ᠡᠵᠡᠨ᠎ᠡ ᠬᠤᠰᠢᠭᠤ ᠬᠦᠴᠦ ᠪᠠᠨ ᠲᠥᠪᠯᠡᠷᠡᠭᠦᠯᠦᠨ ᠪᠠᠶᠢᠴᠠᠭᠠᠨ ᠰᠤᠳᠤᠯᠤᠯᠲᠠ ᠬᠢᠵᠦ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ ᠬᠥᠩᠭᠡᠷᠡᠭᠦᠯᠵᠦ ᠦᠷ᠎ᠡ ᠠᠰᠢᠭ ᠢ ᠨᠡᠮᠡᠭᠳᠡᠭᠦᠯᠬᠦ  ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2021/8/18
      ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠴᠠᠭ᠎ᠠ ᠲᠣᠰᠬᠤᠨ ᠤ ᠱᠠᠲᠤᠨ  ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ ᠬᠥᠩᠭᠡᠷᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠳᠣᠰᠠᠳᠠ᠂ ᠬᠤᠰᠢᠭᠤᠨ ᠤ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠦ ᠠᠬᠤᠢ ᠰᠢᠨᠵᠢᠯᠡᠭᠡ ᠮᠡᠷᠭᠡᠵᠢᠯ ᠵᠡᠷᠭᠡ ᠰᠠᠯᠠᠭ᠎ᠠ ᠮᠦᠴᠢᠷ ᠤᠨ ᠬᠢᠨ ᠪᠥᠬᠦ ᠬᠤᠰᠢᠭᠤᠨ ᠤ ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠨ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠰᠠᠶᠢᠲᠤᠷ ᠬᠢᠬᠦ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃       ᠪᠠᠶᠢᠴᠠᠭᠠᠨ ᠰᠤᠳᠤᠯᠤᠯᠲᠠ ᠪᠠᠷ ᠳᠡᠮᠵᠢᠨ ᠣᠯᠵᠤ ᠮᠡᠳᠡᠭᠰᠡᠨ ᠨᠢ᠂ ᠪᠥᠬᠦ ᠬᠤᠰᠢᠭᠤᠨ ᠤ ᠡᠯ᠎ᠡ ᠭᠠᠴᠠᠭᠠᠨ ᠤ ᠡᠳᠦᠷ ᠲᠤᠲᠤᠮ ᠤᠨ ᠳᠤᠮᠳᠠᠴᠢ ᠭᠤᠤᠯ ᠠᠵᠢᠯ ᠤᠨ ᠡᠭᠦᠷᠭᠡ 23 ᠵᠦᠢᠯ᠂ ᠭᠡᠷᠡᠴᠢ ᠭᠠᠷᠭᠠᠬᠤ ᠠᠵᠢᠯ 28 ᠵᠦᠢᠯ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠡᠬᠡ ᠲᠠᠩᠰᠠ 24᠂ ᠲᠣᠰᠬᠤᠨ ᠤ ᠱᠠᠲᠤᠨ ᠤ ᠠᠵᠢᠯ ᠤᠨ ᠪᠠᠶᠢᠭᠤᠯᠤᠮᠵᠢ 12᠂ ᠲᠣᠰᠬᠤᠨ ᠤ ᠱᠠᠲᠤᠨ ᠤ ᠫᠠᠶᠢᠰᠠ ᠲᠡᠮᠳᠡᠭ ᠡᠯᠬᠦᠬᠦ ᠲᠠᠢ ᠬᠤᠯᠪᠣᠭ᠎ᠠ ᠲᠠᠢ ᠨᠢ 28 ᠪᠠᠶᠢᠵᠤ᠂ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠡᠯ᠎ᠡ ᠵᠦᠢᠯ ᠤᠨ ᠡᠭᠦᠷᠭᠡ ᠶᠢ ᠠᠷᠭᠠᠴᠠᠭᠠᠬᠤ ᠳᠤ ᠬᠦᠴᠢᠷᠳᠡᠵᠦ᠂ ᠣᠯᠠᠨ ᠲᠦᠮᠡᠨ ᠳᠤ ᠦᠢᠯᠡᠴᠢᠯᠡᠬᠦ ᠴᠠᠭ ᠴᠥᠭᠡᠨ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠣᠰᠬᠤᠨ ᠤ ᠱᠠᠲᠤᠨ ᠤ ᠳᠠᠷᠤᠭᠠᠰᠤ ᠬᠡᠲᠦ ᠬᠦᠨᠳᠦ ᠪᠠᠶᠢᠬᠤ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠬᠦ ᠶᠢᠨ ᠬᠠᠮᠲᠤ ᠬᠠᠷᠢᠭᠤ ᠲᠤᠰᠬᠠᠭᠰᠠᠨ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠡᠭᠦᠷᠭᠡᠯᠡᠵᠦ ᠪᠠᠶᠢᠬᠤ ᠳᠡᠭᠡᠳᠦ ᠱᠠᠲᠤᠨ ᠤ ᠲᠤᠰᠢᠶᠠᠨ ᠰᠢᠢᠳᠪᠦᠷᠢᠯᠡᠬᠦᠯᠬᠦ ᠵᠦᠢᠯᠡᠰ ᠤᠨ ᠨᠠᠷᠢᠨ ᠲᠠᠩᠰᠠ ᠶᠢ ᠨᠢᠭᠡᠳ ᠨᠢᠭᠡ ᠪᠠᠷ ᠬᠠᠷᠭᠤᠭᠤᠯᠤᠨ ᠨᠤᠲᠠᠯᠠᠭᠰᠠᠨ ᠤ ᠳᠠᠷᠠᠭ᠎ᠠ᠂ ᠤᠴᠢᠷ ᠶᠠᠪᠤᠳᠠᠯ ᠤᠨ ᠨᠠᠷᠢᠨ ᠲᠠᠩᠰᠠ ᠭᠠᠷᠭᠠᠵᠤ ᠠᠶᠢᠮᠠᠭ ᠤᠨ ᠠᠷᠠᠳ ᠤᠨ ᠶᠠᠪᠤᠳᠠᠯ ᠤᠨ ᠳᠣᠪᠴᠢᠶ᠎ᠠ ᠳᠤ ᠮᠡᠳᠡᠭᠦᠯᠦᠨ᠂ ᠦᠨᠡᠨᠬᠦ ᠶᠠᠪᠤᠭᠳᠠᠭᠤᠰᠢᠲᠠᠶ ᠰᠢᠢᠳᠪᠦᠷᠢᠯᠡᠬᠦ ᠲᠥᠰᠦᠯ ᠲᠣᠭᠲᠠᠭᠠᠵᠤ᠂ ᠪᠥᠬᠦ ᠡᠭᠦᠷᠭᠡ ᠶᠢ ︽ᠲᠣᠳᠣᠷᠬᠠᠶ ᠬᠠᠭᠤᠳᠠᠰᠤ︾ ᠶᠢᠨ ᠬᠡᠯᠪᠡᠷᠢ ᠪᠠᠷ ᠨᠢᠭᠡᠳᠦᠯᠲᠡᠶ ᠨᠡᠶᠢᠲᠡᠯᠡᠵᠦ᠂   ︽ᠨᠠᠷᠢᠨ ᠲᠠᠩᠰᠠ︾ ᠠᠴᠠ ᠭᠠᠳᠠᠨᠠᠬᠢ ᠪᠤᠰᠤᠳ ᠲᠦᠷ ᠴᠠᠭ ᠤᠨ ᠴᠢᠨᠠᠷᠲᠠᠶ᠂ ᠱᠠᠲᠤ ᠦᠶᠡᠴᠢ ᠴᠢᠨᠠᠷᠲᠠᠶ ᠠᠵᠢᠯ ᠢ ᠴᠥᠮ ᠭᠠᠴᠠᠭᠠᠨ ᠳᠤ ᠣᠷᠣᠭᠤᠯᠬᠤ ᠴᠢᠬᠤᠯᠠᠲᠠᠶ ᠪᠣᠯ ᠴᠥᠮ ᠠᠵᠢᠯ ᠳᠤ ᠵᠥᠪᠰᠢᠶᠡᠷᠡᠨ ᠣᠷᠣᠭᠤᠯᠬᠤ ᠶᠢ ᠬᠡᠷᠡᠭᠵᠢᠬᠦᠯᠦᠨ᠎ᠡ᠃ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ  ᠭᠠᠴᠠᠭᠠᠨ ᠳᠤ ᠣᠴᠢᠵᠤ ᠠᠵᠢᠯᠯᠠᠬᠤ ᠶᠢ ᠵᠥᠪᠰᠢᠶᠡᠷᠡᠵᠦ᠂ ︽ᠬᠠᠷᠢᠭᠤᠴᠠᠯᠭ᠎ᠠ ᠡᠷᠬᠡ ᠶᠢ ᠨᠢᠭᠡᠳᠬᠡᠵᠦ᠂ ᠬᠥᠮᠦᠨ ᠵᠣᠭᠤᠰ ᠮᠥᠩᠭᠦ ᠡᠳ᠋ ᠪᠣᠳᠠᠰ ᠢ ᠬᠠᠷᠢᠯᠴᠠᠨ ᠢᠵᠢ ᠪᠦᠷᠢᠳᠦᠭᠦᠯᠬᠦ︾ ᠵᠠᠷᠴᠢᠮ ᠶᠣᠰᠣᠭᠠᠷ᠂ ︽ᠡᠷᠬᠡ ᠨᠢ ᠤᠴᠢᠷ ᠶᠠᠪᠤᠳᠠᠯ ᠢ ᠳᠠᠭᠠᠬᠤ᠂ ᠬᠥᠮᠦᠨ ᠨᠢ ᠤᠴᠢᠷ ᠶᠠᠪᠤᠳᠠᠯ ᠢ ᠳᠠᠭᠠᠬᠤ᠂ ᠵᠠᠷᠤᠳᠠᠯ ᠨᠢ ᠠᠵᠢᠯ ᠢ ᠳᠠᠭᠠᠬᠤ︾ ᠶᠢ ᠰᠠᠶᠢᠲᠤᠷ ᠨᠠᠶᠢᠳᠠᠪᠤᠷᠢᠵᠢᠭᠤᠯᠵᠤ᠂ ᠡᠷᠬᠡ ᠣᠯᠭᠤᠬᠤ ᠠᠭᠤᠯᠭ᠎ᠠ᠂ ᠡᠲᠡᠭᠡᠳ᠂ ᠡᠷᠬᠡ ᠮᠡᠳᠡᠯ᠂ ᠴᠠᠭ ᠬᠤᠭᠤᠴᠠᠭ᠎ᠠ ᠪᠠ ᠵᠠᠷᠤᠳᠠᠯ ᠢ ᠲᠣᠳᠣᠷᠬᠠᠶᠢᠯᠠᠵᠤ᠂ ᠲᠣᠰᠬᠤᠨ ᠤ ᠺᠠᠳ᠋ᠷ ᠨᠠᠩ ᠣᠯᠠᠨ ᠴᠠᠭ ᠣᠶᠤᠨ ᠴᠢᠳᠠᠯ ᠢᠶᠠᠨ ᠰᠢᠪᠬᠠᠵᠦ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ᠂ ᠪᠣᠳᠠᠲᠤ ᠶᠠᠪᠤᠳᠠᠯ ᠬᠢᠬᠦ  ᠳᠤ ᠵᠣᠷᠢᠭᠤᠯᠣᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号