ᠤᠯᠠᠠ ᠰᠠᠯᠠᠭ᠎ᠠ ᠮᠦᠴᠢᠷ ᠤᠨ ᠬᠢᠨ ᠤ ᠴᠢᠷᠮᠠᠶᠢᠯᠭ᠎ᠠ ᠪᠠᠷ ᠠᠮᠢᠳᠤᠷᠠᠯ ᠤᠨ ᠤᠷᠴᠢᠠ ᠳᠤᠭᠤᠷᠢᠠ ᠢ ᠰᠠᠶᠢᠵᠢᠷᠠᠭᠤᠯᠣᠯ᠎ᠠ
ᠨᠡᠶᠢᠲᠡᠯᠡᠭᠰᠡᠨ ᠴᠠᠭ᠄
2021/8/13
     ᠠᠯᠠᠱᠠ ᠵᠡᠬᠦᠨ ᠬᠤᠰᠢᠭᠤᠨ ᠤ ᠸᠠᠩ ᠤᠨ ᠣᠷᠳᠤᠨ ᠵᠡᠭᠡᠯᠢ ᠭᠤᠳᠤᠮᠵᠢ ᠶᠢᠨ ᠬᠢᠨ ᠰᠠᠭᠤᠭᠠᠯᠢ ᠠᠷᠠᠳ ᠤᠨ ᠣᠷᠴᠢᠨ ᠲᠤᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠬᠤ ᠶᠢᠨ ᠲᠤᠰᠠᠳᠠ᠂ ᠬᠡᠰᠡᠭ ᠰᠠᠯᠠᠭ᠎ᠠ ᠮᠦᠴᠢᠷ ᠲᠠᠢ ᠬᠤᠯᠪᠤᠭᠠᠯᠠᠨ᠂ ᠬᠡᠳᠦᠨ ᠵᠢᠯ ᠬᠠᠶᠠᠭᠳᠠᠭᠰᠠᠨ ᠬᠠᠭᠤᠴᠢᠨ ᠵᠣᠷᠯᠤᠩ ᠢ ᠨᠤᠷᠠᠭᠠᠵᠤ᠂ ᠰᠠᠭᠤᠭᠠᠯᠢ ᠠᠷᠠᠳ ᠤᠨ ᠣᠯᠠᠨ ᠵᠢᠯ ᠲᠦᠪᠡᠭᠰᠢᠶᠡᠵᠦ ᠪᠠᠶᠢᠭᠰᠠᠨ ᠠᠰᠠᠭᠤᠳᠠᠯ ᠢ ᠰᠢᠢᠳᠪᠤᠷᠢᠯᠡᠪᠡ᠃      ᠪᠠᠶᠠᠨᠬᠤᠲᠠ ᠶᠢᠨ ᠯᠢ ᠱᠦᠢ ᠵᠢᠶᠠ ᠶᠤᠸᠠᠨ ᠰᠠᠭᠤᠭᠠᠯᠢ ᠲᠤᠭᠤᠷᠢᠭ ᠤᠨ ᠪᠠᠷᠠᠭᠤᠨ ᠬᠡᠷᠡᠮ ᠤᠨ ᠭᠠᠳᠠᠨ᠎ᠠ ᠪᠠᠶᠢᠭ᠎ᠠ ᠣᠯᠠᠨ ᠵᠢᠯ ᠬᠠᠶᠠᠭᠳᠠᠭᠰᠠᠨ ᠬᠠᠭᠤᠴᠢᠨ ᠵᠤᠷᠯᠤᠩ ᠨᠢ ᠲᠡᠭᠷᠢ ᠳᠤᠯᠠᠭᠠᠷᠠᠪᠠᠯ ᠢᠯᠠᠭ᠎ᠠ ᠪᠠᠲᠠᠭᠠᠨ᠎ᠠ ᠬᠤᠷᠠᠵᠤ ᠦᠮᠡᠬᠡᠢ ᠦᠨᠦᠷ ᠭᠠᠷᠤᠨ᠂ ᠰᠠᠭᠤᠭᠠᠯᠢ ᠠᠷᠠᠳ ᠤᠨ ᠰᠠᠨᠠᠭ᠎ᠠ ᠶᠢ ᠵᠣᠪᠠᠭᠠᠵᠤ ᠣᠯᠠᠨ ᠢᠶᠠᠷ ᠢᠶᠠᠨ ᠭᠠᠰᠠᠯᠠᠩ ᠤᠨ ᠳᠠᠭᠤᠨ ᠲᠠᠯᠪᠢᠳᠠᠭ ᠪᠠᠶᠢᠯ᠎ᠠ᠃ ᠰᠠᠭᠤᠭᠠᠯᠢ ᠠᠷᠠᠳ ᠶᠠᠩ ᠶᠥᠩ ᠴᠢᠶᠠᠩ᠄ ︽ᠦᠮᠡᠬᠡᠢ ᠦᠨᠦᠷ ᠭᠠᠷᠤᠭᠠᠳ ᠴᠣᠩᠬᠤ ᠨᠡᠭᠡᠭᠡᠬᠦ ᠠᠷᠭ᠎ᠠ ᠦᠭᠡᠢ᠂ ᠦᠨᠡᠬᠡᠷ ᠠᠮᠠᠷ ᠦᠭᠡᠢ︾ ᠭᠡᠵᠦ ᠭᠠᠰᠠᠯᠠᠩ ᠲᠠᠢ ᠳᠤᠤᠭᠠᠷᠴᠤ ᠪᠠᠶᠢᠯ᠎ᠠ᠃ ᠠᠯᠠᠱᠠ ᠵᠡᠬᠦᠨ ᠬᠤᠰᠢᠭᠤᠨ ᠤ ᠸᠠᠩ ᠤᠨ ᠣᠷᠳᠤᠨ ᠵᠡᠭᠡᠯᠢ ᠭᠤᠳᠤᠮᠵᠢ ᠪᠣᠯᠤᠨ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶ᠎ᠠ ᠣᠯᠠᠨ ᠲᠦᠮᠡᠨ ᠤ ᠰᠠᠨᠠᠯ ᠢ ᠬᠤᠷᠢᠶᠠᠬᠤ ᠦᠶᠡᠰ ᠡᠨᠡ ᠪᠠᠶᠢᠳᠠᠯ ᠢ ᠣᠶᠢᠯᠠᠭᠠᠨ᠂ ᠠᠯᠠᠱᠠ ᠵᠡᠭᠦᠨ ᠬᠤᠰᠢᠭᠤᠨ ᠤ ᠬᠤᠲᠠ ᠶᠢᠨ ᠣᠷᠴᠢᠨ ᠲᠤᠭᠤᠷᠢᠨ ᠤ ᠬᠠᠮᠢᠶᠠᠷᠤᠯᠲᠠ ᠶᠢᠨ ᠲᠤᠪᠴᠢᠶ᠎ᠠ᠂ ᠦᠷᠡᠰ ᠨᠡᠶᠢᠬᠡᠮ ᠲᠤᠭᠤᠷᠢᠭ ᠲᠠᠢ ᠵᠥᠪᠳᠡᠯᠴᠡᠨ ᠨᠤᠷᠠᠭᠠᠬᠤ ᠲᠦᠰᠦᠯ ᠢ ᠲᠤᠭᠲᠠᠭᠠᠬᠤ ᠶᠢᠨ ᠬᠠᠮᠲᠤ᠂ ᠠᠶᠢᠮᠠᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠲᠤᠪᠴᠢᠶ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠵᠤ᠂ ᠪᠠᠶᠢᠭᠤᠯᠣᠯᠭ᠎ᠠ ᠶᠢᠨ ᠨᠠᠮ ᠤᠨ ᠬᠡᠰᠢᠭᠦᠨ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ᠂ ᠭᠠᠷᠠᠭ ᠤᠨ ᠰᠡᠭᠦᠯᠴᠢ ᠶᠢᠨ ᠴᠠᠭ ᠢ ᠠᠰᠢᠭᠯᠠᠵᠤ ᠵᠤᠷᠯᠤᠩ ᠢ ᠨᠤᠷᠠᠭᠠᠵᠤ ᠴᠡᠪᠡᠷᠯᠡᠨ᠂ ᠰᠠᠭᠤᠭᠠᠯᠢ ᠲᠤᠭᠤᠷᠢᠭ ᠤᠨ ᠠᠮᠢᠳᠤᠷᠠᠯ ᠤᠨ ᠣᠷᠴᠢᠨ ᠲᠤᠭᠤᠷᠢᠨ ᠢ ᠰᠠᠶᠢᠵᠢᠷᠠᠭᠤᠯᠵᠠᠢ᠃ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠬᠤᠸᠠᠩ ᠲᠢᠩ ᠭᠦᠸᠧ᠄ ︽ᠬᠦᠳᠡᠯᠮᠦᠷᠢ ᠬᠦᠴᠦ ᠣᠷᠤᠭᠤᠯᠤᠨ ᠰᠠᠭᠤᠭᠠᠯᠢ ᠠᠷᠠᠳ ᠲᠤ ᠶᠠᠷᠰᠢᠭ ᠲᠦᠪᠡᠭ ᠪᠣᠯᠵᠤ ᠪᠠᠶᠢᠭ᠎ᠠ ᠡᠳᠡᠭᠡᠷ ᠠᠰᠠᠭᠤᠳᠠᠯ ᠢ ᠴᠢᠳᠠᠬᠤ ᠶᠢᠨ ᠴᠢᠨᠡᠭᠡ ᠪᠠᠷ ᠰᠢᠢᠳᠪᠤᠷᠢᠯᠡᠨ᠂ ᠡᠨᠡ ᠠᠵᠢᠯ ᠢ ᠰᠠᠶᠢᠨ ᠮᠥᠷᠲᠡᠭᠡᠨ ᠪᠤᠳᠠᠲᠠᠢ ᠬᠢᠨ᠎ᠡ︾ ᠭᠡᠪᠡ᠃ ᠠᠯᠠᠱᠠ ᠵᠡᠬᠦᠨ ᠬᠤᠰᠢᠭᠤᠨ ᠤ ᠸᠠᠩ ᠤᠨ ᠣᠷᠳᠤᠨ ᠵᠡᠭᠡᠯᠢ ᠭᠤᠳᠤᠮᠵᠢ ᠶᠢᠨ ᠬᠠᠷᠢᠭᠤᠴᠠᠯᠭᠠᠳᠠᠠ ᠵᠦᠩ ᠵᠢᠶᠦ᠋ᠨ ᠱᠠᠨ᠄ ︽ᠳᠠᠷᠠᠭᠠᠴᠢ ᠪᠠᠷ ᠪᠢᠳᠠ ᠣᠷᠴᠢᠨ ᠲᠤᠭᠤᠷᠢᠨ ᠤ ᠬᠠᠮᠢᠶᠠᠷᠤᠯᠲᠠ ᠶᠢᠨ ᠲᠤᠪᠴᠢᠶ᠎ᠠ ᠲᠠᠢ ᠬᠠᠮᠲᠤᠷᠠᠨ᠂ ᠵᠣᠷᠯᠤᠩ ᠤᠨ ᠦᠯᠡᠳᠡᠭᠳᠡᠯ ᠬᠤᠭ ᠯᠠᠭ ᠢ ᠴᠡᠪᠡᠷᠯᠡᠨ ᠰᠢᠷᠦᠢ ᠶᠢᠨ ᠵᠠᠮ ᠳᠡᠪᠢᠰᠦᠨ ᠣᠷᠴᠢᠨ ᠲᠤᠭᠤᠷᠢᠨ ᠢ ᠤᠯᠠᠮ ᠭᠤᠶᠤ ᠴᠡᠮᠴᠡᠭᠡᠷ ᠪᠣᠯᠭᠠᠨ᠎ᠠ︾ ᠭᠡᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号