ᠰᠦᠯᠵᠢᠶᠡᠨ ᠤ ᠮᠡᠬᠡᠯᠡᠯ ᠢ ᠰᠡᠷᠬᠡᠶᠢᠯᠡᠬᠦ ᠰᠤᠨᠤᠷ ᠰᠡᠷᠡᠮᠵᠢ ᠪᠠᠨ ᠲᠡᠭᠡᠭᠰᠢᠯᠡᠬᠦᠯᠰᠦᠭᠡᠢ
ᠨᠡᠶᠢᠲᠡᠯᠡᠭᠰᠡᠨ ᠴᠠᠭ᠄
2021/8/16
     ᠬᠦᠬᠡᠬᠤᠳᠠ ᠶᠢᠨ ᠬᠤᠳᠤᠩ ᠠᠷᠠᠳ ᠤᠨ ᠲᠤᠭᠤᠷᠢᠬ ᠤᠨ ᠵᠠᠩ ᠤᠪᠤᠬᠳᠤ ᠰᠦᠯᠵᠢᠶᠡᠨ ᠲᠡᠭᠡᠷ᠎ᠡ 2000 ᠲᠦᠬᠦᠷᠢᠭ ᠤᠨ ᠵᠢᠭᠡᠯᠡᠯᠭᠡ ᠠᠪᠬᠤ ᠬᠡᠳ 6 ᠲᠦᠮᠡᠨ ᠲᠦᠬᠦᠷᠢᠭ ᠮᠡᠬᠡᠯᠡᠭᠳᠡᠭᠰᠡᠨ᠂ ᠮᠦᠨ ᠬᠤᠳᠤᠩ ᠠᠷᠠᠳ ᠤᠨ ᠲᠤᠭᠤᠷᠢᠬ ᠤᠨ ᠬᠦᠸᠧ ᠤᠪᠤᠬᠳᠤ ᠰᠦᠯᠵᠢᠶᠡᠨ ᠲᠡᠭᠡᠷ᠎ᠡ ᠺᠤᠳ᠋ ᠰᠢᠷᠪᠢᠬᠡᠳ 13 ᠲᠦᠮᠡᠨ ᠲᠦᠬᠦᠷᠢᠭ ᠮᠡᠬᠡᠯᠡᠭᠳᠡᠭᠰᠡᠨ᠂ ᠬᠦᠬᠡᠬᠤᠳᠠ ᠶᠢᠨ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠠᠵᠢᠯᠳᠠᠨ ᠬᠦᠸᠧ ᠤᠪᠤᠬᠳᠤ ᠤᠳᠤᠷᠢᠳᠤᠯᠭ᠎ᠠ ᠪᠠᠷ ᠬᠠᠭᠤᠷᠮᠠᠬᠯᠠᠵᠤ ᠤᠪᠯᠠᠬᠰᠠᠨ ᠬᠦᠮᠦᠨ ᠳᠤ 65 ᠲᠦᠮᠡᠨ ᠲᠦᠬᠦᠷᠢᠭ ᠮᠡᠬᠡᠯᠡᠭᠳᠡᠪᠡ᠃ ᠡᠶᠢᠨ ᠬᠦ ᠤᠶᠢᠷ᠎ᠠ ᠶᠢᠨ ᠰᠠᠷ᠎ᠠ ᠭᠠᠷᠤᠢ ᠶᠢᠨ ᠬᠤᠭᠤᠴᠠᠭᠠᠨ ᠳᠤ᠂ ᠬᠦᠬᠡᠬᠤᠳᠠ ᠳᠤ ᠤᠳᠠᠭ᠎ᠠ ᠲᠠᠷᠠᠭᠠᠯᠠᠨ ᠬᠡᠳᠦ ᠤᠳᠠᠭ᠎ᠠ ᠶᠢᠨ ᠰᠦᠯᠵᠢᠶ᠎ᠡ ᠪᠠᠷ ᠳᠠᠮᠵᠢᠨ ᠮᠡᠭᠡᠯᠡᠭᠳᠡᠭᠰᠡᠨ ᠬᠡᠷᠡᠭ ᠭᠠᠷᠪᠠ᠃     ᠤᠶᠢᠷ᠎ᠠ ᠶᠢᠨ ᠵᠢᠯ ᠠᠴᠠ ᠨᠠᠭᠠᠰᠢ᠂ ᠮᠡᠳᠡᠭᠡ ᠵᠠᠩᠬᠢ ᠶᠢᠨ ᠮᠡᠷᠬᠡᠵᠢᠯ ᠤᠨ ᠲᠦᠷᠭᠡᠨ ᠬᠦᠭᠵᠢᠬᠦ ᠶᠢ ᠲᠠᠭᠠᠯᠳᠤᠨ᠂ ᠭᠠᠷ ᠤᠳᠠᠰᠤ ᠢᠨᠲ᠋ᠧᠷ ᠰᠦᠯᠵᠢᠶ᠎ᠡ ᠨᠢᠬᠡᠨᠳᠡ ᠬᠦᠮᠦᠰ ᠤᠨ ᠠᠮᠢᠳᠤᠷᠠᠯ ᠤᠨ ᠡᠯ᠎ᠡ ᠲᠠᠯ᠎ᠠ ᠳᠤ ᠨᠡᠪᠴᠢᠨ ᠤᠷᠤᠵᠤ᠂ ᠠᠵᠢᠯ ᠠᠮᠢᠳᠤᠷᠠᠯ ᠳᠤ ᠮᠠᠰᠢ ᠶᠡᠭᠡ ᠲᠦᠬᠦᠮ ᠦᠵᠡᠬᠦᠯᠪᠡ᠃ ᠬᠡᠪᠡᠴᠦ ᠢᠨᠲ᠋ᠧᠷ ᠰᠦᠯᠵᠢᠶᠡᠨ ᠤ ᠲᠦᠷᠬᠡᠨ ᠲᠦᠬᠦᠮ ᠪᠠᠶᠢᠳᠠᠬ ᠤᠨᠴᠠᠯᠢᠬ ᠨᠢ ᠮᠡᠬᠡᠯᠡᠯ ᠤᠨ ᠶᠠᠯᠠᠳᠤ ᠠᠵᠢᠯᠯᠠᠭ᠎ᠠ ᠬᠢᠭᠰᠡᠳ ᠲᠤ ᠵᠠᠪᠰᠢᠶᠠᠨ ᠤᠯᠭᠤᠪᠠ᠃ ᠰᠦᠯᠵᠢᠶᠡᠨ ᠤ ᠮᠡᠬᠡᠯᠡᠯ ᠤᠨ ᠶᠠᠯᠠᠳᠤ ᠠᠵᠢᠯᠯᠠᠭ᠎ᠠ ᠨᠢ ᠤᠳᠤ ᠡᠷᠬᠡᠳᠦ ᠠᠷᠠᠳ ᠤᠨ ᠬᠤᠪᠢ ᠬᠦᠮᠦᠨ ᠤ ᠡᠳ᠋ ᠬᠦᠷᠦᠩᠬᠡ ᠶᠢᠨ ᠠᠮᠤᠷ ᠲᠦᠪᠰᠢᠨ ᠳᠤ ᠬᠦᠨᠦᠬᠡᠯ ᠤᠴᠠᠷᠠᠭᠤᠯᠤᠬᠰᠠᠨ ᠢᠶᠠᠷ ᠪᠠᠷᠠᠬᠤ ᠦᠬᠡᠢ ᠪᠠᠰᠠ ᠬᠤᠪᠢ ᠬᠦᠮᠦᠨ ᠤ ᠮᠡᠳᠡᠭᠡ ᠵᠠᠩᠬᠢ ᠶᠢᠨ ᠠᠮᠤᠷ ᠲᠦᠪᠰᠢᠨ ᠪᠤᠯᠤᠨ ᠠᠵᠤ ᠠᠬᠤᠢ ᠶᠢᠨ ᠡᠮᠬᠢ ᠲᠢᠭᠯᠢᠮ ᠢ ᠬᠠᠮᠠᠭᠠᠯᠠᠬᠤ ᠶᠠᠪᠤᠳᠠᠯ ᠢ ᠶᠡᠭᠡ ᠪᠠᠷ ᠨᠦᠯᠦᠬᠡᠯᠡᠵᠦ ᠪᠠᠶᠢᠨ᠎ᠠ᠃ ᠰᠦᠯᠵᠢᠶᠡᠨ ᠤ ᠮᠡᠬᠡᠯᠡᠯ ᠤᠨ ᠠᠵᠢᠯᠯᠠᠭ᠎ᠠ ᠶᠢᠨ ᠤᠯᠠᠶᠢᠷᠠᠨ ᠰᠢᠷᠦᠬᠦᠰᠬᠦ ᠪᠠᠶᠢᠳᠠᠯ ᠢ ᠬᠤᠷᠢᠬᠯᠠᠵᠤ᠂ ᠠᠷᠠᠳ ᠤᠯᠠᠨ ᠤ ᠵᠤᠭᠤᠰ ᠮᠦᠩᠬᠦ ᠡᠳ᠋ ᠬᠦᠷᠦᠩᠬᠡ ᠶᠢᠨ ᠬᠤᠬᠢᠷᠠᠯ ᠢ ᠪᠠᠭᠠᠰᠬᠠᠬᠤ ᠶᠢᠨ ᠲᠤᠯᠠᠳᠠ᠂ ᠡᠯ᠎ᠡ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠪᠠᠶᠠᠯᠢᠬ ᠠᠭᠤᠯᠭ᠎ᠠ ᠲᠠᠢ ᠤᠯᠠᠨ ᠬᠡᠯᠪᠡᠷᠢ ᠶᠢᠨ ᠤᠬᠠᠭᠤᠯᠭ᠎ᠠ ᠦᠷᠨᠢᠬᠦᠯᠦᠭᠰᠡᠭᠡᠷ ᠢᠷᠡᠭᠰᠡᠨ ᠪᠦᠬᠡᠳ ᠪᠦᠳᠦᠮᠵᠢᠳᠡᠢ ᠠᠷᠭ᠎ᠠ ᠬᠡᠮᠵᠢᠶ᠎ᠡ ᠬᠡᠷᠡᠭᠵᠢᠬᠦᠯᠵᠦ ᠪᠠᠶᠢᠨ᠎ᠠ᠃ ᠵᠢᠱᠢᠶᠡᠯᠡᠪᠡᠯ᠂ ᠤᠯᠤᠰ ᠤᠨ ᠮᠡᠬᠡᠯᠡᠯ ᠢ ᠡᠰᠡᠷᠬᠦᠴᠡᠬᠦ ᠲᠦᠪ ᠠᠴᠠ ᠮᠡᠬᠡᠯᠡᠭᠳᠡᠬᠦ ᠪᠤᠯᠤᠮᠵᠢᠳᠠᠢ ᠬᠦᠮᠦᠰ ᠲᠤ 12381 ᠤᠷᠢᠳᠴᠢᠯᠠᠨ ᠰᠡᠷᠡᠮᠵᠢᠯᠡᠬᠦᠯᠬᠦ ᠤᠬᠤᠷ ᠴᠢᠮᠡᠭᠡ ᠶᠠᠪᠤᠭᠤᠯᠵᠤ᠂ ᠤᠷᠢᠳᠴᠢᠯᠠᠨ ᠰᠡᠷᠡᠮᠵᠢᠯᠡᠬᠦᠯᠬᠦ︔ ᠴᠠᠬᠢᠯᠭᠠᠨ ᠬᠤᠯᠪᠤᠭ᠎ᠠ ᠶᠢᠨ ᠰᠦᠯᠵᠢᠶᠡᠨ ᠤ ᠮᠡᠬᠡᠯᠡᠯ ᠢ ᠰᠡᠷᠬᠡᠶᠢᠯᠡᠬᠦ ᠳᠤ ᠲᠤᠰᠬᠠᠢ ᠬᠡᠷᠡᠭᠯᠡᠬᠦ ᠤᠳᠠᠰᠤ 96110 ᠶᠢ ᠨᠡᠪᠳᠡᠷᠡᠬᠦᠯᠵᠦ᠂ ᠮᠡᠬᠡᠯᠡᠭᠳᠡᠬᠦ ᠪᠤᠯᠤᠮᠵᠢᠳᠠᠢ ᠬᠦᠮᠦᠰ ᠢ ᠢᠳᠬᠠᠵᠤ ᠰᠡᠷᠡᠮᠵᠢᠯᠡᠬᠦᠯᠬᠦ ᠬᠡᠬᠦ ᠮᠡᠳᠦ᠃     ᠬᠡᠳᠡᠯ᠎ᠡ᠂ ᠴᠠᠬᠢᠯᠭᠠᠨ ᠬᠤᠯᠪᠤᠭ᠎ᠠ ᠶᠢᠨ ᠰᠦᠯᠵᠢᠶᠡᠨ ᠤ ᠮᠡᠬᠡᠯᠡᠯ ᠳᠤ ᠮᠡᠬᠡᠯᠡᠭᠳᠡᠵᠦ ᠪᠠᠶᠢᠭ᠎ᠠ ᠬᠦᠮᠦᠰ ᠮᠦᠨ ᠯᠡ ᠨᠡᠯᠢᠶᠡᠳ ᠤᠯᠠᠨ ᠪᠠᠶᠢᠬᠰᠠᠭᠠᠷ᠃ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠴᠠᠬᠢᠯᠭᠠᠨ ᠬᠤᠯᠪᠤᠭ᠎ᠠ ᠶᠢᠨ ᠰᠦᠯᠵᠢᠶᠡᠨ ᠤ ᠮᠡᠬᠡᠯᠡᠯ ᠢ ᠰᠡᠷᠬᠡᠶᠢᠯᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ᠂ ᠤᠬᠠᠭᠤᠯᠭ᠎ᠠ ᠬᠢᠬᠦ ᠶᠠᠪᠤᠳᠠᠯ ᠮᠠᠰᠢ ᠴᠢᠬᠤᠯᠠ ᠪᠤᠯᠪᠠᠴᠤ ᠬᠠᠮᠤᠬ ᠤᠨ ᠴᠢᠬᠤᠯᠠ ᠨᠢ ᠬᠠᠰᠢ ᠯᠠ ᠦᠪᠡᠷᠰᠡᠳ ᠤᠨ ᠪᠡᠶ᠎ᠡ ᠠᠴᠠ ᠪᠠᠨ ᠡᠬᠢᠯᠡᠨ ᠬᠢᠵᠦ᠂ ᠰᠤᠨᠤᠷ ᠰᠡᠷᠡᠮᠵᠢ ᠪᠠᠨ ᠲᠡᠭᠡᠭᠰᠢᠯᠡᠬᠦᠯᠵᠦ᠂ ᠮᠡᠬᠡᠯᠡᠯ ᠢ ᠰᠡᠷᠬᠡᠶᠢᠯᠡᠬᠦ ᠴᠢᠳᠠᠪᠤᠷᠢ ᠪᠠᠨ ᠲᠡᠭᠡᠭᠰᠢᠯᠡᠬᠦᠯᠬᠦ ᠳᠤ ᠪᠠᠶᠢᠭ᠎ᠠ ᠶᠤᠮ᠃ ᠪᠢᠳᠡ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠢᠯᠭᠠᠨ ᠬᠤᠯᠪᠤᠭ᠎ᠠ ᠶᠢᠨ ᠰᠦᠯᠵᠢᠶᠡᠨ ᠤ ᠮᠡᠬᠡᠯᠡᠯ ᠤᠨ ᠠᠷᠭ᠎ᠠ ᠪᠠᠰᠢᠷ ᠢ ᠢᠯᠡᠴᠢᠯᠡᠭᠰᠡᠨ ᠤᠬᠠᠭᠤᠯᠭ᠎ᠠ ᠮᠡᠳᠡᠬᠡᠯᠡᠯ ᠢ ᠢᠮᠠᠬᠳᠠ ᠠᠩᠬᠠᠷᠤᠨ ᠰᠤᠷᠤᠯᠴᠠᠵᠤ᠂ ᠮᠡᠬᠡᠯᠡᠯ ᠢ ᠰᠡᠷᠬᠡᠶᠢᠯᠡᠬᠦ ᠶᠡᠷᠦ ᠶᠢᠨ ᠮᠡᠳᠡᠯᠬᠡ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠮᠡᠬᠡᠯᠡᠯ ᠢ ᠰᠡᠷᠬᠡᠶᠢᠯᠡᠵᠦ ᠡᠰᠡᠷᠬᠦᠴᠡᠬᠦ ︽ᠦᠯᠦ ᠬᠠᠯᠳᠠᠭᠠᠬᠤ ᠴᠢᠳᠠᠪᠤᠷᠢ︾ ᠪᠠᠨ ᠲᠡᠭᠡᠭᠰᠢᠯᠡᠬᠦᠯᠵᠦ᠂ ᠪᠡᠶ᠎ᠡ ᠪᠠᠨ ᠪᠠᠬᠢᠯᠡᠵᠦ ᠪᠢᠯᠢᠭ ᠢᠶᠠᠨ ᠴᠢᠩᠳᠠᠯᠠᠪᠠᠯ ᠦᠨᠡᠨ ᠬᠦ ᠮᠡᠬᠡᠯᠡᠯ ᠠᠴᠠ ᠬᠤᠯᠠᠬᠠᠨ ᠪᠠᠶᠢᠵᠤ ᠴᠢᠳᠠᠬᠤ ᠶᠤᠮ᠃  
 
ᠢᠷᠡᠯᠲᠡ᠄ ᠠᠷᠠᠳ ᠤᠨ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号