︽ᠰᠢᠨ᠎ᠡ ᠴᠠᠭ ᠦᠶ᠎ᠡ ᠶᠢ ᠤᠳᠤᠷᠢᠳᠤᠨ ᠰᠢᠨ᠎ᠡ ᠠᠶᠠᠨ ᠵᠠᠮ ᠢᠶᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ  ᠶᠢᠨ ᠫᠢᠩ ᠤᠨ ᠡᠨᠡ ᠵᠢᠯ ᠠᠴᠠ ᠨᠠᠭᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ︾  ᠪᠠᠷᠠᠭᠠᠨ ᠡᠭᠦᠯᠡ ᠪᠦᠷᠬᠦᠭᠰᠡᠨ ᠴᠦ ᠲᠠᠶᠢᠪᠤᠭᠤᠬᠠᠨ ᠪᠠᠶᠢᠳᠠᠯ ᠢᠶᠠᠨ ᠪᠠᠲᠤᠯᠠᠵᠤ  ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ
ᠨᠡᠶᠢᠲᠡᠯᠡᠭᠰᠡᠨ ᠴᠠᠭ᠄
2021/8/17
      ᠡᠷᠡᠨ ᠵᠠᠭᠤᠨ ᠤ ᠬᠤᠪᠢᠰᠤᠯᠲᠠ ᠪᠠ ᠵᠠᠭᠤᠨ ᠵᠢᠯ ᠳᠤ ᠳᠣᠬᠢᠶᠠᠯᠳᠤᠬᠤ ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠵᠤ᠂ ᠳᠡᠯᠡᠬᠡᠶ ᠳ᠋ᠠᠬᠢᠨ ᠣᠷᠤᠭ᠎ᠠ ᠪᠤᠰᠬᠠᠭ᠎ᠠ ᠬᠤᠭᠤᠴᠠᠭᠠᠨ ᠳᠤ ᠣᠷᠣᠪᠠ᠃ ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠪᠣᠯᠤᠨ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠳᠡᠯᠡᠬᠡᠢ ᠨᠡᠶᠢᠭᠡᠮ ᠢᠶᠠᠷ ᠢᠶᠠᠨ ᠪᠦᠯᠬᠦᠮᠳᠡᠨ ᠬᠢᠵᠢᠭ ᠢ ᠡᠰᠡᠷᠭᠦᠴᠡᠵᠦ᠂ ᠭᠠᠷ ᠭᠠᠷ ᠢᠶᠠᠨ ᠬᠤᠯᠪᠣᠯᠴᠠᠨ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠤᠷᠢᠶᠠᠯᠠᠵᠤ᠂ ᠬᠥᠮᠦᠨ ᠪᠣᠯᠤᠨ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠠᠨᠠᠭᠠᠴᠢᠯᠠᠵᠤ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ ᠬᠠᠩᠭᠠᠪᠠ᠃ ︽ᠰᠣᠨᠢᠨ ᠮᠡᠳᠡᠭᠡᠨ ᠤ ᠨᠡᠪᠲᠡᠷᠡᠭᠦᠯᠭᠡ︾ ᠶᠢᠨ ᠰᠢᠷᠢᠰ ᠮᠡᠳᠡᠭᠡᠯᠡᠯ ︽ᠰᠢᠨ᠎ᠡ ᠴᠠᠭ ᠦᠶ᠎ᠡ ᠶᠢ ᠤᠳᠤᠷᠢᠳᠤᠨ ᠰᠢᠨ᠎ᠡ ᠠᠶᠠᠨ ᠵᠠᠮ ᠢᠶᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠶᠢᠨ ᠫᠢᠩ ᠤᠨ ᠡᠨᠡ ᠵᠢᠯ ᠠᠴᠠ ᠨᠠᠭᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ︾ ᠤᠨ ᠳᠥᠷᠪᠡᠳᠦᠭᠡᠷ ᠪᠦᠯᠦᠭ ︽ᠪᠠᠷᠠᠭᠠᠨ ᠡᠭᠦᠯᠡ ᠪᠦᠷᠬᠦᠭᠰᠡᠨ ᠴᠦ ᠲᠠᠶᠢᠪᠤᠭᠤᠬᠠᠨ ᠪᠠᠶᠢᠳᠠᠯ ᠢᠶᠠᠨ ᠪᠠᠲᠤᠯᠠᠵᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ︾ ᠶᠢ ᠥᠨᠥᠳᠦᠷ ︵8 ᠳ᠋ᠤᠭᠠᠷ ᠰᠠᠷ᠎ᠠ ᠶᠢᠨ 12 ᠤᠨ ᠡᠳᠦᠷ︶ ᠨᠡᠪᠲᠡᠷᠡᠭᠦᠯᠪᠡ᠃      2021 ᠣᠨ ᠳᠤ᠂ ᠳᠡᠯᠡᠬᠡᠢ ᠶᠢᠨ ᠲᠣᠭᠲᠠᠭᠤᠨ ᠪᠤᠰᠤ ᠴᠢᠨᠠᠷ ᠪᠣᠯᠤᠨ ᠲᠣᠭᠲᠠᠪᠤᠷᠢ ᠦᠭᠡᠢ ᠴᠢᠨᠠᠷ ᠨᠢ ᠰᠢᠨ᠎ᠡ ᠵᠢᠯ ᠬᠦᠷᠴᠦ ᠢᠷᠡᠭᠰᠡᠨ ᠴᠦ ᠥᠴᠦᠬᠡᠨ ᠨᠠᠮᠳᠠᠭᠰᠠᠨ ᠦᠭᠡᠢ᠂ ᠬᠢᠵᠢᠭ ᠤᠨ ᠬᠦᠨᠳᠦ ᠬᠡᠴᠡᠭᠦᠦ ᠪᠠᠶᠢᠳᠠᠯ ᠮᠥᠨ ᠬᠦ ᠠᠷᠢᠯᠤᠭᠠᠳᠤᠢ ᠂ ᠡᠯ᠎ᠡ ᠵᠦᠢᠯ ᠤᠨ ᠰᠠᠯᠬᠢ ᠳᠠᠪᠠᠯᠭᠠᠨ ᠲᠠᠰᠤᠷᠠᠯᠲᠠ ᠦᠭᠡᠢ ᠬᠤᠶᠢᠯᠠᠷᠠᠨ ᠢᠰᠬᠢᠷᠴᠦ ᠪᠠᠶᠢᠨ᠎ᠠ᠃ ᠯᠤᠲᠤ ᠶᠡᠭᠡ ᠥᠷᠢᠰᠥᠯᠳᠦᠭᠡᠨ ᠪᠣᠯᠤᠨ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠨᠣᠯᠵᠢᠬᠤᠨ ᠢ ᠪᠠᠷᠢᠮᠲᠠᠯᠠᠵᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠶᠢ ᠲᠥᠪᠯᠡᠷᠡᠭᠦᠯᠦᠨ ᠥᠷᠨᠢᠭᠦᠯᠪᠡ᠃ ᠡᠨᠡ ᠵᠢᠯ ᠠᠴᠠ ᠨᠠᠭᠠᠰᠢ᠂ ᠲᠡᠷᠢᠭᠦᠯᠡᠭᠴᠢ ᠰᠢ  ᠶᠢᠨ ᠫᠢᠩ ᠤᠷᠢᠳ ᠬᠤᠵᠢᠳ ᠸᠢᠳᠢᠣ᠋ ᠶᠢᠨ ᠬᠡᠯᠪᠡᠷᠢ ᠪᠠᠷ 11 ᠤᠳᠠᠭ᠎ᠠ ᠶᠢᠨ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠠᠵᠢᠯᠯᠠᠭ᠎ᠠ ᠳᠤ ᠣᠷᠣᠯᠴᠠᠵᠤ᠂ 49 ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠡᠷᠢᠭᠦᠨ ᠪᠤᠶᠤ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠠᠢ 50 ᠤᠳᠠᠭ᠎ᠠ ᠤᠲᠠᠰᠤ ᠪᠠᠷ ᠶᠠᠷᠢᠯᠴᠠᠵᠤ᠂ ᠸᠢᠳᠢᠣ᠋ ᠪᠠᠷ ᠶᠠᠷᠢᠶ᠎ᠠ ᠲᠠᠯᠪᠢᠬᠤ᠂ ᠴᠠᠬᠢᠯᠭᠠᠨ ᠶᠠᠪᠤᠭᠤᠯᠬᠤ᠂ ᠵᠠᠬᠢᠳᠠᠯ ᠢᠯᠡᠭᠡᠬᠦ ᠵᠡᠷᠭᠡ ᠬᠡᠯᠪᠡᠷᠢ ᠪᠠᠷ 50 ᠭᠠᠷᠤᠢ ᠤᠳᠠᠭ᠎ᠠ ᠶᠢᠨ ︽ᠡᠭᠦᠯᠡᠨ ᠭᠠᠳᠠᠭᠠᠳᠤ ᠬᠠᠷᠢᠯᠴᠠᠭ᠎ᠠ︾ ᠶᠢᠨ ᠠᠵᠢᠯᠯᠠᠭ᠎ᠠ ᠥᠷᠨᠢᠭᠦᠯᠵᠦ᠂ 29 ᠤᠯᠤᠰ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠬᠦᠯᠢᠶᠡᠨ ᠠᠪᠤᠪᠠ᠃ ᠬᠢᠵᠢᠭ ᠤᠨ ᠪᠠᠶᠢᠳᠠᠯ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠶᠡᠭᠡ ᠤᠯᠤᠰ ᠤᠨ ᠭᠠᠳᠠᠭᠠᠳᠤ ᠬᠠᠷᠢᠯᠴᠠᠭᠠᠨ ᠤ ᠠᠯᠬᠤᠴᠠ ᠶᠢ ᠬᠠᠷᠰᠢᠯᠠᠭᠰᠠᠨ ᠦᠭᠡᠢ ᠬᠠᠷᠢ ᠵᠢᠷᠦᠬᠡ ᠰᠡᠳᠬᠢᠯ ᠤᠨ ᠨᠡᠪᠲᠡᠷᠡᠯᠴᠡᠭᠡ ᠶᠢᠨ ᠬᠤᠯᠪᠣᠭᠠᠰᠤ ᠶᠢ ᠴᠢᠩᠭᠠᠷᠠᠭᠤᠯᠵᠤ᠂ ᠳᠡᠯᠡᠬᠡᠢ ᠳ᠋ᠠᠬᠢᠨ ᠢᠶᠠᠷ ᠢᠶᠠᠨ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠠᠯᠤᠰ ᠬᠡᠲᠦ ᠶᠢᠨ ᠲᠠᠨᠢᠯᠲᠠ ᠪᠣᠯᠤᠨ ᠶᠡᠷᠦ ᠪᠤᠰᠤ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠪᠠ᠃      ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠠᠶᠢᠨ ᠳᠠᠬᠢᠨ ᠥᠷᠪᠢᠰᠴᠦ᠂ ᠸᠢᠷᠦ᠋ᠰ ᠳᠠᠬᠢᠨ ᠳᠠᠪᠲᠠᠨ ᠣᠨᠳᠣᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠠᠰᠠ ᠴᠦ ᠬᠦᠨᠳᠦ ᠬᠡᠴᠡᠭᠦᠦ ᠪᠠᠶᠢᠭᠰᠠᠭᠠᠷ᠃ ᠡᠨᠡ ᠵᠢᠯ ᠤᠨ 5 ᠳ᠋ᠤᠭᠠᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠪᠦᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠭᠠᠷ ᠭᠠᠷ ᠢᠶᠠᠨ ᠬᠤᠯᠪᠣᠯᠴᠠᠨ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠳᠠᠬᠢᠨᠲᠠ ᠤᠷᠢᠶᠠᠯᠠᠪᠠ᠃ ᠸᠠᠺᠼᠢᠨ ᠪᠣᠯ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠬᠦᠴᠦᠲᠦ ᠵᠡᠪᠰᠡᠭ ᠮᠥᠨ᠃ 7 ᠳ᠋ᠤᠭᠠᠷ ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠸᠠᠺᠼᠢᠨ ᠨᠢ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠬᠡᠷᠡᠭᠵᠢᠭᠦᠯᠬᠦ ᠲᠥᠯᠥᠪᠯᠡᠭᠡ︾ ᠶᠢᠨ ᠸᠠᠺᠼᠢᠨ ᠤ ᠬᠥᠮᠥᠷᠭᠡ ᠳᠤ ᠣᠷᠣᠪᠠ᠃ ᠳᠤᠮᠳᠠᠳᠤ ᠤᠯᠤᠰ ᠥᠪᠡᠷ ᠤᠨ ᠶᠡᠭᠡ ᠬᠡᠪᠴᠢᠶᠡᠨ ᠤ ᠲᠠᠷᠢᠯᠭ᠎ᠠ ᠬᠢᠬᠦ ᠠᠴᠠ ᠪᠣᠯᠤᠭᠰᠠᠨ ᠥᠷᠢᠰᠥᠯᠳᠦᠭᠡᠨ ᠢ ᠢᠯᠠᠨ ᠳᠠᠪᠠᠵᠤ᠂ ᠳᠡᠯᠡᠬᠡᠶ ᠳ᠋ᠠᠬᠢᠨ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠲᠤ ᠸᠠᠺᠼᠢᠨ ᠬᠠᠩᠭᠠᠵᠤ᠂ ᠶᠡᠷᠦᠩᠬᠡᠶ ᠲᠤᠭ᠎ᠠ ᠨᠢ ᠨᠢᠭᠡᠨᠲᠡ 7.5 ᠳ᠋ᠦᠩᠰᠢᠭᠤᠷ ᠢ ᠳᠠᠪᠠᠭᠰᠠᠨ ᠪᠠᠶᠢᠨ᠎ᠠ᠃ ᠳᠤᠮᠳᠠᠳᠤ ᠤᠯᠤᠰ ᠸᠠᠺᠼᠢᠨ ᠢ ︽ᠪᠥᠬᠦ ᠪᠥᠮᠪᠥᠷᠴᠡᠭ ᠤᠨ ᠣᠯᠠᠨ ᠨᠡᠶᠢᠲᠡ ᠶᠢᠨ ᠦᠢᠯᠡᠳᠬᠦᠨ︾ ᠪᠣᠯᠭᠠᠬᠤ ᠲᠥᠪ ᠴᠢᠩᠭ᠎ᠠ ᠠᠮᠠᠯᠠᠯᠲᠠ ᠪᠠᠨ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠪᠡ᠃      ᠶᠡᠷᠦᠩᠬᠡᠶ ᠱᠦᠵᠢ ᠰᠢ ᠶᠢᠨ ᠫᠢᠩ ᠬᠡᠯᠡᠬᠦ ᠳᠤ ᠪᠠᠨ᠄ ︽ᠣᠳᠣᠬᠠᠨ ᠳᠤ ᠸᠠᠺᠼᠢᠨ ᠤ ᠲᠠᠷᠢᠯᠭ᠎ᠠ ᠬᠢᠬᠦ ᠲᠡᠩᠴᠡᠭᠦᠷᠢ ᠥᠬᠡᠶ ᠠᠰᠠᠭᠤᠳᠠᠯ ᠨᠠᠩ ᠲᠣᠪᠤᠶᠢᠮ᠎ᠠ ᠪᠣᠯᠵᠣ ᠪᠠᠶᠢᠨ᠎ᠠ᠂ ᠲᠣᠮᠣ ᠤᠯᠤᠰ ᠤᠳ ᠬᠠᠷᠢᠭᠤᠴᠠᠯᠭ᠎ᠠ ᠡᠭᠦᠷᠭᠡᠯᠡᠵᠦ᠂ ᠸᠠᠺᠼᠢᠨ ᠢ ᠪᠠᠴᠢᠮ ᠬᠡᠷᠡᠭᠴᠡᠭᠡ ᠲᠠᠢ ᠬᠥᠭᠵᠢᠵᠦ ᠪᠠᠶᠢᠭ᠎ᠠ ᠤᠯᠤᠰ ᠲᠤ ᠢᠯᠡᠭᠦᠬᠡᠨ ᠬᠠᠩᠭᠠᠬᠤ ᠬᠡᠷᠡᠭᠲᠡᠶ︾ ᠭᠡᠵᠡᠶ᠃      ᠳᠤᠮᠳᠠᠳᠤ ᠤᠯᠤᠰ ᠪᠣᠯ ᠢᠮᠠᠭᠲᠠ ᠪᠦᠬᠦ ᠪᠥᠮᠪᠥᠷᠴᠡᠭ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭᠠᠨ ᠤ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠮᠥᠨ᠃ ᠣᠨᠴᠠ ᠵᠠᠷᠢᠮ ᠤᠯᠤᠰ ᠬᠢᠵᠢᠭ ᠤᠨ ᠪᠠᠶᠢᠳᠠᠯ ᠪᠠ ᠸᠢᠷᠦ᠋ᠰ ᠤᠨ ᠡᠬᠢ ᠰᠤᠷᠪᠤᠯᠵᠢ ᠶᠢ ᠠᠰᠢᠭᠯᠠᠨ ᠭᠦᠳᠬᠡᠬᠦ᠂ ᠤᠯᠤᠰ ᠲᠥᠷᠥ ᠶᠢᠨ ᠴᠢᠨᠠᠷ ᠲᠠᠢ ᠪᠣᠯᠭᠠᠬᠤ ᠪᠠᠷ ᠬᠤᠤᠪᠢᠯᠳᠤᠬᠤ ᠦᠶ᠎ᠡ ᠳᠤ᠂ ᠳᠤᠮᠳᠠᠳᠤ ᠤᠯᠤᠰ ᠸᠠᠺᠼᠢᠨ ᠤ ᠣᠯᠠᠨ ᠤᠯᠤᠰ ᠤᠨ ᠬᠠᠮᠲᠤᠷᠠᠯᠴᠠᠭ᠎ᠠ ᠶᠢ ᠪᠣᠳᠠᠲᠠᠶ ᠪᠠᠷ ᠠᠬᠢᠭᠤᠯᠵᠤ᠂ ᠳᠡᠯᠡᠬᠡᠶ ᠨᠡᠶᠢᠲᠡ ᠳᠤ ᠬᠢᠵᠢᠭ ᠢ ᠡᠰᠡᠷᠭᠦᠴᠡᠬᠦ ᠡᠳ᠋ ᠪᠣᠳᠠᠰ ᠤᠨ ᠲᠤᠰᠠᠯᠠᠮᠵᠢ ᠶᠢ ᠢᠳᠡᠪᠬᠢᠲᠡᠶ ᠬᠠᠩᠭᠠᠪᠠ᠃ ᠳᠤᠮᠳᠠᠳᠤ ᠤᠯᠤᠰ ᠪᠣᠯ ᠮᠥᠨ ᠴᠦ ᠬᠤᠷᠢᠨ ᠤᠯᠤᠰ ᠤᠨ ᠪᠦᠯᠦᠭᠯᠡᠯ ᠤᠨ ᠭᠡᠰᠢᠭᠦᠨ ᠤᠯᠤᠰ ᠤᠨ ᠳᠣᠲᠣᠷᠠᠬᠢ ᠥᠷᠢ ᠥᠭᠴᠡᠭᠡ ᠶᠢ ᠬᠤᠶᠢᠰᠢᠯᠠᠭᠤᠯᠤᠭᠰᠠᠨ ᠵᠣᠭᠤᠰ ᠤᠨ ᠲᠤᠭ᠎ᠠ ᠪᠠᠷ ᠬᠠᠮᠤᠭ ᠤᠨ ᠶᠡᠭᠡ ᠤᠯᠤᠰ ᠪᠣᠯᠤᠨ᠎ᠠ᠃ ᠣᠳᠣᠬᠠᠨ ᠳᠤ᠂ ᠬᠥᠮᠦᠨ ᠲᠥᠷᠥᠯᠬᠢᠲᠡᠨ ᠶᠠᠭ ᠳᠡᠯᠡᠬᠡᠶ ᠶᠢᠨ ᠬᠤᠶᠠᠳᠤᠭᠠᠷ ᠲᠠᠶᠢᠨ ᠳᠠᠭᠤᠰᠤᠭᠰᠠᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠠᠵᠤ ᠠᠬᠤᠶ ᠶᠢᠨ ᠪᠠᠭᠤᠷᠠᠯᠲᠠ ᠳᠤ ᠤᠴᠠᠷᠠᠵᠤ ᠪᠠᠶᠢᠨ᠎ᠠ᠂ ᠳᠤᠮᠳᠠᠳᠤ ᠤᠯᠤᠰ ᠠᠵᠤ ᠠᠬᠤᠶ ᠶᠢᠨ ᠳᠡᠯᠡᠬᠡᠶᠢᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠨ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠳᠡ ᠶᠢ ᠥᠷᠭᠡᠳᠬᠡᠵᠦ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠶ ᠳ᠋ᠠᠬᠢᠨ ᠳᠤ ᠰᠢᠨ᠎ᠡ ᠠᠵᠠ ᠲᠣᠬᠢᠶᠠᠯ ᠬᠠᠩᠭᠠᠵᠤ ᠪᠣᠢ᠃ ᠡᠨᠡ ᠵᠢᠯ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ︽ᠳ᠋ᠠᠸᠦ᠋ᠰ ᠤᠨ ᠵᠥᠪᠯᠡᠬᠦ ᠵᠦᠢᠯ︾ ᠤᠨ ᠶᠠᠷᠢᠯᠴᠠᠭᠠᠨ ᠤ ᠬᠤᠷᠠᠯ᠂ ᠪᠥᠸᠧ ᠤᠣ ᠶᠢᠨ ᠠᠽᠢᠶ᠎ᠠ ᠲᠢᠪ ᠤᠨ ᠹᠦᠷᠦᠮ ᠤᠨ 2021 ᠣᠨ ᠤ ᠵᠢᠯ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ ᠵᠡᠷᠭᠡ ᠴᠢᠬᠤᠯᠠ ᠬᠤᠷᠠᠯ ᠳᠤ ᠣᠷᠣᠯᠴᠠᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠭᠤᠯᠤᠯᠲᠠ ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠠ ᠲᠣᠬᠢᠶᠠᠯ ᠢ ᠡᠵᠡᠮᠳᠡᠬᠦ᠂ ︽ᠨᠢᠭᠡ ᠪᠦᠰᠡ ᠨᠢᠭᠡ ᠵᠠᠮ︾ ᠤᠨ ᠴᠢᠨᠠᠷᠯᠢᠭ ᠬᠥᠭᠵᠢᠯᠲᠡ ᠶᠢ ᠬᠠᠮᠲᠤ ᠪᠠᠷ ᠪᠠᠶᠢᠭᠤᠯᠬᠤ ᠶᠢ ᠠᠬᠢᠭᠤᠯᠬᠤ ᠵᠡᠷᠭᠡ ᠴᠢᠬᠤᠯᠠ ᠵᠣᠷᠢᠯᠲᠠ ᠶᠢ ᠳᠤᠷᠠᠳᠴᠠᠢ᠃      ᠶᠡᠷᠦᠩᠬᠡᠢ ᠱᠦᠵᠢ ᠰᠢ ᠶᠢᠨ ᠫᠢᠩ᠄ ︽ᠪᠢᠳᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠵᠣᠷᠢᠭ ᠰᠠᠨᠠᠭ᠎ᠠ ᠪᠠᠷ ︿ᠨᠢᠭᠡ ᠪᠦᠰᠡ ᠨᠢᠭᠡ ᠵᠠᠮ﹀ ᠢ ︿ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠵᠠᠮ﹀ ︿ᠨᠡᠮᠡᠭᠳᠡᠯ ᠤᠨ ᠵᠠᠮ﹀ ᠪᠣᠯᠭᠠᠨ ᠪᠦᠳᠦᠭᠡᠨ ᠪᠠᠶᠢᠭᠤᠯᠵᠤ᠂ ᠬᠥᠮᠦᠨ ᠲᠥᠷᠥᠯᠬᠢᠲᠡᠨ ᠤ ᠬᠠᠮᠲᠤ ᠶᠢᠨ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ︾ ᠭᠡᠵᠡᠢ᠃      ᠬᠥᠮᠦᠨ ᠲᠥᠷᠥᠯᠬᠢᠲᠡᠨ ᠤ ᠬᠤᠪᠢ ᠵᠠᠶᠠᠭ᠎ᠠ ᠪᠣᠯ ᠬᠠᠮᠲᠤ ᠶᠢᠨ ᠶᠤᠮ᠂ ᠶᠠᠮᠠᠷᠪᠠ ᠬᠥᠮᠦᠨ ᠶᠠᠮᠠᠷᠪᠠ ᠤᠯᠤᠰ ᠭᠡᠳ ᠬᠤᠪᠢ ᠪᠡᠶ᠎ᠡ ᠪᠠᠨ ᠯᠡ ᠪᠤᠳᠤᠵᠤ ᠪᠣᠯᠬᠤ ᠦᠭᠡᠢ ᠶᠤᠮ᠃ ᠤᠢᠢᠷ᠎ᠠ ᠶᠢᠨ ᠵᠢᠯ ᠤᠳ ᠲᠤ᠂ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠠᠯᠳᠠᠭᠳᠠᠯ᠂ ᠴᠦᠯᠡᠷᠬᠡᠭᠵᠢᠯ ᠰᠢᠷᠦᠭᠦᠰᠬᠦ᠂ ᠠᠭᠤᠷ ᠠᠮᠢᠰᠬᠤᠯ ᠤᠨ ᠲᠦᠢᠯ ᠤᠨ ᠬᠡᠷᠡᠭ ᠵᠡᠷᠭᠡ ᠪᠠᠶᠢᠨ ᠳᠠᠬᠢᠨ ᠡᠭᠦᠰᠴᠦ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠯ ᠪᠠ ᠬᠥᠭᠵᠢᠯ ᠴᠡᠴᠡᠭᠯᠡᠯ ᠳᠤ ᠬᠦᠨᠳᠦ ᠬᠡᠴᠡᠭᠦᠦ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠬᠠᠮᠲᠤ ᠶᠢᠨ ᠥᠷᠢᠰᠥᠯᠳᠦᠭᠡᠨ ᠤ ᠡᠮᠦᠨ᠎ᠡ᠂ ᠳᠤᠮᠳᠠᠳᠤ ᠤᠯᠤᠰ ᠬᠥᠮᠦᠨ ᠲᠥᠷᠥᠯᠬᠢᠲᠡᠨ ᠤ ᠬᠠᠮᠲᠤ ᠶᠢᠨ ᠠᠰᠢᠭ ᠲᠤᠰᠠ ᠶᠢ ᠪᠣᠳᠣᠯᠬᠢᠯᠠᠵᠤ᠂ ᠪᠦᠬᠦ ᠪᠥᠮᠪᠥᠷᠴᠡᠭ ᠢ ᠬᠦᠳᠦᠯᠦᠨ ᠳᠠᠭᠠᠭᠤᠯᠵᠤ ᠪᠠᠶᠢᠭᠠᠳ ᠣᠷᠴᠢᠨ ᠲᠣᠭᠤᠷᠢᠨ ᠤ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ ᠳᠡᠭᠡᠷ᠎ᠡ ᠠᠩᠬ᠎ᠠ ᠤᠳᠠᠭ᠎ᠠ ᠬᠥᠮᠦᠨ ᠪᠣᠯᠤᠨ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠰᠤᠭᠠᠢ ᠭᠡᠵᠦ ᠳᠤᠷᠠᠳᠤᠭᠰᠠᠨ ᠪᠥᠭᠡᠳ ᠳᠤᠮᠳᠠᠳᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠶᠢ ᠪᠡᠶᠡᠯᠡᠭᠦᠯᠵᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠯ ᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠳᠠᠬᠢᠨᠲᠠ ᠲᠣᠳᠣᠷᠬᠠᠶᠢᠯᠠᠪᠠ᠃      ᠶᠡᠷᠦᠩᠬᠡᠶ ᠱᠦᠵᠢ ᠰᠢ ᠶᠢᠨ ᠫᠢᠩ ᠬᠡᠯᠡᠬᠦ ᠳᠤ ᠪᠠᠨ᠄ ︽ᠮᠠᠨ ᠤ ᠦᠵᠡᠬᠦ ᠪᠠᠷ᠂ ᠪᠦᠬᠦ ᠬᠥᠮᠦᠨ ᠲᠥᠷᠥᠯᠬᠢᠲᠡᠨ ᠳᠤ ᠠᠰᠢᠭᠲᠠᠶ ᠶᠠᠪᠤᠳᠠᠯ ᠪᠦᠬᠦᠨ ᠢ ᠳᠤᠮᠳᠠᠳᠤ ᠤᠯᠤᠰ ᠳᠠᠷᠤᠶ ᠴᠢᠳᠠᠯ ᠤᠨ ᠬᠢᠷᠢ ᠪᠠᠷ ᠢᠶᠠᠨ ᠬᠢᠬᠦ ᠮᠥᠷᠲᠡᠭᠡᠨ ᠰᠠᠶᠢᠲᠤᠷ ᠬᠢᠬᠦ ᠬᠡᠷᠡᠭᠲᠡᠶ︾ ᠭᠡᠵᠡᠶ᠃      ᠵᠢᠷᠦᠬᠡ ᠰᠡᠬᠦᠶᠢᠯ ᠢᠶᠠᠨ ᠬᠠᠮᠲᠤᠳᠬᠠᠨ ᠬᠠᠲᠠᠭᠤ ᠪᠡᠷᠬᠡᠰᠢᠶᠡᠯ ᠢ ᠲᠤᠭᠤᠯᠵᠤ᠂ ᠰᠠᠯᠬᠢ ᠳᠠᠪᠠᠯᠭᠠᠨ ᠢ ᠰᠥᠷᠥᠨ ᠲᠦᠮᠡᠨ ᠭᠠᠵᠠᠷ ᠤᠨ ᠠᠶᠠᠨ ᠳᠤ ᠤᠷᠤᠭᠰᠢᠯᠠᠨ᠎ᠠ᠃ ᠡᠨᠡ ᠵᠢᠯ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠤᠨ ᠳᠠᠭᠠᠭᠤᠯᠭ᠎ᠠ ᠳᠣᠣᠷ᠎ᠠ᠂ ᠳᠤᠮᠳᠠᠳᠤ ᠤᠯᠤᠰ ᠪᠦᠬᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢᠨ ᠲᠣᠣᠷ ᠢ ᠢᠳᠡᠪᠬᠢᠲᠡᠢ ᠪᠠᠶᠢᠭᠤᠯᠵᠤ᠂ ᠭᠠᠳᠠᠭᠠᠳᠤ ᠨᠡᠬᠡᠬᠡᠯᠳᠡ ᠪᠣᠯᠤᠨ ᠬᠠᠮᠲᠤᠷᠠᠯᠴᠠᠭ᠎ᠠ ᠶᠢ ᠥᠷᠭᠡᠳᠬᠡᠨ᠂ ᠬᠠᠮᠲᠤ ᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠨᠡᠭᠡᠭᠡᠪᠡ᠃ ᠲᠡᠦᠬᠡ ᠶᠢᠨ ᠵᠥᠪ ᠲᠠᠯ᠎ᠠ ᠪᠠ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ ᠪᠣᠢ︕
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号