ᠡᠵᠡᠨ᠎ᠡ ᠬᠤᠰᠢᠭᠤ ᠢᠳᠡᠭᠡᠨ ᠤ ᠠᠮᠤᠷ ᠲᠦᠪᠰᠢᠨ ᠤ ᠭᠤᠷᠪᠠᠨ ᠭᠤᠭᠴᠤᠭ᠎ᠠ ᠶᠢ ᠳᠡᠭᠡᠳᠦ ᠬᠡᠮᠵᠢᠶ᠎ᠡ ᠪᠠᠷ ᠠᠩᠬᠠᠷᠴᠤ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ︽ᠬᠢᠵᠢᠭ ᠢ ᠰᠡᠷᠭᠡᠶᠢᠯᠡᠬᠦ ᠱᠤᠭᠤᠮ︾ ᠢ ᠴᠢᠩᠭ᠎ᠠ ᠰᠠᠬᠢᠵᠤ ᠪᠣᠶ
ᠨᠡᠶᠢᠲᠡᠯᠡᠭᠰᠡᠨ ᠴᠠᠭ᠄
2021/8/16
      ᠣᠳᠣᠬᠠᠨ ᠳᠤ᠂ ᠤᠯᠤᠰ ᠤᠨ ᠳᠣᠲᠣᠭᠠᠳᠤ ᠶᠢᠨ ᠳᠣᠬᠠᠢ ᠶᠢᠨ ᠭᠠᠵᠠᠷ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠦᠷᠭᠡᠨ  ᠦᠷᠪᠢᠰᠴᠦ ᠪᠠᠶᠢᠬᠤ ᠶᠢᠨ ᠳᠡᠭᠡᠷ᠎ᠡ ᠵᠣᠨ ᠤ ᠠᠮᠠᠷᠠᠯᠲᠠ ᠶᠢᠨ ᠵᠢᠭᠤᠯᠴᠢᠯᠠᠯ ᠤᠨ ᠤᠯᠠᠷᠢᠯ ᠤᠨ ᠵᠢᠭᠤᠯᠴᠢᠯᠠᠭᠰᠠᠳ ᠤᠨ ᠶᠠᠪᠤᠯᠴᠠᠭ᠎ᠠ ᠣᠯᠠᠰᠢᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠡᠵᠡᠨ᠎ᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤᠮᠳᠠᠭᠠᠨ᠂ ᠬᠦᠢᠯᠬᠡᠬᠡ᠂  ᠬᠦᠢᠳᠡᠨ ᠬᠡᠯᠬᠢᠶᠡᠲᠦ ᠭᠤᠭᠴᠤᠭ᠎ᠠ ᠶᠢᠨ ᠢᠳᠡᠭᠡᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠳᠲᠡᠷ ᠲᠦᠷᠭᠡᠨ ᠰᠠᠶᠢᠲᠤᠷ ᠠᠳᠬᠤᠪᠠ᠃       ᠨᠢᠭᠡ ᠳᠤ᠂ ᠢᠳᠡᠭᠡᠨ ᠤᠮᠳᠠᠭᠠᠨ ᠤ ᠨᠢᠭᠡᠴᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠳᠠᠯᠠᠶᠢᠬᠦ᠋ᠪ ᠪᠠᠯᠭᠠᠰᠣᠨ ᠤ ᠡᠯ᠎ᠡ ᠢᠳᠡᠭᠡᠨ ᠤᠮᠳᠠᠭᠠᠨ ᠤ ᠨᠢᠬᠡᠴᠡ ᠳᠤ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠥᠷᠨᠢᠭᠦᠯᠬᠦ ᠶᠢᠨ ᠬᠠᠮᠲᠤ ᠬᠤᠳᠠᠯᠳᠤᠭᠠᠨ ᠤ ᠡᠷᠦᠬᠡ ᠶᠢᠨ ᠸᠢᠴᠠᠲ ᠢᠶᠠᠷ ᠳᠠᠮᠵᠢᠭᠤᠯᠤᠨ ᠰᠡᠷᠡᠮᠵᠢᠯᠡᠭᠦᠯᠬᠦ ᠰᠠᠨᠠᠭᠤᠯᠤᠮᠵᠢ ᠨᠡᠶᠢᠲᠡᠯᠡᠵᠦ᠂ ︽ᠬᠢᠨᠠᠠ ᠬᠠᠮᠢᠶᠠᠷᠤᠯᠲᠠ + ᠦᠢᠯᠡᠴᠢᠯᠡᠭᠡ︾ ᠶᠢᠨ ᠬᠡᠯᠪᠡᠷᠢ ᠪᠠᠷ ᠬᠤᠷᠢᠮ ᠨᠠᠶᠢᠷ ᠵᠡᠷᠭᠡ ᠶᠢ ᠬᠤᠶᠢᠰᠢᠯᠠᠭᠤᠯᠤᠨ ᠡᠷᠬᠢᠯᠡᠬᠦ᠂ ᠣᠷᠣᠰᠢᠭᠤᠯᠭ᠎ᠠ ᠶᠢᠨ  ᠶᠠᠪᠤᠳᠠᠯ ᠢ ᠲᠦᠷᠭᠡᠨ ᠰᠢᠢᠳᠪᠦᠷᠢᠯᠡᠬᠦ᠂ ᠳᠥᠭᠦᠮ ᠰᠢᠢᠳᠪᠦᠷᠢᠯᠡᠬᠦ ᠶᠢ ᠰᠠᠨᠠᠭᠠᠴᠢᠯᠠᠵᠤ᠂ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠬᠥᠮᠦᠰ ᠤᠨ ᠴᠤᠭᠯᠠᠷᠠᠯ ᠢ ᠪᠠᠭᠠᠰᠬᠠᠪᠠ᠃ ᠡᠭᠦᠨ ᠤ ᠬᠠᠮᠲᠤ᠂ ᠬᠤᠳᠠᠯᠳᠤᠭᠠᠨ ᠤ ᠡᠷᠦᠬᠡ᠂ ᠬᠡᠷᠡᠭᠯᠡᠭᠴᠢᠳ ᠢ ᠰᠢᠮᠳᠠᠭᠤᠯᠵᠤ ᠪᠠᠶᠢᠭᠠᠳ ᠠᠮᠠᠪᠴᠢ ᠵᠡᠭᠦᠬᠦ ᠶᠢ ᠳᠦᠷᠢᠮᠵᠢᠬᠦᠯᠦᠨ᠂ ᠠᠮᠤᠷ ᠲᠦᠪᠰᠢᠨ ᠤ ᠵᠠᠶ ᠶᠢ ᠪᠠᠳᠣᠯᠠᠵᠦ᠂ ᠲᠠᠯᠠᠪᠠᠢ ᠳᠤ ᠣᠷᠣᠵᠤ ᠪᠡᠶ᠎ᠡ ᠶᠢᠨ ᠳᠣᠯᠠᠭᠠᠨ ᠢ ᠬᠡᠮᠵᠢᠨ ᠺᠣᠳ᠋ ᠰᠢᠷᠪᠢᠵᠦ᠂ ᠠᠵᠢᠯᠯᠠᠭᠰᠠᠳ ᠤᠨ ᠬᠠᠮᠢᠶᠠᠷᠤᠯᠲᠠ ᠶᠢ ᠴᠢᠩᠭᠠᠳᠬᠠᠨ᠂ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠡᠬᠡ ᠳᠠᠩᠰᠠ ᠶᠢ ᠰᠠᠶᠢᠲᠤᠷ ᠪᠠᠶᠢᠭᠤᠯᠵᠤ᠂ ᠡᠵᠡᠩᠨᠡᠯᠲᠡ ᠶᠢᠨ ᠠᠵᠢᠯᠯᠠᠭ᠎ᠠ ᠶᠢ ᠳᠦᠷᠢᠮᠵᠢᠬᠦᠯᠦᠨ᠂ ︽ᠨᠡᠶᠢᠲᠡ ᠶᠢᠨ ᠰᠢᠨᠠᠭ᠎ᠠ ᠨᠡᠶᠢᠲᠡ ᠶᠢᠨ ᠰᠠᠪᠬ᠎ᠠ︾ ᠬᠠᠩᠭᠠᠵᠤ᠂ ᠰᠡᠷᠭᠡᠶᠢᠯᠡᠬᠦ ᠤᠬᠠᠮᠰᠠᠷ ᠢ ᠳᠡᠭᠡᠭᠰᠢᠯᠡᠬᠦᠯᠪᠡ᠃ 8 ᠰᠠᠷ᠎ᠠ ᠶᠢᠨ 5 ᠤ ᠡᠳᠦᠷ ᠠᠴᠠ 11 ᠤ ᠡᠳᠦᠷ ᠪᠣᠯᠲᠠᠯ᠎ᠠ᠂ ᠨᠡᠶᠢᠲᠡ 60 ᠢᠳᠡᠭᠡᠨ ᠤᠮᠳᠠᠭᠠᠨ ᠤ ᠨᠢᠭᠡᠴᠡ ᠶᠢ ᠪᠠᠶᠢᠴᠠᠭᠠᠵᠤ᠂ 4 ᠨᠢᠭᠡᠴᠡ ᠶᠢ ᠠᠵᠢᠯ ᠢ ᠨᠢ ᠵᠣᠭᠰᠣᠭᠠᠨ ᠴᠡᠭᠴᠡᠯᠡᠵᠦ᠂ ᠬᠤᠭᠤᠴᠠᠭ᠎ᠠ ᠲᠣᠭᠲᠠᠭᠠᠨ 6 ᠨᠢᠭᠡᠴᠡ ᠶᠢ ᠴᠡᠭᠴᠡᠯᠡᠨ ᠰᠠᠶᠢᠵᠢᠷᠠᠭᠤᠯᠵᠦ᠂ 5 ᠤᠳᠠᠭ᠎ᠠ ᠰᠡᠷᠡᠮᠵᠢᠯᠡᠭᠦᠯᠬᠦ ᠰᠠᠨᠠᠭᠤᠯᠤᠮᠵᠢ ᠨᠡᠶᠢᠲᠡᠯᠡᠪᠡ᠃       ᠬᠤᠶᠠᠷ ᠲᠤ᠂ ᠬᠦᠢᠯᠬᠡᠬᠡᠨ ᠤ ᠬᠦᠷᠢᠶᠡᠨ ᠳᠠᠬᠢ ᠪᠥᠬᠦ ᠠᠵᠢᠯᠲᠠᠨ ᠢ ᠰᠢᠭᠰᠢᠨ ᠪᠠᠶᠢᠴᠠᠭᠠᠬᠤ ᠠᠵᠢᠯ ᠢ ᠦᠷᠨᠢᠬᠦᠯᠪᠡ᠃ ᠴᠢᠯᠦᠭᠡᠳᠦ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠤᠨ ᠬᠥᠮᠦᠰ ᠨᠢᠭᠲᠠᠷᠠᠭᠰᠠᠨ᠂ ᠣᠷᠣᠨ ᠵᠠᠶ ᠨᠢᠭᠲᠠ ᠪᠢᠲᠡᠭᠦᠮᠵᠢᠯᠡᠭᠰᠡᠨ ᠣᠨᠴᠠᠯᠢᠭ ᠲᠤ ᠴᠢᠭᠯᠡᠭᠦᠯᠦᠨ᠂ ᠢᠳᠡᠭᠡᠨ ᠤ ᠵᠦᠢᠯ ᠤᠨ ᠦᠢᠯᠡᠳᠪᠦᠷᠢᠯᠡᠯ ᠬᠦᠢᠯᠭᠡᠭᠡᠨ ᠤ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠸᠠᠺᠼᠢᠨ ᠤ ᠲᠠᠷᠢᠯᠭ᠎ᠠ ᠶᠢᠨ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ︽ᠺᠣᠳ᠋ ᠰᠢᠷᠪᠢᠵᠦ ᠳᠣᠯᠠᠭᠠᠨ ᠢ ᠬᠡᠮᠵᠢᠵᠦ ᠠᠮᠠᠪᠴᠢ ᠵᠡᠭᠦᠬᠦ︾ ᠵᠠᠬ᠎ᠠ ᠳᠡᠯᠭᠡᠭᠦᠷ ᠲᠤ ᠣᠷᠣᠬᠤ ᠪᠣᠭᠤᠮᠲᠠ ᠶᠢ ᠴᠢᠩᠭ᠎ᠠ ᠰᠠᠬᠢᠵᠤ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠪᠠ᠃ 8 ᠰᠠᠷ᠎ᠠ ᠶᠢᠨ 1 ᠤ ᠡᠳᠦᠷ ᠠᠴᠠ 11 ᠤ ᠡᠳᠦᠷ ᠪᠣᠯᠲᠠᠯ᠎ᠠ᠂ ᠳᠤᠮᠳᠠ ᠬᠡᠯᠪᠡᠷᠢ ᠶᠢᠨ ᠴᠢᠯᠦᠭᠡᠳᠦ ᠳᠡᠯᠭᠡᠭᠦᠷ 5᠂ ᠪᠥᠭᠡᠮ ᠢᠶᠠᠷ ᠬᠤᠳᠠᠯᠳᠤᠬᠤ ᠴᠢᠯᠦᠭᠡᠳᠦ ᠳᠡᠯᠭᠡᠭᠦᠷ 4 ᠶᠢ ᠵᠢᠭᠰᠠᠭᠠᠨ ᠪᠠᠶᠢᠴᠠᠭᠠᠪᠠ︔ ᠪᠦᠬᠦ ᠬᠤᠰᠢᠭᠤᠨ ᠤ ᠢᠳᠡᠭᠡᠨ ᠤ ᠦᠢᠯᠡᠳᠪᠦᠷᠢᠯᠡᠯ ᠤᠨ 2 ᠠᠵᠤ ᠠᠬᠤᠶᠢᠯᠠᠯ ᠢ ᠪᠠᠶᠢᠴᠠᠭᠠᠵᠤ᠂ 10 ᠠᠰᠠᠭᠤᠳᠠᠯ ᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠭᠰᠠᠨ ᠮᠡᠳᠡᠭᠳᠡᠯ ᠤᠨ ᠪᠢᠴᠢᠭ ᠢ 2 ᠬᠤᠪᠢ ᠪᠠᠭᠤᠯᠭᠠᠪᠠ︔ ᠵᠢᠵᠢᠭ  ᠦᠢᠯᠡᠳᠬᠡᠯ ᠤᠨ ᠭᠠᠵᠠᠷ ᠢ 28 ᠡᠷᠦᠬᠡ ᠤᠳᠠᠭ᠎ᠠ ᠪᠠᠶᠢᠴᠠᠭᠠᠵᠤ᠂ ᠭᠡᠷᠡᠴᠢ ᠪᠠ ᠪᠠᠷᠢᠮᠲᠠ ᠪᠦᠷᠢᠨ ᠬᠦᠢᠴᠡᠳ ᠥᠬᠡᠶ᠂ ᠠᠵᠢᠯᠯᠠᠬᠤ ᠦᠶ᠎ᠡ ᠳᠤ ᠠᠮᠠᠪᠴᠢ ᠵᠡᠭᠦᠭᠰᠡᠨ ᠥᠬᠡᠶ᠂ ᠠᠷᠢᠭᠤᠳᠬᠠᠯ ᠤᠨ ᠬᠡᠷᠡᠭᠰᠡᠯ ᠲᠣᠬᠢᠷᠠᠭᠤᠯᠤᠭᠰᠠᠨ ᠥᠬᠡᠶ ᠵᠡᠷᠭᠡ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠦᠨ ᠲᠤᠬᠠᠶ ᠶᠢᠨ ᠲᠠᠯᠠᠪᠠᠶ ᠳᠤ ᠱᠠᠯᠠᠪᠳᠠᠭᠤᠯᠤᠨ ᠱᠠᠭᠠᠷᠳᠠᠵᠤ ᠴᠡᠭᠴᠡᠯᠡᠨ ᠰᠠᠶᠢᠵᠢᠷᠠᠭᠤᠯᠪᠠ᠃       ᠭᠤᠷᠪᠠ ᠳᠤ᠂ ᠬᠦᠢᠳᠡᠨ ᠬᠡᠯᠬᠢᠶᠡᠲᠦ ᠢᠳᠡᠭᠡᠨ ᠤ ᠬᠢᠨᠠᠠ ᠬᠠᠮᠢᠶᠠᠷᠤᠯᠲᠠ ᠶᠢᠨ ᠪᠥᠬᠦ ᠶᠠᠪᠤᠴᠠ ᠶᠢᠨ ᠮᠥᠷᠳᠡᠯᠲᠡ ᠶᠢ ᠦᠷᠨᠢᠬᠦᠯᠪᠡ᠃ ᠬᠥᠯᠳᠡᠭᠡᠵᠦ ᠬᠡᠯᠬᠢᠶᠡᠵᠢᠭᠦᠯᠬᠦ ᠠᠵᠢᠯ ᠤᠨ ᠲᠤᠰᠬᠠᠶ ᠠᠩᠭᠢ ᠶᠢᠨ ᠦᠢᠯᠡᠳᠦᠯ ᠢ ᠪᠠᠳᠠᠷᠠᠭᠤᠯᠤᠨ᠂ ︽ᠭᠤᠷᠪᠠᠨ ᠲᠤᠰᠬᠠᠶ︾ ︽ᠳᠥᠷᠪᠡᠨ ᠦᠨᠡᠮᠯᠡᠯ︾ ᠵᠢᠴᠢ ᠮᠡᠳᠡᠭᠦᠯᠵᠦ ᠳᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠂ ᠭᠠᠳᠠᠭᠠᠳᠤ ᠠᠴᠠ ᠣᠷᠣᠭᠤᠯᠤᠭᠰᠠᠨ ᠬᠥᠯᠳᠡᠭᠡᠵᠦ ᠬᠡᠯᠬᠢᠶᠡᠵᠢᠭᠦᠯᠦᠭᠰᠡᠨ ᠢᠳᠡᠭᠡᠨ ᠤ ᠡᠵᠡᠩᠨᠡᠨ ᠪᠣᠷᠣᠯᠠᠭᠤᠯᠬᠤ ᠭᠤᠤᠯ ᠴᠣᠭᠴᠠ ᠶᠢ ᠰᠢᠮᠳᠠᠭᠤᠯᠵᠤ ᠪᠠᠶᠢᠭᠠᠳ ︽ᠥᠪᠥᠷ ᠮᠣᠩᠭᠤᠯ ᠬᠥᠯᠳᠡᠭᠡᠵᠦ ᠬᠡᠯᠬᠢᠶᠡᠵᠢᠭᠦᠯᠬᠦ︾ ᠰᠢᠰᠲ᠋ᠧᠮ ᠢ ᠢᠳᠡᠪᠬᠢᠲᠡᠶ ᠪᠠᠷ ᠳᠡᠯᠭᠡᠷᠡᠭᠦᠯᠦᠨ ᠬᠡᠷᠡᠭᠯᠡᠭᠦᠯᠵᠦ᠂ ᠢᠷᠡᠯᠲᠡ ᠶᠢ ᠨᠢ ᠮᠥᠷᠳᠡᠵᠦ ᠪᠣᠯᠬᠤ᠂ ᠬᠠᠨᠳᠤᠰᠢ ᠶᠢ ᠨᠢ ᠪᠠᠶᠢᠴᠠᠭᠠᠵᠤ ᠪᠣᠯᠬᠤ᠂ ᠶᠠᠪᠤᠴᠠ ᠶᠢ ᠨᠢ ᠡᠵᠡᠮᠳᠡᠵᠦ ᠪᠣᠯᠬᠤ ᠶᠢ ᠦᠨᠡᠨᠬᠦ ᠪᠠᠳᠣᠯᠠᠪᠠ᠃ 8 ᠳ᠋ᠤᠭᠠᠷ ᠰᠠᠷ᠎ᠠ ᠶᠢᠨ 1 ᠤ ᠡᠳᠦᠷ ᠠᠴᠠ 11 ᠤ ᠡᠳᠦᠷ ᠪᠣᠯᠲᠠᠯ᠎ᠠ᠂ ᠬᠦᠢᠲᠡᠨ ᠬᠡᠯᠬᠢᠶᠡᠲᠦ ᠢᠳᠡᠭᠡᠨ ᠤ ᠡᠵᠡᠩᠨᠡᠯᠲᠡ ᠶᠢᠨ ᠡᠷᠦᠬᠡ 20᠂ ᠥᠪᠡᠷᠲᠡᠭᠡᠨ ᠬᠥᠯᠳᠡᠭᠡᠬᠦ ᠬᠥᠮᠥᠷᠭᠡ 22᠂ ᠬᠦᠢᠲᠡᠨ ᠰᠣᠷᠭᠤᠭ ᠢᠳᠡᠭᠡᠨ ᠤ ᠬᠥᠮᠥᠷᠭᠡ 15 ᠶᠢ ᠵᠢᠭᠰᠠᠭᠠᠨ ᠪᠠᠶᠢᠴᠠᠭᠠᠪᠠ︔ ᠬᠦᠢᠲᠡᠨ ᠬᠡᠯᠬᠢᠶᠡᠲᠦ ᠢᠳᠡᠭᠡᠨ ᠠᠴᠠ 22 ᠬᠤᠪᠢ ᠦᠯᠢᠭᠡᠷ ᠠᠪᠴᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠠᠴᠠ 6 ᠬᠤᠪᠢ ᠦᠯᠢᠭᠡᠷ ᠠᠪᠴᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ  ᠳᠤ ᠦᠷ᠎ᠡ ᠳ᠋ᠦᠩ ᠨᠢ ᠴᠥᠮ ᠪᠢᠯᠢᠭ ᠴᠢᠨᠠᠷ ᠲᠠᠢ ᠪᠠᠶᠢᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号