ᠤᠳᠠᠭᠠᠨ ᠰᠠᠭᠤᠵᠤ ᠠᠵᠢᠯᠯᠠᠭᠰᠠᠳ ᠳᠠᠪᠤᠨ ᠳᠠᠯ᠎ᠠ ᠪᠠᠷ ᠤᠷᠢᠳᠴᠢᠯᠠᠨ ᠰᠡᠷᠭᠡᠶᠢᠯᠡᠭᠡᠷᠡᠢ
ᠨᠡᠶᠢᠲᠡᠯᠡᠭᠰᠡᠨ ᠴᠠᠭ᠄
2021/8/17
   ᠤᠷᠳᠤ ᠬᠤᠭᠤᠴᠠᠭ᠎ᠠ ᠪᠠᠷ ᠰᠢᠷᠡᠭᠡ ᠡᠯᠢᠬᠡᠳᠡᠨ ᠤᠳᠠᠭᠠᠨ ᠰᠠᠭᠤᠵᠤ ᠠᠵᠢᠯᠯᠠᠳᠠᠬ ᠬᠦᠮᠦᠰ ᠬᠡᠷᠪᠡ ᠦᠪᠡᠷ ᠤᠨ ᠪᠡᠶ᠎ᠠ ᠶᠢᠨ ᠢᠶᠠᠨ ᠡᠷᠡᠬᠦᠯ ᠬᠠᠮᠠᠭᠠᠯᠠᠯ ᠤᠨ ᠲᠠᠯ᠎ᠠ ᠪᠠᠷ ᠠᠩᠬᠠᠷᠬᠤ ᠦᠬᠡᠢ ᠪᠤᠯ ᠳᠠᠪᠤᠨ ᠵᠦᠢᠯ ᠤᠨ ᠡᠪᠡᠳᠴᠢᠨ ᠳᠤ ᠠᠮᠠᠷᠬᠠᠨ ᠨᠡᠷᠪᠡᠭᠳᠡᠳᠡᠭ᠃  
   1᠂ ᠠᠷᠤᠬ ᠶᠠᠰᠤ᠂ ᠪᠤᠯᠴᠢᠩ ᠤᠨ ᠡᠪᠡᠳᠴᠢᠨ᠄ ᠤᠷᠳᠤ ᠬᠤᠭᠤᠴᠠᠭ᠎ᠠ ᠪᠠᠷ ᠰᠢᠷᠡᠭᠡ ᠡᠯᠢᠬᠡᠳᠡᠨ ᠳᠤᠯᠤᠭᠠᠢ ᠪᠦᠬᠦ᠋ᠢᠨ ᠠᠵᠢᠯᠯᠠᠪᠠᠯ ᠬᠦᠵᠦᠬᠦᠨ ᠤ ᠭᠡᠰᠡᠭ ᠤᠨ ᠴᠢᠰᠤᠨ ᠤ ᠪᠤᠴᠠᠯᠳᠠ ᠨᠢ ᠬᠠᠷᠰᠢᠯᠠᠬᠳᠠᠵᠤ᠂ ᠭᠡᠰᠡᠭ ᠪᠤᠯᠴᠢᠩ ᠤᠨ ᠠᠵᠢᠯᠯᠠᠭ᠎ᠠ ᠨᠢ ᠬᠡᠳᠤᠷᠡᠵᠤ᠂ ᠪᠠᠰᠠ ᠤᠳᠠᠭᠠᠨ ᠰᠠᠭᠤᠭᠠᠳ ᠬᠦᠯ ᠤᠨ ᠭᠡᠰᠡᠭ ᠤᠨ ᠬᠦᠳᠡᠯᠬᠡᠬᠡᠨ ᠪᠠᠭᠠᠰᠬᠤ ᠵᠡᠷᠭᠡ ᠠᠴᠠ ᠪᠤᠯᠵᠤ ᠬᠦᠵᠦᠬᠦᠨ ᠶᠠᠰᠤᠨ ᠤ ᠮᠦᠭᠡᠷᠰᠤ ᠵᠤᠵᠠᠭᠠᠷᠠᠬᠤ ᠵᠡᠷᠭᠡ ᠡᠪᠡᠳᠴᠢᠨ ᠡᠬᠦᠰᠭᠡᠨ᠎ᠡ᠃    2᠂ ᠵᠢᠷᠤᠬᠡᠨ ᠰᠤᠳᠠᠯ ᠤᠨ ᠡᠪᠡᠳᠴᠢᠨ᠄ ᠤᠷᠳᠤ ᠬᠤᠭᠤᠴᠠᠭ᠎ᠠ ᠪᠠᠷ ᠰᠢᠷᠡᠭᠡ ᠡᠯᠢᠬᠡᠳᠡᠨ ᠠᠵᠢᠯᠯᠠᠪᠠᠯ ᠬᠦᠳᠡᠯᠬᠡᠬᠡᠨ ᠪᠠᠭᠠᠰᠴᠤ᠂ ᠪᠦᠬᠦ ᠪᠡᠶ᠎ᠠ ᠶᠢᠨ ᠪᠤᠯᠴᠢᠩ ᠤᠨ ᠠᠪᠴᠢᠯᠳᠠ ᠠᠴᠠ ᠪᠤᠯᠵᠤ ᠬᠢᠯᠭᠠᠰᠤᠨ ᠰᠤᠳᠠᠯ ᠤᠨ ᠴᠢᠰᠤᠨ ᠤ ᠡᠷᠬᠢᠯᠳᠡ ᠬᠠᠷᠰᠢᠯᠠᠬᠳᠠᠵᠤ᠂ ᠯᠤᠬᠰᠢᠭᠤᠨ ᠰᠤᠳᠠᠯ ᠤᠨ ᠬᠠᠳᠠᠭᠤᠷᠠᠯ᠂ ᠴᠢᠰᠤᠨ ᠳᠠᠷᠤᠯᠳᠠ ᠦᠨᠳᠤᠷ᠂ ᠲᠢᠳᠢᠮ ᠵᠢᠷᠤᠬᠡᠨ ᠡᠪᠡᠳᠴᠢᠨ ᠪᠤᠯᠤᠨ ᠳᠠᠷᠢᠬᠢᠨ ᠤ ᠴᠢᠰᠤᠨ ᠪᠦᠯᠤᠩᠨᠡᠯ ᠵᠡᠷᠭᠡ ᠡᠪᠡᠳᠴᠢᠨ ᠢ ᠡᠬᠦᠰᠬᠡᠬᠦ ᠠᠶᠤᠯᠳᠡᠢ᠃    3᠂ ᠰᠢᠩᠭᠡᠬᠡᠯᠳᠡ ᠶᠢᠨ ᠵᠠᠮ ᠤᠨ ᠡᠪᠡᠳᠴᠢᠨ᠄ ᠦᠷᠬᠦᠯᠵᠢ ᠤᠷᠳᠤ ᠬᠤᠭᠤᠴᠠᠭ᠎ᠠ ᠪᠠᠷ ᠰᠠᠭᠤᠳᠠᠬ ᠬᠦᠮᠦᠨ ᠤ ᠬᠤᠳᠤᠭᠤᠳᠤ ᠭᠡᠳᠡᠰᠤᠨ ᠤ ᠬᠦᠷᠪᠡᠯᠵᠡᠯᠳᠡ ᠶᠢᠨ ᠴᠢᠳᠠᠪᠦᠷᠢ ᠳᠤᠷᠤᠬᠰᠢᠯᠠᠵᠤ ᠰᠢᠩᠭᠡᠭᠡᠯᠳᠡ ᠮᠠᠭᠤᠳᠠᠬᠤ᠂ ᠬᠤᠷᠭᠤᠰᠤᠯᠠᠬᠤ᠂ ᠤᠳᠠᠭᠠᠨ ᠴᠢᠨᠠᠷᠳᠡᠢ ᠬᠤᠳᠤᠭᠤᠳᠤᠨ ᠦᠷᠪᠢᠰᠤᠯ ᠪᠤᠶᠤ ᠱᠠᠮᠪᠠᠷᠠᠮ ᠵᠡᠷᠭᠡ ᠡᠪᠡᠳᠴᠢᠨ ᠳᠤ ᠨᠡᠷᠪᠡᠭᠳᠡᠬᠦ ᠨᠢ ᠠᠮᠠᠷᠬᠠᠨ ᠪᠠᠶᠢᠳᠠᠬ᠃    4᠂ ᠠᠮᠢᠰᠬᠤᠯ ᠤᠨ ᠵᠠᠮ ᠤᠨ ᠡᠪᠡᠳᠴᠢᠨ᠄ ᠦᠷᠬᠦᠯᠵᠢ ᠤᠷᠳᠤ ᠬᠤᠭᠤᠴᠠᠭ᠎ᠠ ᠪᠠᠷ ᠦᠷᠤᠬᠡᠨ ᠳᠤ ᠠᠵᠢᠯᠯᠠᠭᠠᠳ ᠨᠠᠷᠠᠨ ᠤ ᠬᠡᠷᠡᠯ ᠢ ᠳᠡᠮᠡᠢ ᠦᠵᠡᠬᠦ ᠦᠬᠡᠢ᠂ ᠰᠢᠨ᠎ᠠ ᠰᠤᠷᠭᠤᠬ ᠠᠭᠤᠷ ᠠᠮᠢᠰᠬᠤᠯ ᠢ ᠠᠮᠢᠰᠬᠤᠯᠯᠠᠬᠤ ᠨᠢ ᠪᠠᠭ᠎ᠠ ᠪᠤᠯᠪᠠᠯ ᠠᠭᠤᠰᠬᠢᠨ ᠤ ᠠᠮᠢᠰᠬᠤᠯ ᠤᠨ ᠪᠠᠭᠳᠠᠭᠠᠮᠵᠢ ᠪᠠᠭᠠᠰᠬᠤ ᠮᠦᠷᠳᠡᠭᠡᠨ ᠠᠮᠢᠰᠬᠤᠯ ᠤᠨ ᠡᠷᠭᠡᠳᠡᠨ ᠤ ᠴᠢᠳᠠᠪᠦᠷᠢ ᠬᠠᠷᠢᠴᠠᠩᠭᠤᠢ ᠪᠠᠷ ᠪᠠᠭᠤᠷᠠᠨ᠎ᠠ᠃ ᠬᠢᠮᠦᠷᠠᠭ᠎ᠠ᠂ ᠰᠠᠯᠪᠦᠷᠢ ᠮᠦᠭᠡᠷᠰᠤᠨ ᠬᠤᠭᠤᠯᠠᠢ ᠶᠢᠨ ᠦᠷᠪᠢᠰᠤᠯ ᠵᠡᠷᠭᠡ ᠠᠮᠢᠰᠬᠤᠯ ᠤᠨ ᠰᠢᠰᠲ᠋ᠧᠮ ᠤᠨ ᠡᠪᠡᠳᠴᠢᠨ ᠳᠤ ᠠᠮᠠᠷᠬᠠᠨ ᠨᠡᠷᠪᠡᠭᠳᠡᠬᠦ ᠠᠶᠤᠯᠳᠠᠢ᠃    5᠂ ᠮᠡᠳᠡᠷᠡᠯ ᠤᠨ ᠡᠪᠡᠳᠴᠢᠨ᠄ ᠰᠢᠷᠡᠭᠡ ᠡᠯᠢᠭᠡᠳᠡᠨ ᠠᠵᠢᠯᠯᠠᠬᠤ ᠨᠢ ᠭᠤᠤᠯᠳᠠᠭᠤ ᠳᠠᠷᠢᠬᠢᠨ ᠤ ᠬᠦᠳᠡᠯᠮᠦᠷᠢ ᠬᠢᠬᠦ ᠬᠦᠮᠦᠰ ᠪᠤᠯᠬᠤᠷ ᠶᠡᠭᠡ ᠳᠠᠷᠢᠬᠢᠨ ᠳᠤ ᠴᠢᠰᠤ ᠪᠤᠯᠤᠨ ᠬᠦᠴᠢᠯᠳᠦ᠋ᠷᠦᠭᠴᠢ ᠶᠢᠨ ᠬᠠᠨᠭ᠍ᠭᠠᠯᠭ᠎ᠠ ᠬᠦᠢᠴᠡᠳ ᠪᠠᠶᠢᠬᠤ ᠬᠡᠷᠡᠭᠳᠡᠢ᠃ ᠤᠳᠠᠭᠠᠨ ᠰᠠᠭᠤᠵᠤ᠂ ᠤᠷᠳᠤ ᠬᠤᠭᠤᠴᠠᠭ᠎ᠠ ᠪᠠᠷ ᠠᠵᠢᠯᠯᠠᠪᠠᠯ ᠶᠡᠭᠡ ᠳᠠᠷᠢᠬᠢᠨ ᠤ ᠴᠢᠰᠤᠨ ᠤ ᠬᠠᠨᠭ᠍ᠭᠠᠯᠭ᠎ᠠ ᠬᠦᠷᠦᠯᠴᠡᠬᠦ ᠦᠬᠡᠢ ᠪᠤᠯᠵᠤ᠂ ᠳᠤᠯᠤᠭᠠᠢ ᠡᠷᠬᠢᠵᠤ ᠴᠢᠨᠤᠷᠡᠵᠤ ᠡᠪᠡᠳᠬᠦ᠂ ᠬᠠᠷᠠᠭ᠎ᠠ ᠪᠠᠯᠠᠷᠠᠬᠤ ᠵᠡᠷᠭᠡ ᠢᠯᠡᠷᠡᠯ ᠭᠠᠷᠴᠤ᠂ ᠴᠢᠨᠠᠬᠰᠢᠯᠠᠪᠠᠯ ᠮᠡᠳᠡᠷᠡᠯ ᠮᠠᠭᠤᠳᠠᠵᠤ᠂ ᠨᠦᠢᠷ ᠬᠤᠯᠵᠢᠬᠤ ᠬᠡᠮ ᠢᠯᠡᠷᠡᠨ᠎ᠠ᠃    ᠡᠳᠡᠭᠡᠷ ᠳᠠᠪᠤᠨ ᠵᠦᠢᠯ ᠤᠨ ᠡᠪᠡᠳᠴᠢᠨ ᠪᠤᠯ ᠴᠦᠮ ᠬᠦᠳᠡᠯᠬᠡᠬᠡᠨ ᠪᠠᠭᠠᠰᠤᠬᠰᠠᠨ ᠠᠴᠠ ᠪᠤᠯᠤᠭᠰᠠᠨ ᠶᠤᠮ᠃    ᠡᠨᠡ ᠳᠠᠪᠤᠨ ᠵᠦᠢᠯ ᠤᠨ ᠡᠪᠡᠳᠴᠢᠨ ᠢ ᠠᠷᠭᠠᠴᠠᠭᠠᠬᠤ ᠠᠷᠭ᠎ᠠ ᠭᠡᠪᠡᠯ ᠳᠠᠷᠤᠢ ᠬᠦᠳᠡᠯᠬᠡᠬᠡᠨ ᠢᠯᠡᠬᠦᠦ ᠬᠢᠨ᠎ᠠ᠃ ᠵᠢᠱᠢᠶᠡᠯᠡᠪᠡᠯ ᠨᠢᠭᠡ ᠴᠠᠬ ᠬᠠᠭᠠᠰ ᠠᠴᠠ ᠬᠤᠶᠠᠷ ᠴᠠᠬ ᠰᠠᠭᠤᠵᠤ ᠠᠵᠢᠯᠯᠠᠬᠰᠠᠨ ᠤ ᠳᠠᠷᠠᠭ᠎ᠠ ᠵᠠᠪᠰᠠᠷᠯᠠᠵᠤ᠂ ᠪᠡᠶ᠎ᠠ ᠶᠢᠨ ᠳᠠᠮᠢᠷ ᠤᠨ ᠬᠦᠳᠡᠯᠬᠡᠬᠡᠨ ᠬᠢᠨ᠎ᠠ᠃    ᠬᠡᠷᠪᠡ ᠡᠶᠢᠮᠤ ᠨᠦᠬᠦᠴᠡᠯ ᠦᠬᠡᠢ ᠪᠤᠯ ᠦᠷᠤᠬᠡ ᠳᠤᠳᠤᠷ᠎ᠠ ᠪᠠᠨ ᠨᠠᠭᠠᠰᠢ ᠴᠠᠭᠠᠰᠢ ᠶᠠᠪᠤᠵᠤ᠂ ᠬᠦᠯ ᠭᠠᠷ ᠢᠶᠠᠨ ᠵᠢᠭᠢᠯᠬᠡᠵᠤ᠂ ᠳᠤᠯᠤᠭᠠᠢ ᠪᠠᠨ ᠳᠡᠭᠡᠭᠰᠢ ᠳᠤᠷᠤᠬᠰᠢ᠂ ᠵᠡᠬᠦᠨᠰᠢ ᠪᠠᠷᠠᠭᠤᠨᠰᠢ ᠬᠦᠳᠡᠯᠭᠡᠵᠤ ᠪᠤᠯᠪᠠᠰᠤᠷᠠᠵᠤ ᠪᠤᠯᠤᠨ᠎ᠠ᠃ ᠡᠬᠦᠨ ᠤ ᠳᠠᠭᠠᠤ ᠳᠤ ᠠᠵᠢᠯᠯᠠᠬᠤ ᠳᠠᠭᠠᠨ ᠪᠡᠶ᠎ᠠ ᠶᠢᠨ ᠬᠡᠯᠪᠡᠷᠢ ᠪᠠᠨ ᠦᠷᠬᠦᠯᠵᠢ ᠬᠤᠪᠢᠷᠠᠭᠤᠯᠵᠤ ᠪᠠᠶᠢᠪᠠᠯ ᠰᠠᠶᠢᠨ᠃ ᠡᠳᠡᠭᠡᠷ ᠨᠢ ᠴᠢᠰᠤᠨ ᠤ ᠡᠷᠬᠢᠯᠳᠡ ᠶᠢ ᠰᠠᠶᠢᠵᠢᠷᠠᠭᠤᠯᠵᠤ᠂ ᠦᠷᠬᠦᠯᠵᠢ ᠬᠦᠴᠤᠯᠡᠳᠡᠭ ᠪᠤᠯᠴᠢᠩ ᠳᠤ ᠦᠭᠭᠦ ᠳᠠᠷᠤᠯᠳᠠ ᠶᠢ ᠪᠠᠭᠠᠰᠬᠠᠭᠠᠳ ᠳᠡᠭᠡᠷ᠎ᠠ ᠶᠠᠷᠢᠬᠰᠠᠨ ᠡᠪᠡᠳᠴᠢᠨ ᠡᠮᠭᠡᠭ ᠢ ᠡᠬᠦᠰᠬᠡᠬᠦ ᠠᠴᠠ ᠵᠠᠶᠢᠯᠠᠰᠬᠢᠵᠤ ᠴᠢᠳᠠᠨ᠎ᠠ᠃  
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号