— ᠪᠦᠬᠦ ᠠᠶᠢᠮᠠᠭ ᠤᠨ ᠰᠢᠯᠢᠳᠡᠭ ᠨᠠᠮ ᠤᠨ ᠭᠡᠰᠢᠬᠦᠨ ᠪᠠᠳᠤᠴᠠᠭᠠᠨ ᠤ ᠦᠢᠯᠡ ᠠᠵᠢᠯᠯᠠᠭ᠎ᠠ ᠶᠢ ᠲᠡᠮᠳᠡᠭᠯᠡᠪᠡ | | ᠪᠠᠳᠤᠴᠠᠭᠠᠨ ᠪᠣᠯ ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠭᠤᠷᠤᠨᠠᠢ ᠭᠠᠴᠠᠭᠠᠨ ᠤ ᠨᠠᠮ ᠤᠨ | ᠡᠭᠦᠷ ᠤᠨ ᠱᠦᠵᠢ᠂ ᠭᠠᠴᠠᠭᠠᠨ ᠳᠠᠷᠤᠭ᠎ᠠ ᠪᠣᠯᠣᠨ᠎ᠠ᠃ ᠣᠯᠠᠨ ᠵᠢᠯ ᠤᠨ ᠲᠤᠷᠰᠢᠬᠢ ᠭᠠᠴᠠᠭᠠᠨ ᠤ ᠠᠵᠢᠯ ᠳᠤ ᠲᠡᠷᠡ | ᠤᠯᠤᠰ ᠠᠴᠠ ᠮᠠᠯᠵᠢᠬᠤ ᠲᠠᠷᠢᠶᠠᠯᠠᠬᠤ ᠣᠷᠣᠨ ᠳᠤ ᠭᠡᠷᠡᠭᠵᠢᠬᠦᠯᠵᠤ ᠪᠠᠶᠢᠭ᠎ᠠ ᠱᠤᠭᠤᠮ᠂ ᠴᠢᠭᠯᠡᠯᠲᠡ᠂ ᠲᠥᠷᠥ ᠶᠢᠨ | ᠪᠣᠳᠣᠯᠭ᠎ᠠ ᠶᠢ ᠢᠮᠠᠭᠲᠠ ᠪᠠᠷᠢᠮᠲᠠᠯᠠᠨ ᠳᠤᠭᠤᠰᠢᠯᠠᠭᠤᠯᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ | ᠭᠦᠢᠴᠡᠳᠬᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠣᠯᠠᠨ ᠲᠦᠮᠡᠨ ᠢ ᠳᠠᠭᠠᠭᠤᠯᠤᠨ ᠦᠢᠯᠡᠰ ᠪᠣᠰᠬᠠᠨ | ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠬᠰᠠᠠ ᠠᠴᠠ ᠨᠤᠲᠤᠭ ᠤᠨ ᠤᠯᠠᠠ ᠳᠦᠮᠠᠠ᠂ ᠬᠥᠷᠰᠢ | ᠵᠡᠷᠭᠡᠯᠡᠳᠡᠭᠡ ᠶᠢᠨ ᠬᠢᠨ ᠤ ᠰᠠᠶᠢᠨ ᠦᠨᠡᠯᠡᠯᠲᠡ ᠶᠢ ᠤᠯᠤᠭᠰᠠᠨ ᠪᠠᠶᠢᠨ᠎ᠠ᠃ | 2018 ᠣᠨ ᠳᠤ᠂ ᠪᠠᠲᠤᠴᠠᠭᠠᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠭᠰᠡᠨ ᠠᠴᠠ | ᠨᠠᠭᠠᠰᠢ᠂ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠦ᠂ ᠪᠦᠬᠦ ᠲᠠᠯ᠎ᠠ ᠶᠢᠨ ᠦᠵᠡᠯᠲᠡ ᠪᠠ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢᠶᠠᠨ ᠴᠢᠩᠭᠠᠳᠬᠠᠠ᠂ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠨ ᠡᠷᠡᠮᠡᠬᠡᠶᠢᠯᠡᠨ ᠲᠠᠪᠰᠢᠵᠤ᠂ ᠨᠠᠮ ᠤᠨ ᠭᠡᠰᠢᠭᠦᠨ ᠢ ᠢᠳᠡᠪᠬᠢᠲᠡᠢ ᠵᠢᠯᠣᠭᠤᠳᠤᠨ ᠳᠠᠭᠠᠭᠤᠯᠵᠤ᠂ ︽ᠠᠵᠤ | ᠠᠬᠤᠢ ᠶᠢ ᠬᠥᠭᠵᠢᠭᠦᠯᠬᠦ ᠵᠠᠮᠴᠢᠯᠠᠭᠴᠢ᠂ ᠲᠥᠷᠦ ᠶᠢᠨ ᠪᠣᠳᠣᠯᠭ᠎ᠠ ᠬᠠᠤᠯᠢ ᠳᠦᠷᠢᠮ ᠤᠨ ᠤᠬᠠᠭᠤᠯᠤᠭᠴᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ ᠰᠤᠷᠠᠭ | ᠵᠠᠩᠭᠢᠴᠢ᠂ ᠵᠥᠷᠢᠴᠡᠯ ᠵᠢᠭᠤᠷᠠᠭᠠᠨ ᠢ ᠡᠶᠡᠳᠡᠭᠦᠯᠦᠭᠴᠢ︾ ᠪᠤᠯᠭᠠᠨ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠤᠯᠠᠮ ᠴᠢᠨᠠᠭᠰᠢᠳᠠ ᠳᠠᠶᠢᠴᠢᠯᠠᠨ᠂ ᠪᠦᠬᠦ᠋ᠢᠯᠡ ᠭᠠᠴᠠᠭᠠᠨ ᠤ ᠲᠣᠭᠲᠠᠭᠤᠨ ᠪᠠ ᠬᠥᠭᠵᠢᠯᠲᠡ ᠶᠢ | ᠠᠬᠢᠭᠤᠯᠪᠠ᠃ ᠡᠬᠦᠨ ᠤ ᠬᠠᠮᠳᠤ ᠭᠠᠴᠠᠭᠠᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠭᠠᠴᠠᠭᠠᠨ ᠤ | ᠶᠠᠪᠤᠳᠠᠯ ᠤᠨ ᠡᠯ᠎ᠡ ᠵᠦᠢᠯ ᠤᠨ ᠠᠵᠢᠯ ᠤᠨ ᠲᠦᠷᠢᠮ ᠲᠣᠭᠲᠠᠭᠠᠯ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ | ᠭᠠᠴᠠᠭᠠᠨ ᠤ ᠶᠠᠪᠤᠳᠠᠯ ᠤᠨ ᠠᠵᠢᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠠᠷᠠᠳᠴᠢᠯᠠᠯ ᠢᠶᠠᠷ | ᠰᠢᠢᠳᠪᠦᠷᠢ ᠪᠣᠳᠣᠯᠭ᠎ᠠ ᠳᠣᠭᠳᠠᠭᠠᠬᠤ᠂ ᠭᠠᠴᠠᠭᠠᠨ ᠤ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ᠂ | ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠳᠬᠠᠬᠤ᠂ ᠭᠠᠴᠠᠭᠠᠨ ᠤ ᠪᠠᠭ ᠤᠨ ᠪᠦᠷᠢᠯᠳᠦᠬᠦᠨ ᠤ ᠦᠢᠯᠡ | ᠠᠵᠢᠯᠯᠠᠭ᠎ᠠ ᠶᠢ ᠵᠢᠷᠤᠮᠵᠢᠭᠤᠯᠬᠤ ᠳᠤ ᠲᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠪᠠᠳᠤᠴᠠᠭᠠᠨ ᠭᠠᠴᠠᠭᠠᠨ ᠤ ᠮᠠᠯᠴᠢᠨ ᠲᠠᠷᠢᠶᠠᠴᠢᠨ ᠢ ᠳᠠᠭᠠᠭᠤᠯᠤᠨ ᠬᠠᠮᠲᠤ ᠪᠠᠷ ᠬᠥᠭᠵᠢᠬᠦ ᠲᠤᠭ ᠢ ᠡᠷᠬᠦᠵᠦ᠂ | 5000 ᠮᠤ᠋ ᠭᠠᠴᠠᠭᠠᠨ ᠤ ᠬᠠᠮᠲᠤ ᠶᠢᠨ ᠨᠤᠲᠤᠭ ᠪᠡᠯᠴᠢᠭᠡᠷ ᠢ ᠨᠡᠭᠡᠭᠡᠨ ᠬᠥᠭᠵᠢᠭᠦᠯᠵᠦ᠂ ᠴᠠᠭᠠᠨ ᠭᠤᠶᠣᠣ | ᠲᠠᠷᠢᠬᠤ ᠳᠤ ᠠᠰᠢᠭᠯᠠᠵᠤ ᠡᠯᠡᠰᠦᠨ ᠤ ᠠᠵᠤ ᠦᠢᠯᠡᠰ ᠢ ᠬᠥᠭᠵᠢᠭᠦᠯᠦᠭᠰᠡᠨ ᠪᠥᠭᠡᠳ ᠡᠯᠡᠰᠦᠨ ᠤ ᠠᠵᠤ ᠦᠢᠯᠡᠰ᠂ | ᠲᠡᠵᠢᠭᠡᠪᠦᠷᠢ ᠶᠢᠨ ᠦᠢᠯᠡᠰ᠂ ᠵᠤᠭᠠᠴᠠᠯ ᠤᠨ ᠦᠢᠯᠡᠰ ᠵᠡᠷᠭᠡ ᠲᠠᠯ᠎ᠠ ᠶᠢᠨ ᠰᠠᠶᠢᠨ ᠲᠥᠷᠥᠯ ᠵᠦᠢᠯ ᠢ ᠤᠷᠢᠨ | ᠣᠷᠣᠭᠤᠯᠵᠤ ᠠᠵᠤ ᠦᠢᠯᠡᠰ ᠢᠶᠠᠷ ᠳᠡᠮᠵᠢᠬᠦ ᠪᠠᠷ ᠢᠳᠡᠪᠬᠢᠲᠡᠢ ᠴᠢᠷᠮᠠᠶᠢᠨ ᠠᠵᠢᠯᠯᠠᠪᠠ᠃ 2018 — 2020 | ᠣᠨ ᠪᠣᠯᠲᠠᠯ᠎ᠠ᠂ ᠭᠤᠷᠤᠨᠠᠢ ᠭᠠᠴᠠᠭ᠎ᠠ ᠶᠠᠳᠠᠭᠤ ᠶᠢ ᠲᠡᠳᠬᠦᠬᠦ ᠪᠠᠯᠠ ᠮᠥᠩᠭᠦ ᠶᠢ 200 ᠭᠠᠷᠤᠶ ᠲᠦᠮᠡᠨ ᠲᠥᠭᠦᠷᠢᠭ | ᠣᠯᠵᠤ᠂ ᠡᠯᠵᠢᠭᠡ ᠲᠡᠵᠢᠭᠡᠨ ᠦᠷᠡᠵᠢᠭᠦᠯᠬᠦ᠂ ᠮᠠᠯᠴᠢᠨ ᠲᠠᠷᠢᠶᠠᠴᠢᠨ ᠳᠤ ᠲᠥᠬᠦᠮ ᠦᠵᠡᠭᠦᠯᠬᠦ ᠲᠣᠰᠣ ᠨᠡᠮᠡᠬᠦ | ᠥᠷᠲᠡᠭᠡ ᠪᠠ ᠡᠯᠡᠰᠦᠨ ᠴᠥᠯ ᠤᠨ ᠵᠢᠭᠤᠯᠴᠢᠯᠠᠯ ᠤᠨ ᠥᠷᠲᠡᠭᠡ ᠶᠢ ᠪᠠᠶᠢᠭᠤᠯᠵᠠᠢ᠃ ᠡᠬᠦᠨ ᠠᠴᠠ ᠭᠠᠳᠠᠨ᠎ᠠ | ᠤᠨᠴᠠᠯᠢᠬᠳᠤ ᠡᠯᠡᠰᠦᠨ ᠤ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠤ ᠵᠠᠭ ᠮᠣᠳᠣ᠂ ᠴᠠᠭᠠᠨ | ᠭᠤᠶᠣᠣ ᠵᠡᠷᠭᠡ ᠡᠯᠡᠰᠦᠨ ᠤ ᠤᠷᠭᠤᠮᠠᠯ ᠲᠠᠷᠢᠬᠤ ᠶᠢ ᠵᠣᠷᠢᠭᠵᠢᠭᠤᠯᠤᠨ᠂ 2020 ᠣᠨ ᠳᠤ ᠳᠡᠭᠡᠳᠦ ᠱᠠᠲᠤᠨ ᠤ | ᠲᠥᠷᠥ ᠶᠢᠨ ᠪᠣᠳᠣᠯᠭ᠎ᠠ ᠶᠢ ᠢᠳᠡᠪᠬᠢᠲᠡᠶ ᠳᠤᠭᠤᠰᠢᠯᠠᠭᠤᠯᠤᠠ᠂ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠥᠮᠴᠢᠯᠡᠬᠦ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠲᠦᠷᠦᠭᠦᠯᠡᠨ ᠪᠡᠶᠡᠯᠡᠭᠦᠯᠵᠦ᠂ | ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠬᠠᠷᠢᠴᠠᠭ᠎ᠠ ᠶᠢ ᠵᠤᠬᠢᠰᠳᠠᠢ ᠰᠢᠢᠳᠪᠦᠷᠢᠯᠡᠵᠦ᠂ ᠠᠵᠤ | ᠦᠢᠯᠡᠰ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ ᠡᠬᠢ ᠪᠠᠶᠠᠯᠢᠭ ᠢ ᠠᠰᠢᠭᠯᠠᠬᠤ ᠨᠣᠷᠮ᠎ᠠ ᠪᠠᠷ | ᠥᠨᠳᠥᠷ᠂ ᠣᠷᠣᠭᠤᠯᠵᠤ ᠭᠠᠷᠭᠠᠬᠤ ᠨᠣᠷᠮ᠎ᠠ ᠪᠠᠷ ᠥᠨᠳᠥᠷ ᠡᠵᠡᠩᠨᠡᠯᠲᠡ ᠶᠢᠨ ᠵᠠᠭᠪᠤᠷ ᠢ ᠪᠠᠶᠢᠭᠤᠯᠵᠠᠢ᠃ | ᠲᠡᠷᠡ ᠭᠠᠴᠠᠭᠠᠨ ᠤ ᠠᠷᠠᠳ ᠢᠶᠠᠨ ᠲᠠᠶᠢᠴᠢᠯᠠᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠶᠢ | ᠬᠠᠶᠢᠨ ᠰᠦᠪᠡᠭᠴᠢᠯᠡᠬᠦ ᠶᠢᠨ ᠬᠠᠮᠲᠤ ᠭᠤᠷᠤᠨᠠᠢ ᠭᠠᠴᠠᠭ᠎ᠠ ᠶᠢ ︽ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ | ᠴᠢᠨᠡᠭᠡᠯᠢᠭ᠂ ᠨᠤᠲᠤᠭ ᠤᠨ ᠰᠤᠷᠲᠠᠯ ᠪᠣᠯᠪᠠᠰᠤᠨ᠂ ᠲᠣᠰᠬᠤᠨ ᠤ ᠳᠦᠷᠢ ᠲᠥᠷᠬᠦ ᠴᠡᠪᠡᠷ ᠴᠡᠮᠴᠡᠭᠡᠷ᠂ ᠬᠠᠮᠢᠶᠠᠷᠤᠯᠲᠠ | ᠠᠷᠠᠳᠴᠢᠯᠠᠯ ᠲᠠᠢ︾ ᠨᠡᠶᠢᠭᠡᠮ ᠵᠢᠷᠤᠮᠲᠤ ᠰᠢᠨ᠎ᠡ ᠮᠠᠯᠵᠢᠬᠤ ᠣᠷᠣᠨ ᠪᠣᠯᠭᠠᠨ ᠪᠦᠲᠦᠭᠡᠨ ᠪᠠᠶᠢᠭᠤᠯᠬᠤ ᠶᠢ ᠵᠣᠷᠢᠵᠤ᠂ | ᠪᠡᠶ᠎ᠡ ᠪᠠᠷ ᠢᠶᠠᠨ ᠬᠡᠪ ᠲᠠᠭᠤᠷᠢᠶᠠᠯ ᠦᠵᠡᠭᠦᠯᠦᠨ᠂ ᠠᠷᠢᠭᠤᠨ ᠴᠢᠬᠡᠴᠢ ᠨᠠᠮ ᠤᠨ ᠭᠡᠰᠢᠭᠦᠨ ᠤ ᠴᠡᠪᠡᠷ ᠴᠢᠨᠠᠷ ᠢᠶᠠᠨ | ᠪᠠᠳᠤᠯᠠᠨ᠂ ᠨᠠᠮ ᠤᠨ ᠭᠡᠰᠢᠭᠦᠨ ᠤ ᠭᠤᠣᠯᠯᠠᠭᠴᠢ ᠬᠦᠴᠦᠨ᠂ ᠬᠥᠭᠦᠷᠭᠡ ᠶᠢᠨ ᠦᠢᠯᠡᠳᠦᠯ ᠢ ᠪᠠᠳᠠᠷᠠᠭᠤᠯᠬᠤ ᠶᠢ | ᠠᠩᠬᠠᠷᠴᠤ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ ᠶᠢᠨ ᠰᠤᠷᠤᠯᠴᠠᠯᠭ᠎ᠠ ᠶᠢ ᠥᠷᠨᠢᠭᠦᠯᠦᠨ᠂ ᠭᠠᠴᠠᠭᠠᠨ ᠤ | ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠬᠦᠰᠡᠯᠡᠩ ᠲᠠᠢ᠂ ᠮᠣᠷᠠᠯ ᠲᠠᠢ᠂ ᠰᠠᠬᠢᠯᠭ᠎ᠠ ᠪᠠᠲᠤ ᠲᠠᠢ | ᠂ ᠰᠣᠶᠣᠯ ᠲᠠᠢ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠢ ᠬᠦᠮᠦᠵᠢᠭᠦᠯᠵᠦ᠂ ᠰᠢᠨ᠎ᠡ ᠴᠠᠭ ᠦᠶ᠎ᠡ ᠶᠢᠨ | ᠬᠡᠷᠡᠭᠴᠡᠭᠡ ᠳᠤ ᠵᠣᠬᠢᠴᠠᠭᠤᠯᠬᠤ ᠪᠠᠷ ᠴᠢᠷᠮᠠᠶᠢᠬᠰᠠᠠ ᠪᠠᠶᠢᠨ᠎ᠠ᠃ | ᠭᠤᠷᠤᠨᠠᠢ ᠭᠠᠴᠠᠭ᠎ᠠ ᠨᠢ ᠪᠠᠳᠠᠢ ᠶᠢᠨ ᠵᠢᠷᠠᠨ ᠡᠯᠡᠰᠦᠨ ᠤ ᠪᠠᠷᠠᠭᠤᠨ ᠡᠮᠦᠨ᠎ᠡ ᠬᠡᠰᠡᠭ ᠲᠤ᠋ ᠪᠠᠶᠢᠷᠢᠰᠢᠵᠤ᠂ ᠡᠷᠬᠢᠨ | ᠲᠣᠭᠤᠷᠢᠨ ᠤ ᠬᠡᠳᠦᠨ ᠵᠠᠭᠤᠨ ᠺᠢᠯᠣᠮᠧᠲᠷ ᠤᠨ ᠭᠤᠪᠢ ᠨᠤᠲᠤᠭ ᠲᠤ ᠵᠢᠯ ᠪᠦᠷᠢ ᠡᠯ᠎ᠡ ᠵᠦᠢᠯ ᠤᠨ ᠴᠡᠷᠢᠭ ᠤᠨ | ᠰᠣᠷᠢᠯᠲᠠ᠂ ᠬᠠᠷᠪᠤᠯᠲᠠ ᠶᠢᠨ ᠠᠵᠢᠯᠯᠠᠭ᠎ᠠ ᠶᠠᠪᠤᠭᠳᠠᠳᠠᠭ᠃ ᠵᠠᠷᠢᠮ ᠳᠠᠭᠠᠨ ᠨᠢᠭᠡ ᠭᠠᠷᠠᠭ ᠲᠤ ᠬᠡᠲᠦ ᠤᠳᠠᠭ᠎ᠠ | ᠮᠠᠯᠴᠢᠠ ᠤᠯᠠᠠ ᠳᠦᠮᠠᠠ ᠢ ᠲᠠᠷᠬᠠᠭᠠᠬᠤ ᠡᠭᠦᠷᠭᠡ ᠲᠠᠢ ᠲᠣᠯᠡ ᠮᠠᠯᠴᠢᠨ ᠲᠦᠮᠡᠨ ᠮᠡᠳᠡᠭᠳᠡᠯ ᠢ ᠴᠠᠭ ᠲᠤᠬᠠᠶ ᠳᠤᠨᠢ | ᠭᠥᠯᠢᠶᠡᠨ ᠠᠪᠴᠤ ᠳᠡᠶᠢᠯᠬᠦ ᠥᠬᠡᠶ ᠪᠣᠯ ᠳᠠᠷᠦ᠋ᠢᠬᠠᠨ ᠲᠠᠷᠬᠠᠭᠠᠬᠤ ᠶᠢᠨ ᠠᠷᠭ᠎ᠠ ᠥᠬᠡᠶ ᠪᠣᠯᠬᠤ ᠠᠰᠠᠭᠤᠳᠠᠯ | ᠦᠷᠭᠦᠯᠵᠢ ᠲᠤᠯᠭᠠᠷᠠᠳᠠᠭ᠃ ᠪᠠᠳᠤᠴᠠᠭᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠠᠰ ᠢ ᠬᠦᠴᠦᠲᠡᠢ | ᠳᠠᠮᠵᠢᠬᠦ ᠶᠢ ᠦᠪᠠᠷ ᠤᠨ ᠡᠬᠦᠷᠭᠡ ᠬᠠᠷᠢᠭᠤᠴᠠᠯᠭ᠎ᠠ ᠪᠠᠨ ᠪᠤᠯᠭᠠᠵᠤ᠂ ᠬᠠᠷᠪᠤᠯᠲᠠ ᠶᠢᠨ ᠡᠭᠦᠷᠭᠡ ᠶᠢ ᠪᠠᠲᠤᠯᠠᠬᠤ | ᠠᠵᠢᠯ ᠢ ᠬᠠᠮᠵᠢᠯᠴᠠᠨ ᠰᠠᠶᠢᠲᠤᠷ ᠬᠢᠬᠦ ᠶᠢᠨ ᠲᠥᠯᠥᠭᠡ᠂ ᠥᠪᠡᠷ ᠤᠨ ᠪᠡᠶ᠎ᠡ ᠪᠠᠷ ᠢᠶᠠᠨ ᠭᠤᠪᠢ ᠶᠢᠨ ᠭᠦᠨ ᠳᠤ | ᠣᠴᠢᠵᠦ ᠠᠶᠢᠯ ᠡᠷᠦᠬᠡ ᠪᠠᠷ ᠭᠦᠨᠵᠡᠭᠡᠶᠢᠷᠡᠨ ᠠᠵᠢᠯ ᠬᠢᠵᠦ ᠮᠠᠯᠴᠢᠳ ᠢ ᠬᠠᠪᠰᠤᠷᠤᠨ ᠵᠠᠶᠢᠯᠠᠭᠤᠯᠬᠤ ᠠᠵᠢᠯ ᠳᠤ | ᠣᠷᠣᠯᠴᠠᠳᠠᠭ᠃ 2018 — 2020 ᠣᠨ ᠤ ᠡᠴᠦᠰ ᠪᠣᠯᠲᠠᠯ᠎ᠠ ᠬᠤᠶᠡᠷ ᠵᠢᠯ ᠤᠨ ᠬᠤᠭᠤᠴᠠᠭᠠᠨ ᠳᠤ | ᠭᠤᠷᠤᠨᠠᠢ ᠭᠠᠴᠠᠭ᠎ᠠ ᠡᠯ᠎ᠡ ᠲᠥᠷᠥᠯ ᠤᠨ ᠰᠣᠷᠢᠯᠲᠠ᠂ ᠬᠠᠷᠪᠤᠯᠲᠠ ᠶᠢᠨ ᠡᠭᠦᠷᠭᠡ ᠳᠤ 200 ᠭᠠᠷᠤᠶ ᠤᠳᠠᠭ᠎ᠠ | ᠬᠠᠮᠵᠢᠯᠴᠠᠵᠤ᠂ 4000 ᠭᠠᠷᠤᠶ ᠮᠠᠯᠴᠢᠨ ᠲᠦᠮᠡᠨ ᠢ ᠲᠠᠷᠬᠠᠭᠠᠨ ᠵᠠᠶᠢᠯᠠᠭᠤᠯᠵᠤ᠂ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠪᠦᠲᠦᠮᠵᠢᠲᠡᠶ ᠪᠠᠲᠤᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠷᠰᠢᠯᠲᠠ ᠶᠢᠨ ᠡᠯ᠎ᠡ | ᠲᠥᠷᠥᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠬᠦᠴᠦᠠ ᠨᠠᠮᠠᠷᠢᠯᠠᠪᠠ᠃ | |