︽ᠠᠯᠠᠱᠠ ᠠᠶᠢᠮᠠᠭ ᠤᠨ 2021 ᠣᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠭᠤᠤᠯᠳᠠᠯᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/8/13
     ᠨᠢᠭᠡ᠂ ᠠᠬᠤᠶ ᠪᠠᠶᠢᠳᠠᠯ᠂ ᠦᠨᠳᠦᠰᠦᠯᠡᠯ ᠪᠠ ᠵᠣᠷᠢᠯᠭ᠎ᠠ      ᠣᠶᠢᠷ᠎ᠠ ᠶᠢᠨ ᠵᠢᠯ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠵᠢᠯ ᠪᠦᠷᠢ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠬᠤ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠠᠶᠢᠯᠭᠠᠬᠤ ᠳᠦᠷᠢᠮ︾ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠭᠤᠣᠯᠳᠠᠯᠭ᠎ᠠ᠂ ᠠᠶᠢᠮᠠᠭ ᠤᠨ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠳᠠᠲᠠᠶ ᠲᠠᠢ ᠪᠠᠨ ᠤᠶᠠᠯᠳᠤᠭᠤᠯᠤᠨ᠂ ︽ᠠᠯᠠᠱᠠ ᠠᠶᠢᠮᠠᠭ ᠤᠨ 2021 ᠣᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠭᠤᠣᠯᠳᠠᠯᠭ᠎ᠠ︾ ᠶᠢ ᠲᠣᠭᠲᠠᠭᠠᠪᠠ᠃ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠭᠤᠤᠯᠳᠠᠯᠭ᠎ᠠ ᠨᠢ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠪᠥᠬᠦ ᠵᠢᠯ ᠤᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠱᠠᠭᠠᠷᠳᠠᠯᠭ᠎ᠠ ᠪᠣᠯᠬᠤ ᠪᠠᠷ ᠪᠠᠷᠠᠬᠤ ᠥᠬᠡᠶ᠂ ᠪᠠᠰᠠ ᠴᠤ ᠡᠯ᠎ᠡ ᠬᠤᠰᠢᠭᠤ ᠨᠡᠭᠡᠭᠡᠯᠳᠡ  ᠶᠢᠨ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠢ ᠠᠬᠢᠭᠤᠯᠬᠤ ᠪᠣᠳᠠᠲᠠᠶ ᠭᠠᠷᠳᠠᠴᠠ ᠪᠠᠶᠢᠵᠤ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠣᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ᠪᠣᠳᠠᠲᠠᠶ ᠠᠷᠭ᠎ᠠ ᠬᠡᠮᠵᠢᠶ᠎ᠡ ᠪᠠ ᠱᠠᠭᠠᠷᠳᠠᠯᠭ᠎ᠠ      2021 ᠣᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠢ ᠭᠤᠤᠯᠳᠠᠭᠤ ᠲᠠᠪᠤᠨ ᠲᠠᠯ᠎ᠠ ᠶᠢᠨ ᠲᠣᠭᠤᠷᠢᠨ ᠳᠤ ᠥᠷᠨᠢᠭᠦᠯᠦᠨ᠎ᠡ᠃      ︵ᠨᠢᠭᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠠᠶᠢᠯᠭᠠᠬᠤ ᠶᠢ ᠰᠠᠶᠢᠲᠤᠷ ᠬᠢᠨ᠎ᠠᠡᠯ᠎ᠡ ᠲᠥᠷᠥᠯ ᠤᠨ ᠲᠥᠯᠥᠪᠵᠢᠭᠦᠯᠭᠡ᠂ ᠠᠷᠠᠳ ᠤᠨ ᠠᠮᠢᠳᠤᠷᠠᠯ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠡᠳ᠋ ᠤᠨ ᠵᠠᠰᠠᠭ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠠᠶᠢᠯᠭᠠᠨ᠎ᠠ᠃      ︵ᠬᠤᠶᠠᠷ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠬᠠᠷᠢᠭᠤ ᠥᠭᠬᠦ ᠶᠢ ᠭᠦᠨᠵᠡᠭᠡᠶᠢᠷᠡᠭᠦᠯᠦᠨ᠎ᠡ      ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠵᠡᠷᠭᠡ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠭᠤᠤᠯᠳᠠᠯᠭ᠎ᠠ ᠶᠢ ᠳᠣᠪᠤᠶᠢᠯᠭᠠᠨ᠎ᠠ︔ ᠬᠢᠯᠪᠠᠷ ᠣᠶᠢᠯᠠᠭᠠᠮᠵᠢᠲᠠᠶ ᠦᠭᠡ ᠬᠡᠯᠡ᠂ ᠣᠯᠠᠨ ᠬᠡᠯᠪᠡᠷᠢ ᠪᠠᠷ ᠲᠠᠶᠢᠯᠤᠮᠵᠢ ᠬᠢᠵᠦ᠂ ᠲᠠᠶᠢᠯᠤᠮᠵᠢ ᠬᠢᠵᠦ ᠬᠠᠷᠢᠭᠤ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠣᠯᠠᠨ ᠨᠡᠶᠢᠲᠡ ᠶᠢᠨ ᠠᠮᠤᠷ ᠲᠦᠪᠰᠢᠨ᠂ ᠣᠯᠠᠨ ᠨᠡᠶᠢᠲᠡ ᠶᠢᠨ ᠠᠰᠢᠭ ᠲᠤᠰᠠ  ᠪᠠ ᠠᠷᠠᠳ  ᠤᠨ ᠠᠮᠢᠳᠤᠷᠠᠯ  ᠳᠤ ᠬᠤᠯᠪᠣᠭᠳᠠᠬᠤ ᠵᠡᠷᠭᠡ ᠵᠠᠰᠠᠭ ᠵᠠᠬᠢᠷᠭᠠᠨ  ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠲᠣᠭᠲᠠᠭᠠᠬᠤ  ᠳᠤ ᠣᠯᠠᠨ ᠨᠡᠶᠢᠲᠡ  ᠶᠢᠨ ᠣᠷᠣᠯᠴᠠᠬᠤ ᠬᠡᠪᠴᠢᠶ᠎ᠡ  ᠶᠢ ᠤᠯᠠᠮ ᠨᠢᠭᠡ ᠠᠯᠬᠤᠮ ᠦᠷᠭᠡᠳᠬᠡᠨ᠎ᠡ᠃      ︵ᠭᠤᠷᠪᠠ︶ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢ ᠴᠢᠩᠭᠠᠳᠬᠠᠨ᠎ᠠ      ᠵᠠᠰᠠᠭ ᠤᠨ ᠣᠷᠳᠣᠨ ᠤ ᠰᠦᠯᠵᠢᠶᠡᠨ ᠤ ᠡᠷᠴᠢᠮᠵᠢᠭᠦᠯᠦᠭᠰᠡᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ  ᠤᠨ ᠶᠠᠪᠤᠳᠠᠯ  ᠤᠨ ᠰᠢᠨ᠎ᠡ ᠵᠠᠭᠤᠴᠢᠯᠠᠭᠤᠷ  ᠤᠨ ᠬᠠᠮᠢᠶᠠᠷᠤᠯᠲᠠ  ᠶᠢ ᠳᠦᠷᠢᠮᠵᠢᠬᠦᠯᠵᠦ᠂ ᠵᠠᠰᠠᠭ ᠤᠨ ᠣᠷᠳᠣᠨ  ᠤ ᠮᠡᠳᠡᠭᠡ ᠵᠠᠩᠭᠢ  ᠶᠢᠨ ᠲᠤᠭ᠎ᠠ ᠪᠠᠷᠢᠮᠲᠠ  ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃      ︵ᠳᠦᠷᠪᠡ︶ ᠦᠨᠳᠦᠰᠦᠨ ᠱᠠᠲᠤᠨ ᠤ ᠪᠠᠷᠢᠮᠵᠢᠶᠠᠵᠢᠭᠤᠯᠬᠤ ᠪᠠ ᠳᠦᠷᠢᠮᠵᠢᠬᠦᠯᠬᠦ ᠪᠠᠶᠢᠭᠤᠯᠤᠯᠲᠠ ᠶᠢ ᠠᠬᠢᠭᠤᠯᠤᠨ᠎ᠠ      ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢ ᠳᠦᠷᠢᠮᠵᠢᠬᠦᠯᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠠᠶᠢᠯᠭᠠᠬᠤ ᠶᠢ ᠪᠠᠷᠢᠮᠵᠢᠶᠠᠵᠢᠭᠤᠯᠬᠤ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ 8 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠬᠡᠷᠡᠭᠯᠡᠯᠲᠡ ᠶᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠶᠢ ᠪᠠᠷᠢᠮᠵᠢᠶᠠᠵᠢᠭᠤᠯᠬᠤ ᠪᠠ ᠳᠦᠷᠢᠮᠵᠢᠬᠦᠯᠬᠦ ᠠᠵᠢᠯ ᠢ ᠠᠬᠢᠭᠤᠯᠤᠨ᠎ᠠ᠃      ︵ᠲᠠᠪᠤ︶ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠬᠢᠷᠢ ᠳᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢᠨ ᠡᠬᠡ ᠲᠠᠩᠰᠠ︾ ᠳᠤ ᠵᠢᠭᠰᠠᠭᠠᠭᠰᠠᠨ 36 ᠵᠦᠢᠯ ᠤᠨ ᠡᠭᠦᠷᠭᠡ ᠶᠢᠨ ᠠᠭᠤᠯᠭ᠎ᠠ ᠶᠢ ᠦᠨᠳᠦᠰᠦᠯᠡᠪᠡᠯ᠂ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠴᠠᠭ ᠬᠤᠭᠤᠴᠠᠭ᠎ᠠ ᠶᠢ ᠴᠢᠩᠭ᠎ᠠ ᠡᠵᠡᠮᠳᠡᠨ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠶ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠢᠴᠢ ᠦᠷ᠎ᠡ ᠪᠦᠲᠦᠮᠵᠢ      ︵ᠨᠢᠭᠡ︶ ᠭᠤᠣᠯᠳᠠᠯᠭ᠎ᠠ ᠶᠢ ᠠᠳᠬᠤᠨ ᠳᠤᠲᠠᠭᠤᠳᠠᠯ ᠢ ᠨᠥᠬᠦᠪᠥᠷᠢᠯᠡᠨ᠎ᠡ      ᠡᠳᠦᠷ ᠲᠤᠲᠤᠮ ᠤᠨ ᠠᠵᠢᠯ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠭᠤᠤᠯᠳᠠᠯᠭ᠎ᠠ ᠳᠤ ᠳᠤᠷᠠᠳᠤᠭᠰᠠᠨ ︽ᠳᠡᠭᠡᠷ᠎ᠡ ᠨᠢᠭᠡ ᠵᠢᠯ ᠤᠨ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ︿ᠳᠠᠪᠳᠠᠨ ᠪᠠᠶᠢᠴᠠᠭᠠᠬᠤ﹀ ᠠᠵᠢᠯ  ᠢ ᠥᠷᠨᠢᠭᠦᠯᠬᠦ︾ ᠳᠣᠬᠠᠢ ᠱᠠᠭᠠᠷᠳᠠᠯᠭ᠎ᠠ ᠶᠣᠰᠣᠭᠠᠷ᠂ ᠥᠩᠭᠡᠷᠡᠭᠰᠡᠨ ᠤ ᠠᠵᠢᠯ ᠤᠨ ᠭᠤᠤᠯᠳᠠᠯᠭ᠎ᠠ ᠳᠠᠬᠢ ᠪᠡᠶᠡᠯᠡᠭᠦᠯᠦᠭᠡᠳᠦᠶ ᠡᠭᠦᠷᠭᠡ ᠶᠢ ᠴᠡᠭᠴᠡᠯᠡᠨ ᠰᠠᠶᠢᠵᠢᠷᠠᠭᠤᠯᠵᠤ  ᠨᠠᠶᠢᠳᠠᠪᠣᠷᠢᠵᠢᠭᠤᠯᠣᠨ᠎ᠠ᠃      ︵ᠬᠤᠶᠠᠷ︶ ᠵᠣᠬᠢᠶᠠᠨ ᠪᠠᠶᠢᠭᠤᠯᠤᠯᠲᠠ ᠶᠢᠨ ᠳᠠᠯ᠎ᠠ ᠪᠠᠷ ᠬᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠎ᠠ      ᠡᠯ᠎ᠡ ᠱᠠᠲᠤᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠵᠤ᠂ ᠳᠣᠤᠷᠠᠳᠤ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠢᠨᠠᠨ ᠵᠢᠯᠣᠭᠤᠳᠬᠤ ᠪᠠᠨ ᠴᠢᠩᠭᠠᠳᠬᠠᠨ᠂ ᠠᠵᠢᠯ ᠤᠨ ᠭᠤᠣᠯᠳᠠᠯᠭ᠎ᠠ ᠪᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠪᠠᠷᠢᠮᠵᠢᠶ᠎ᠠ ᠪᠠᠨ ᠬᠤᠪᠢᠷᠠᠭᠤᠯᠬᠤ ᠦᠭᠡᠶ ᠪᠠᠶᠢᠬᠤ ᠶᠢ ᠦᠨᠡᠨᠬᠦ ᠪᠠᠲᠤᠯᠠᠵᠤ᠂ ᠠᠵᠢᠯ ᠢ ᠠᠬᠢᠭᠤᠯᠬᠤ ᠬᠠᠮᠳᠣᠷᠠᠯ ᠬᠦᠴᠦᠨ ᠢ ᠪᠣᠶ ᠪᠣᠯᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠠᠵᠢᠯ ᠤᠨ ᠭᠤᠤᠯᠳᠠᠯᠭ᠎ᠠ ᠲᠠᠢ ᠪᠠᠨ ᠬᠠᠷᠢᠴᠠᠭᠤᠯᠤᠨ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠭᠥᠯᠢᠶᠡᠨ ᠠᠪᠴᠤ᠂ ᠲᠣᠰ ᠰᠠᠯᠠᠭ᠎ᠠ ᠮᠥᠴᠢᠷ ᠤᠨ ᠢᠶᠠᠨ ᠠᠵᠢᠯ ᠤᠨ ᠡᠭᠦᠷᠭᠡ ᠴᠢᠳᠠᠪᠤᠷᠢ ᠲᠠᠢ ᠤᠶᠠᠯᠳᠤᠭᠤᠯᠤᠨ᠂ ᠢᠯᠡ ᠪᠠᠶᠢᠯᠭᠠᠬᠤ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠳᠦᠷᠢᠮᠵᠢᠯ ᠢ ᠠᠬᠢᠭᠤᠯᠬᠤ᠂  ᠦᠢᠯᠡᠴᠢᠯᠡᠬᠡᠨ ᠢ ᠠᠬᠢᠭᠤᠯᠬᠤ ᠲᠣᠭᠤᠷᠢᠨ ᠳᠤ᠂ ᠠᠵᠤ ᠠᠬᠤᠶᠢᠯᠠᠯ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠵᠦᠢᠯ ᠳᠤ ᠴᠢᠭᠯᠡᠭᠦᠯᠦᠨ᠂ ᠲᠣᠰ ᠰᠠᠯᠠᠭ᠎ᠠ ᠮᠥᠴᠢᠷ ᠤᠨ ᠢᠶᠠᠨ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠤᠨ ᠬᠢᠷᠢ ᠳᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃     ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠠᠪᠴᠠᠩ ᠤᠨ ᠭᠤᠤᠯ ᠰᠠᠭᠤᠷᠢᠨ ᠭᠠᠵᠠᠷ ᠤᠨ ᠦᠢᠯᠡᠳᠦᠯ ᠢ ᠬᠦᠢᠴᠡᠳ ᠪᠠᠳᠠᠷᠠᠭᠤᠯᠤᠨ᠎ᠠ     ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠵᠠᠰᠠᠭ ᠤᠨ ᠶᠠᠪᠤᠳᠠᠯ ᠢ ᠭᠦᠨᠵᠡᠭᠡᠶᠢᠷᠡᠭᠦᠯᠬᠦ ᠴᠢᠬᠤᠯᠠ ᠭᠠᠷᠳᠠᠴᠠ ᠪᠣᠯᠭᠠᠵᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ ᠬᠦᠢᠴᠡᠳᠬᠡᠬᠦ ᠦᠢᠯᠡᠴᠢᠯᠡᠭᠡ᠂ ᠰᠠᠨᠠᠯ ᠪᠣᠳᠣᠯ ᠢᠶᠠᠨ ᠰᠣᠯᠢᠯᠴᠠᠬᠤ ᠵᠡᠷᠭᠡ ᠲᠠᠯ᠎ᠠ ᠶᠢᠨ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠦᠢᠯᠡᠴᠢᠯᠡᠭᠡ ᠨᠠᠩ ᠢᠯᠡ ᠲᠣᠳᠣ  ᠳᠦᠷᠢᠮᠵᠢᠯ ᠲᠠᠢ ᠪᠣᠯᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠭᠤᠤᠯᠯᠠᠨ ᠡᠷᠭᠢᠯᠡᠭᠰᠡᠨ ᠨᠢᠭᠡᠴᠡ ᠨᠦᠭᠦᠳ ᠵᠣᠬᠢᠴᠠᠭᠤᠯᠤᠨ ᠬᠠᠮᠵᠢᠯᠴᠠᠬᠤ᠂ ᠠᠵᠢᠯ ᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠡᠭᠦᠷᠭᠡᠯᠡᠬᠦ ᠬᠡᠷᠡᠭᠲᠡᠶ᠃ ᠣᠯᠠᠨ ᠲᠦᠮᠡᠨ ᠤ ᠵᠠᠰᠠᠭ ᠤᠨ ᠣᠷᠳᠣᠨ ᠢ ᠮᠡᠳᠡᠷᠡᠬᠦ ᠪᠠ ᠵᠠᠰᠠᠭ ᠤᠨ ᠣᠷᠳᠣᠨ ᠢ ᠦᠨᠡᠯᠡᠬᠦ ︽ᠬᠠᠮᠤᠭ  ᠤᠨ ᠠᠩᠬᠠᠨ ᠤ ᠵᠠᠢ︾ ᠶᠢ ᠣᠶᠢᠷᠠᠳᠣᠭᠤᠯᠵᠦ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ  ᠦᠢᠯᠡᠳᠦᠯ ᠢ ᠦᠨᠡᠨᠬᠦ ᠪᠠᠳᠠᠷᠠᠭᠤᠯᠵᠤ᠂ ᠦᠷ᠎ᠡ ᠪᠦᠲᠦᠮᠵᠢ ᠭᠠᠷᠭᠠᠬᠤ ︽ᠬᠠᠮᠤᠭ ᠤᠨ ᠡᠴᠦᠰ ᠤᠨ ᠵᠦᠷᠢᠶ᠎ᠡ︾ ᠶᠢ ᠪᠠᠭᠠᠰᠬᠠᠨ᠎ᠠ᠃      ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠠᠷᠭ᠎ᠠ ᠵᠠᠮ      ᠣᠯᠠᠨ ᠲᠦᠮᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶ᠎ᠡ᠂ ᠠᠯᠠᠱᠠ ᠠᠶᠢᠮᠠᠭ ᠤᠨ ᠵᠠᠬᠢᠷᠭ᠎ᠠ ᠶᠢᠨ ᠰᠦᠯᠵᠢᠶ᠎ᠡ ᠬᠢᠭᠡᠳ ᠡᠯ᠎ᠡ ᠬᠤᠰᠢᠭᠤ ᠨᠡᠭᠡᠭᠡᠯᠳᠡ  ᠶᠢᠨ ᠣᠷᠣᠨ ᠡᠯ᠎ᠡ ᠰᠠᠯᠠᠭ᠎ᠠ ᠮᠥᠴᠢᠷ ᠤᠨ ᠰᠦᠯᠵᠢᠶ᠎ᠡ ᠶᠢᠨ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠲᠤᠰᠬᠠᠶ ᠪᠤᠯᠤᠩ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠸᠢᠴᠠᠲ ᠳᠠᠪᠴᠠᠩ ᠵᠡᠷᠭᠡ ᠪᠠᠷ ᠵᠠᠰᠠᠭ ᠤᠨ ᠣᠷᠳᠣᠨ ᠤ ᠬᠠᠮᠢᠶ᠎ᠠ ᠪᠥᠬᠦᠶ ᠮᠡᠳᠡᠭᠡ ᠵᠠᠩᠭᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠠᠵᠢᠯ ᠶᠠᠪᠤᠳᠠᠯ ᠬᠦᠢᠴᠡᠳᠬᠡᠬᠦ ᠵᠢᠯᠣᠭᠤᠳᠣᠮᠵᠢ ᠵᠡᠷᠭᠡ ᠶᠢ ᠪᠠᠶᠢᠴᠠᠭᠠᠨ ᠯᠠᠪᠯᠠᠬᠤ ᠪᠤᠶᠤ ︽12345︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠵᠠᠯᠭᠠᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠪᠠᠶᠢᠷᠢᠯᠠᠭᠤᠯᠤᠭᠰᠠᠨ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠲᠣᠭᠤᠷᠢᠭ ᠲᠤ ᠬᠦᠷᠴᠦ ᠢᠯᠡ ᠪᠠᠶᠢᠯᠭᠠᠬᠤ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号