ᠦᠬᠡᠷ ᠬᠤᠨᠢ ᠶᠢ ᠲᠡᠵᠢᠭᠡᠬᠦ ᠠᠷᠭ᠎ᠠ ᠨᠢ ᠭᠠᠭ᠋ᠠᠢ ᠲᠠᠬᠢᠶ᠎ᠠ ᠲᠡᠵᠢᠭᠡᠬᠦ ᠲᠠᠢ ᠠᠳᠠᠯᠢ ᠦᠭᠡᠢ᠂ ᠶᠡᠷᠦ ᠳᠡᠭᠡᠨ | ᠲᠤᠤᠷᠠᠬᠢ ᠬᠡᠳᠤᠨ ᠵᠦᠢᠯ ᠤᠨ ᠠᠷᠭ᠎ᠠ ᠪᠠᠷ ᠡᠷᠦᠳᠡᠰᠦ ᠡᠯᠧᠮᠧᠨ᠋ᠲ ᠢ ᠨᠥᠬᠦᠪᠦᠷᠢᠯᠡᠵᠦ ᠪᠣᠯᠣᠨ᠎ᠠ᠄ | 1. ᠬᠤᠯᠢᠮᠠᠭ ᠨᠠᠷᠢᠯᠢᠭ ᠪᠤᠷᠳᠤᠭ᠎ᠠ ᠲᠠᠢ ᠬᠤᠯᠢᠵᠦ ᠨᠦᠬᠦᠪᠦᠷᠢᠯᠡᠬᠦ᠄ ᠡᠨᠡ ᠨᠢ ᠦᠬᠡᠷ ᠬᠤᠨᠢ ᠳᠤ ᠡᠷᠦᠳᠡᠰᠦ | ᠡᠯᠧᠮᠧᠨ᠋ᠲ ᠨᠦᠬᠦᠪᠦᠷᠢᠯᠡᠬᠦ ᠴᠢᠬᠤᠯᠠ ᠬᠡᠯᠪᠡᠷᠢ ᠪᠤᠯᠤᠨ᠎ᠠ᠃ ᠦᠬᠡᠷ ᠬᠤᠨᠢ ᠶᠢ ᠪᠤᠷᠳᠤᠬᠤ ᠳᠤ ᠶᠡᠷᠦ ᠳᠡᠭᠡᠨ ᠬᠤᠯᠢᠮᠠᠭ | ᠨᠠᠷᠢᠯᠢᠭ ᠪᠤᠷᠳᠤᠭ᠎ᠠ ᠨᠦᠬᠦᠪᠦᠷᠢᠯᠡᠳᠡᠭ᠂ ᠡᠷᠦᠳᠡᠰᠦ ᠡᠯᠧᠮᠧᠨ᠋ᠲ ᠢ ᠨᠠᠷᠢᠯᠢᠭ ᠪᠤᠷᠳᠤᠭ᠎ᠠ ᠲᠠᠢ ᠬᠤᠯᠢᠵᠦ | ᠨᠦᠬᠦᠪᠦᠷᠢᠯᠡᠪᠡᠯ ᠬᠡᠷᠡᠭᠯᠡᠬᠦ ᠳᠤ ᠲᠦᠭᠦᠮ ᠪᠠᠶᠢᠳᠠᠭ᠃ ᠬᠤᠯᠢᠬᠤ ᠳᠠᠭᠠᠨ ᠵᠢᠭᠳᠡ ᠬᠤᠯᠢᠬᠤ ᠶᠢ ᠤᠨᠴᠠᠭᠠᠢ ᠠᠩᠬᠠᠷᠴᠤ᠂ | ᠢᠯᠠᠩᠭᠤᠶ᠎ᠠ ᠠᠶᠦᠯᠭᠦᠢ ᠬᠡᠮᠵᠢᠶ᠎ᠡ ᠪᠣᠯᠣᠨ ᠬᠤᠤᠷᠳᠠᠭᠳᠠᠬᠤ ᠬᠡᠮᠵᠢᠶ᠎ᠡ ᠶᠢᠨ ᠬᠡᠪᠴᠢᠶ᠎ᠡ ᠪᠠᠷ ᠢᠪᠴᠤᠤ ᠡᠯᠧᠮᠧᠨ᠋ᠲ ᠪᠣᠯ | ᠨᠡᠩ ᠠᠩᠬᠠᠷᠪᠠᠯ ᠵᠤᠬᠢᠨ᠎ᠠ᠂ ᠵᠢᠱᠢᠶᠡᠯᠡᠪᠡᠯ ᠰᠧᠯᠸᠡ᠂ ᠦᠬᠡᠷ ᠬᠤᠨᠢ ᠬᠡᠲᠦᠷᠡᠲᠡᠯ᠎ᠡ ᠢᠳᠡᠰᠢᠯᠡᠵᠦ ᠮᠠᠭᠤ ᠨᠦᠯᠦᠭᠡ | ᠡᠭᠦᠰᠬᠦ ᠠᠴᠠ ᠰᠡᠷᠭᠡᠶᠢᠯᠡᠨ᠎ᠡ᠃ ᠬᠡᠪᠡᠴᠦ᠂ ᠬᠠᠷᠢᠭᠤᠯᠵᠦ ᠪᠠᠶᠢᠬᠤ ᠮᠦᠷᠳᠡᠭᠡᠨ ᠡᠩ ᠤᠨ ᠴᠠᠭ ᠲᠤ ᠨᠠᠷᠢᠯᠢᠭ | ᠪᠤᠷᠳᠤᠭ᠎ᠠ ᠴᠦᠬᠡᠨ ᠨᠦᠬᠦᠪᠦᠷᠢᠯᠡᠳᠡᠭ ᠦᠬᠡᠷ ᠬᠤᠨᠢ ᠳᠤ ᠪᠤᠯ ᠶᠡᠷᠦ ᠳᠡᠭᠡᠨ ᠡᠨᠡᠬᠦ ᠠᠷᠭ᠎ᠠ ᠶᠢ ᠬᠡᠷᠡᠭᠯᠡᠬᠦ ᠦᠬᠡᠢ᠃ | 2. ᠲᠤᠰᠬᠠᠢ ᠨᠠᠶᠢᠷᠠᠭᠤᠯᠬᠤ᠄ ᠦᠯᠡᠮᠵᠢ ᠡᠯᠧᠮᠧᠨ᠋ᠲ ᠪᠠ ᠪᠢᠴᠢᠯ ᠡᠯᠧᠮᠧᠨ᠋ᠲ ᠤᠨ ᠬᠤᠯᠢᠮᠠᠭ ᠪᠤᠷᠳᠤᠭ᠎ᠠ ᠶᠢ ᠪᠣᠯ | ᠦᠬᠡᠷ ᠬᠤᠨᠢᠨ ᠤ ᠲᠤᠰ ᠪᠡᠶ᠎ᠡ ᠶᠢᠨ ᠬᠡᠷᠡᠭᠴᠡᠭᠡ ᠶᠢ ᠦᠨᠳᠦᠰᠦᠯᠡᠵᠦ ᠴᠢᠯᠤᠭᠡᠳᠡᠢ ᠪᠠᠷ ᠳᠣᠯᠢᠶᠠᠯᠭᠠᠨ᠎ᠠ᠂ ᠡᠨᠡᠬᠦ | ᠠᠷᠭ᠎ᠠ ᠶᠢᠨ ᠲᠤᠳᠠᠭᠳᠠᠯ ᠲᠠᠢ ᠲᠠᠯ᠎ᠠ ᠨᠢ ᠬᠡᠷᠡᠭᠯᠡᠬᠦ ᠳᠤ ᠲᠦᠭᠦᠮ ᠦᠭᠡᠢ ᠪᠠᠶᠢᠳᠠᠭ᠂ ᠡᠭᠦᠨ ᠠᠴᠠ ᠭᠠᠳᠠᠨ᠎ᠠ᠂ | ᠰᠦᠢᠲᠡᠯ ᠨᠢ ᠪᠠᠰᠠ ᠨᠡᠯᠢᠶᠡᠳ ᠶᠡᠭᠡ ᠪᠠᠶᠢᠳᠠᠭ᠃ | 3. ᠲᠤᠯᠢᠶᠠᠬᠤ ᠲᠤᠭᠤᠰᠬ᠎ᠠ ᠵᠤᠬᠢᠶᠠᠬᠤ᠄ ᠦᠬᠡᠷ ᠬᠤᠨᠢ ᠳᠤ ᠳᠣᠯᠢᠶᠠᠯᠭᠠᠨ᠎ᠠ᠂ ᠲᠤᠯᠢᠶᠠᠬᠤ ᠲᠤᠭᠤᠰᠬ᠎ᠠ ᠨᠢ | ᠰᠢᠮ᠎ᠡ ᠲᠡᠵᠢᠭᠡᠯ ᠤᠨ ᠤᠬᠠᠭᠠᠨᠲᠠᠨ ᠤ ᠨᠠᠶᠢᠷᠠᠯᠭ᠎ᠠ ᠶᠢ ᠦᠨᠳᠤᠰᠦᠯᠡᠵᠦ ᠲᠦᠯᠦᠪᠯᠡᠭᠰᠡᠨ ᠪᠠᠶᠢᠳᠠᠭ᠂ ᠭᠡᠷ ᠤᠨ | ᠲᠡᠵᠢᠭᠡᠪᠦᠷᠢ ᠤᠨ ᠳᠤᠲᠠᠭᠳᠠᠵᠤ ᠪᠤᠯᠤᠰᠢ ᠦᠭᠡᠢ ᠢᠳᠡᠭᠡᠨ ᠤ ᠲᠠᠪᠤᠰᠦ ᠶᠢ ᠪᠠᠭᠲᠠᠭᠠᠭᠰᠠᠨ ᠡᠯ᠎ᠡ ᠵᠦᠢᠯ ᠤᠨ | ᠡᠷᠦᠳᠡᠰᠦ ᠡᠯᠧᠮᠧᠨ᠋ᠲ ᠢ ᠬᠠᠮᠲᠤ ᠬᠦᠢᠴᠡᠳ ᠬᠤᠯᠢᠭᠰᠠᠠᠨ ᠤ ᠲᠠᠷᠠᠭ᠎ᠠ ᠦᠨᠳᠤᠷ ᠲᠠᠷᠤᠴᠠ ᠪᠠᠷ ᠬᠡᠪᠰᠢᠭᠦᠯᠦᠨ ᠬᠢᠭᠰᠡᠨ | ᠵᠣᠬᠢᠬᠤ ᠬᠦᠴᠦᠯᠡᠴᠡ ᠲᠠᠢ ᠬᠡᠰᠡᠭᠲᠦ ᠦᠢᠯᠡᠳᠭᠦᠨ ᠪᠣᠯᠣᠨ᠎ᠠ᠃ ᠭᠡᠷ ᠤᠨ ᠲᠡᠵᠢᠭᠡᠪᠤᠷᠢ ᠨᠢ ᠦᠪᠡᠷ ᠤᠨ | ᠬᠡᠷᠡᠭᠴᠡᠭᠡ ᠪᠠᠨ ᠦᠨᠳᠤᠰᠤᠯᠡᠵᠦ᠂ ᠡᠳᠡᠭᠡᠷ ᠬᠡᠰᠡᠭᠲᠦ ᠦᠢᠯᠡᠳᠬᠦᠨ ᠢ ᠴᠢᠯᠦᠭᠡᠲᠡᠢ ᠳᠤᠯᠢᠶᠠᠭᠠᠳ᠂ ᠬᠡᠷᠡᠭᠯᠡᠬᠦ ᠳᠤ | ᠲᠦᠭᠦᠮ ᠮᠦᠷᠳᠡᠭᠡᠨ ᠠᠶᠦᠯᠭᠦᠢ ᠪᠠᠶᠢᠳᠠᠭ᠃ ᠬᠠᠷᠢᠭᠤᠯᠬᠤ ᠪᠠᠷ ᠭᠤᠤᠯᠯᠠᠵᠤ ᠡᠩ ᠤᠨ ᠴᠠᠭ ᠲᠤ ᠬᠤᠯᠢᠮᠠᠭ ᠨᠠᠷᠢᠯᠢᠭ | ᠪᠤᠷᠳᠤᠭ᠎ᠠ ᠴᠦᠬᠡᠨ ᠨᠦᠬᠦᠪᠦᠷᠢᠯᠡᠳᠡᠭ ᠦᠬᠡᠷ ᠬᠤᠨᠢ ᠳᠤ ᠠᠪᠴᠤ ᠬᠡᠯᠡᠪᠡᠯ᠂ ᠡᠨᠡ ᠨᠢ ᠲᠦᠢᠯ ᠤᠨ ᠰᠠᠶᠢᠨ ᠡᠷᠦᠳᠡᠰᠦ | ᠡᠯᠧᠮᠧᠨ᠋ᠲ ᠨᠦᠬᠦᠪᠦᠷᠢᠯᠡᠬᠦ ᠠᠷᠭ᠎ᠠ ᠪᠤᠯᠤᠨ᠎ᠠ᠃ ᠦᠩᠭᠡᠷᠡᠭᠰᠡᠨ ᠳᠤ ᠲᠤᠯᠢᠶᠠᠬᠤ ᠲᠤᠭᠤᠰᠬ᠎ᠠ ᠶᠢ ᠭᠤᠤᠯᠳᠠᠭᠤ | ᠭᠠᠳᠠᠭᠠᠳᠤ ᠶᠢᠨ ᠮᠠᠯ ᠠᠵᠦ ᠠᠬᠤᠢ ᠬᠦᠭᠵᠢᠭᠰᠡᠨ ᠤᠯᠤᠰ ᠦᠢᠯᠡᠳᠪᠦᠷᠢᠯᠡᠵᠦ ᠪᠠᠶᠢᠭᠰᠠᠨ ᠪᠣᠯᠬᠤᠷ ᠦᠨ᠎ᠡ | ᠬᠠᠩᠰᠢ ᠨᠢ ᠨᠡᠯᠢᠶᠡᠳ ᠦᠨᠡᠲᠡᠢ ᠪᠠᠶᠢᠯ᠎ᠠ᠃ ᠤᠳᠤ ᠮᠠᠨ ᠤ ᠤᠯᠤᠰ ᠤᠨ ᠤᠯᠠᠩᠬᠢ ᠮᠤᠵᠢ ᠤᠷᠤᠨ ᠳᠤ ᠴᠦᠮ | ᠦᠢᠯᠡᠳᠪᠦᠷᠢᠯᠡᠬᠦ ᠪᠤᠯᠵᠦ᠂ ᠴᠢᠨᠠᠷ ᠨᠢ ᠰᠠᠶᠢᠨ ᠮᠦᠷᠳᠡᠭᠡᠨ ᠭᠠᠳᠠᠭᠠᠳᠤ ᠤᠯᠤᠰ ᠤᠨ ᠠᠳᠠᠯᠢ ᠦᠢᠯᠡᠳᠬᠦᠨ ᠠᠴᠠ | ᠬᠤᠯᠠ ᠬᠢᠮᠳᠠ ᠪᠠᠶᠢᠳᠠᠭ ᠃ |