᠭᠤᠴᠢᠨ ᠡᠳ᠋ᠯᠡᠯ ᠬᠡᠷᠡᠭᠰᠡᠯ ᠢ ᠦᠷᠦᠨ ᠲᠠᠯᠪᠢᠵᠤ᠂ ᠡᠨᠡ ᠨᠢ ᠬᠠᠭᠤᠴᠢᠨ ᠡᠳ᠋ᠯᠠᠯ ᠬᠡᠷᠡᠭᠰᠡᠯ ᠤᠨ ᠠᠷᠠᠯᠵᠢᠶ᠎ᠠ ᠮᠠᠶᠢᠮᠠᠢ ᠶᠢᠨ ᠭᠠᠵᠠᠷ ᠪᠤᠯᠵᠡᠢ᠃     ᠬᠤᠶᠢᠰᠢᠳᠡ ᠡᠨᠡᠬᠦ ᠠᠯᠠᠱᠠ ᠬᠠᠭᠤᠴᠢᠨ ᠡᠳ᠋ᠯᠡᠯ ᠤᠨ ᠬᠤᠳᠠ ᠭᠤᠤᠯᠳᠠᠭᠤ ᠨᠤᠳᠤᠭ ᠤᠨ ᠤᠨᠴᠠᠯᠢᠬ ᠲᠠᠢ ᠬᠠᠭᠤᠴᠢᠨ ᠤ ᠡᠳ᠋ᠯᠡᠯ ᠭᠡᠷᠡᠭᠰᠡᠯ ᠢᠶᠠᠨ ᠠᠯᠠᠱᠠ ᠨᠤᠳᠤᠭ ᠲᠠᠭᠠᠨ ᠥᠯᠡᠳᠡᠭᠡᠨ ᠬᠠᠳᠠᠭᠠᠯᠠᠵᠤ᠂ ᠲᠦᠷᠦᠯ ᠵᠦᠢᠯ ᠢ ᠨᠢ ᠤᠯᠠᠮ ᠠᠷᠪᠢᠨ ᠪᠤᠯᠭᠠᠨ᠂ ᠴᠢᠨᠠᠬᠰᠢᠯᠠᠠ ᠪᠥᠬᠦ ᠤᠯᠤᠰ᠂ ᠪᠥᠬᠦ ᠲᠡᠯᠡᠭᠡᠢ ᠶᠢᠨ ᠭᠡᠪᠴᠢᠶᠠᠨ ᠳᠠᠬᠢ ᠵᠤᠭᠠᠴᠠᠬᠰᠠᠳ ᠭᠡᠷᠡᠭᠯᠡᠭᠴᠢᠳ ᠤᠨ ᠬᠤᠳᠠᠯᠳᠤᠨ ᠪᠤᠷᠤᠯᠠᠭᠤᠯᠬᠤ ᠬᠤᠷᠢᠶᠠᠨ ᠬᠠᠳᠠᠭᠠᠯᠠᠬᠤ᠂ ᠬᠠᠭᠤᠴᠢᠨ ᠤ ᠡᠳ᠋ᠯᠡᠯ ᠭᠡᠷᠡᠭᠰᠡᠯ ᠤᠨ ᠰᠤᠶᠤᠯ ᠢᠶᠠᠨ ᠭᠡᠭᠡᠷᠡᠬᠦᠯᠵᠤ ᠵᠠᠯᠭᠠᠮᠵᠢᠯᠠᠬᠤ ᠳᠤ ᠠᠴᠢ ᠬᠤᠯᠪᠤᠬᠳᠠᠯ ᠲᠠᠢ ᠵᠠᠬ᠎ᠠ ᠲᠡᠯᠭᠡᠬᠦᠷ ᠪᠤᠯᠭᠠᠨ ᠬᠦᠭᠵᠢᠬᠦᠯᠬᠦ ᠪᠠᠷ ᠵᠤᠷᠢᠵᠤ ᠪᠠᠶᠢᠨ᠎ᠠ᠃ ᠲᠠᠩᠬᠢᠰ ᠺᠤᠮᠫᠠᠨᠢ ᠪᠠᠰᠠ ᠰᠤᠯᠠ ᠰᠠᠯᠡᠬᠦᠦ ᠪᠠᠶᠢᠳᠠᠬ ᠲᠢᠩᠬᠢᠮ ᠢᠶᠠᠨ ᠠᠰᠢᠬᠯᠠᠠ ᠲᠠᠷᠠᠭᠠᠴᠢ ᠪᠠᠷ ᠬᠠᠭᠤᠴᠢᠨ ᠤ ᠡᠳ᠋ᠯᠡᠯ ᠭᠡᠷᠡᠭᠰᠠᠯ ᠢ ᠬᠤᠷᠢᠶᠠᠠ ᠬᠠᠳᠠᠭᠠᠯᠠᠬᠤ ᠰᠤᠶᠤᠯ ᠤᠨ ᠰᠤᠯᠢᠯᠴᠠᠭ᠎ᠠ ᠶᠢ ᠵᠢᠯ ᠳᠤ ᠪᠤᠶᠤ ᠤᠯᠠᠷᠢᠯ ᠳᠤ ᠬᠡᠳᠤ ᠤᠳᠠᠭ᠎ᠠ ᠥᠷᠨᠢᠬᠦᠯᠬᠦ ᠪᠠᠷ ᠲᠦᠰᠦᠪᠯᠡᠵᠤ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号