︽ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠦᠷᠭᠡᠳᠬᠡᠨ ᠪᠦᠳᠦᠭᠡᠨ ᠪᠠᠶᠢᠭᠤᠯᠤᠨ ᠬᠥᠭᠵᠢᠭᠦᠯᠬᠦ ᠲᠤᠬᠠᠶ ᠵᠢᠯᠣᠭᠤᠳᠬᠤ ᠰᠠᠨᠠᠯ︾ ᠤᠨ ᠳᠤᠬᠠᠢ ᠠᠰᠠᠭᠤᠯᠳᠠ ᠬᠠᠷᠢᠭᠤᠯᠳᠠ
ᠨᠡᠶᠢᠲᠡᠯᠡᠭᠰᠡᠨ ᠴᠠᠭ᠄
2021/8/18
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ᠂ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠵᠡᠷᠭᠡ 11 ᠰᠠᠯᠠᠭ᠎ᠠ ᠮᠥᠴᠢᠷ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠦᠷᠭᠡᠳᠬᠡᠨ ᠪᠦᠳᠦᠭᠡᠨ ᠪᠠᠶᠢᠭᠤᠯᠤᠨ ᠬᠥᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃       ᠨᠢᠭᠡ᠂ ︽ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠮᠠᠷ ᠪᠤᠢ︖       ᠣᠳᠣᠬᠠᠨ ᠳᠤ᠂ ᠮᠠᠨ ᠤ ᠤᠷᠤᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠨᠤᠳᠠᠯᠠᠨ ᠲᠣᠭᠲᠠᠭᠠᠭᠰᠠᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 2.2 ᠲᠦᠮᠡ ᠳᠤ ᠬᠦᠷᠴᠦ᠂ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 2300 ᠭᠠᠷᠤᠶ ᠪᠣᠯᠪᠠ᠃ ᠭᠡᠪᠡᠴᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠨᠢ ᠬᠥᠭᠵᠢᠯᠲᠡ ᠶᠢᠨ ᠡᠬᠢᠨ ᠤ ᠱᠠᠲᠤᠨ ᠳᠤ ᠣᠷᠣᠰᠢᠵᠤ᠂ ᠪᠠᠰᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠲᠡᠬᠦᠯᠳᠡᠷ ᠪᠤᠰᠤ᠂ ᠬᠠᠮᠢᠶᠠᠷᠤᠯᠲᠠ ᠶᠢᠨ ᠲᠦᠷᠢᠮ ᠵᠢᠷᠤᠮᠵᠢᠯ ᠥᠬᠡᠶ᠂ ᠦᠢᠯᠡᠴᠢᠯᠡᠭᠡᠨ ᠤ ᠰᠢᠰᠲ᠋ᠧᠮ ᠲᠡᠭᠦᠯᠳᠡᠷ ᠪᠤᠰᠤ ᠵᠡᠷᠭᠡ ᠠᠰᠠᠭᠤᠳᠠᠯ ᠲᠤᠯᠭᠠᠷᠠᠵᠤ ᠪᠤᠢ᠃ ︽ᠰᠠᠨᠠᠯ︾ ᠳᠤ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠵᠢᠱᠢᠶ᠎ᠡ ᠦᠵᠡᠭᠦᠯᠤᠨ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠵᠢᠯᠤᠭᠤᠳᠤᠨ ᠦᠢᠯᠡᠴᠢᠯᠡᠬᠦ ᠲᠣᠭᠲᠠᠴᠠ ᠶᠢ ᠪᠠᠶᠢᠭᠤᠯᠤᠨ ᠲᠡᠬᠦᠯᠳᠡᠷᠵᠢᠬᠦᠯᠬᠦ ᠪᠠᠷ ᠲᠤᠯᠭᠠᠭᠤᠷᠢ ᠪᠣᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠᠷ ᠪᠠᠲᠤᠯᠠᠭ᠎ᠠ ᠪᠣᠯᠭᠠᠵᠤ᠂ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠴᠢᠩᠭᠠᠳᠬᠠᠬᠤ᠂ ᠵᠢᠱᠢᠶ᠎ᠡ ᠦᠵᠡᠭᠦᠯᠤᠨ ᠬᠥᠲᠥᠯᠦᠨ ᠳᠠᠭᠠᠭᠤᠯᠬᠤ ᠶᠢ ᠴᠢᠩᠭᠠᠷᠠᠭᠤᠯᠬᠤ᠂ ᠲᠡᠳᠬᠦᠨ ᠳᠡᠮᠵᠢᠬᠦ ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ 18 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ 2022 ᠣᠨ ᠪᠣᠯᠬᠤ ᠳᠤ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠪᠤᠯᠤᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠪᠠ ᠳᠠᠶᠢᠴᠢᠯᠠᠬᠤ ᠴᠢᠳᠠᠪᠤᠷᠢ ᠶᠢ ᠪᠠᠬᠢᠵᠢᠬᠦᠯᠦᠨ ᠳᠡᠭᠡᠭᠰᠢᠯᠡᠭᠦᠯᠵᠦ᠂ ᠰᠢᠶᠠᠨ ᠤ ᠱᠠᠲᠤᠨ ᠠᠴᠠ ᠳᠡᠭᠡᠭᠰᠢᠬᠢ ᠵᠢᠱᠢᠶᠡᠴᠢ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ 4000 ᠳᠤ ᠬᠦᠷᠭᠡᠬᠦ ᠪᠠᠷ ᠴᠢᠷᠮᠠᠶᠢᠨ᠎ᠠ ᠬᠡᠪᠡ᠃       ᠬᠤᠶᠠᠷ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠡᠷᠬᠢᠨ ᠪᠦᠳᠦᠭᠡᠨ ᠪᠠᠶᠢᠭᠤᠯᠬᠤ ᠪᠠ ᠰᠠᠶᠢᠳᠤᠷ ᠬᠠᠮᠢᠶᠠᠷᠬᠤ ᠪᠣᠶ︖       ᠨᠢᠭᠡ ᠳᠤ᠂ ᠬᠦᠮᠦᠵᠢᠬᠦᠯᠬᠦ ᠡᠲᠡᠭᠡᠳ ᠢ ᠲᠣᠳᠣᠷᠬᠠᠶᠢᠯᠠᠨ᠎ᠠ᠃ ᠲᠠᠷᠢᠵᠤ ᠲᠡᠵᠢᠭᠡᠬᠦ ᠲᠣᠮᠣ ᠡᠷᠦᠬᠡ ᠪᠣᠯᠤᠨ ᠲᠤᠰᠬᠠᠶ ᠮᠡᠷᠭᠡᠵᠢᠯ ᠤᠨ ᠲᠣᠮᠣ ᠡᠷᠦᠬᠡ ᠶᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠪᠦᠳᠦᠭᠡᠨ ᠪᠠᠶᠢᠭᠤᠯᠬᠤ ᠬᠡᠪᠴᠢᠶᠡᠨ ᠳᠤ ᠣᠷᠣᠭᠤᠯᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠣᠯᠭᠠᠨ ᠬᠥᠭᠵᠢᠭᠦᠯᠬᠦ ᠶᠢ ᠲᠡᠮᠵᠢᠨ᠎ᠠ᠃ ᠬᠤᠶᠠᠷ ᠲᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠵᠡᠩᠨᠡᠯᠲᠡ ᠶᠢᠨ ᠬᠡᠪᠴᠢᠶ᠎ᠡ ᠶᠢ ᠲᠤᠭᠳᠠᠭᠠᠨ᠎ᠠ᠃ ᠬᠤᠰᠢᠭᠤ ᠰᠢᠶᠠᠨ ᠢᠶᠠᠷ ᠨᠢᠭᠡᠴᠢ ᠪᠣᠯᠭᠠᠨ᠂ ᠲᠤᠰ ᠭᠠᠵᠠᠷ ᠣᠷᠣᠨ ᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠭᠠᠵᠠᠷ ᠰᠢᠷᠣᠶ ᠬᠠᠳᠤᠯᠠᠩ ᠪᠡᠯᠴᠢᠭᠡᠷ ᠤᠨ ᠡᠵᠡᠩᠨᠡᠯᠲᠡ ᠶᠢᠨ ᠬᠡᠪᠴᠢᠶ᠎ᠡ ᠪᠣᠯᠤᠨ ᠮᠠᠯ ᠠᠷᠠᠴᠢᠯᠠᠨ ᠲᠡᠵᠢᠭᠡᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠪᠴᠢᠶ᠎ᠡ ᠨᠢ ᠵᠣᠬᠢᠰᠲᠠᠶ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠦᠭᠵᠢᠬᠦᠯᠦᠨ᠎ᠠ᠃ ᠭᠤᠷᠪᠠ ᠳᠤ᠂ ᠡᠯ᠎ᠡ ᠲᠥᠷᠥᠯ ᠤᠨ ᠴᠢᠳᠠᠪᠤᠷᠢᠲᠠᠨ ᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠡᠯᠡᠪᠡᠢ ᠡᠬᠦᠳᠦᠨ ᠪᠠᠶᠢᠭᠤᠯᠬᠤ ᠶᠢ ᠵᠤᠷᠢᠭᠵᠢᠭᠤᠯᠤᠨ᠎ᠠ᠃ ᠬᠥᠳᠡᠭᠡ ᠲᠣᠰᠬᠤᠨ ᠤ ᠲᠤᠰ ᠭᠠᠵᠠᠷ ᠤᠨ ᠴᠢᠳᠠᠪᠤᠷᠢᠳᠡᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠪᠤᠶᠤ ᠨᠤᠲᠤᠭ ᠲᠠᠭᠠᠨ ᠠᠴᠢ ᠬᠠᠷᠢᠭᠤᠯᠬᠤ ᠬᠦᠰᠡᠯ ᠡᠷᠡᠮᠡᠯᠵᠡᠯ ᠲᠠᠢ ᠭᠠᠳᠠᠭᠰᠢ ᠭᠠᠷᠤᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠳᠠᠭᠠᠭᠤᠯᠤᠨ ᠡᠷᠬᠢᠯᠡᠬᠦ ᠶᠢ ᠬᠦᠳᠦᠯᠦᠨ ᠵᠢᠯᠤᠭᠤᠳᠤᠨ᠎ᠠ᠃ ᠳᠥᠷᠪᠡ ᠳᠤ᠂ ᠦᠨᠡᠯᠡᠨ ᠲᠣᠭᠲᠠᠭᠠᠵᠤ ᠪᠦᠷᠢᠳᠬᠡᠨ ᠳᠠᠩᠰᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠥᠭᠦᠮᠴᠢᠯᠡᠵᠦ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠠᠭᠤᠵᠢᠭᠤ ᠲᠠᠯᠪᠢᠵᠤ᠂ ᠦᠨᠡᠯᠡᠨ ᠲᠤᠭᠳᠠᠭᠠᠬᠤ ᠬᠠᠮᠢᠶᠠᠷᠤᠯᠲᠠ ᠶᠢ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠲᠡᠶᠢᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠠ᠃ ᠲᠠᠪᠤ ᠳᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢᠨ ᠳᠦᠷᠢᠮ ᠢ ᠲᠦᠷᠭᠡᠳᠬᠡᠨ ᠪᠠᠶᠢᠭᠤᠯᠵᠤ᠂ ᠨᠥᠬᠦᠴᠡᠯ ᠳᠤ ᠨᠡᠶᠢᠴᠡᠬᠦ ᠲᠠᠷᠢᠵᠤ ᠲᠡᠵᠢᠭᠡᠬᠦ ᠲᠣᠮᠣ ᠡᠷᠦᠬᠡ᠂ ᠲᠤᠰᠬᠠᠶ ᠮᠡᠷᠭᠡᠵᠢᠯ ᠤᠨ ᠲᠣᠮᠣ ᠡᠷᠦᠬᠡ ᠶᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠡᠪᠴᠢᠶᠡᠨ ᠳᠤ ᠣᠷᠣᠭᠤᠯᠵᠤ᠂ ᠪᠦᠬᠦᠨ ᠢ ᠪᠦᠬᠦ ᠤᠯᠤᠰ ᠤᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠨᠡᠷᠡᠰ ᠤᠨ ᠵᠢᠭᠰᠠᠭᠠᠯᠲᠠ ᠶᠢᠨ ᠰᠢᠰᠲ᠋ᠧᠮ ᠳᠤ ᠲᠠᠭᠯᠠᠨ ᠮᠡᠳᠡᠬᠦᠯᠦᠨ᠎ᠠ᠃        ᠭᠤᠷᠪᠠ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠬᠡᠷᠬᠢᠨ ᠴᠢᠩᠭᠠᠳᠬᠠᠬᠤ ᠪᠣᠶ︖        ᠨᠢᠭᠡ ᠳᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠡᠯ᠎ᠡ ᠲᠥᠷᠥᠯ ᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠢᠱᠢᠶ᠎ᠠ ᠦᠵᠡᠬᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠭᠤᠶᠤᠴᠢᠯᠠᠨ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠬᠤᠭᠤᠴᠠᠭ᠎ᠠ ᠪᠦᠯᠦᠭ ᠬᠤᠪᠢᠶᠠᠨ ᠪᠡᠯᠡ ᠮᠥᠩᠭᠦ ᠪᠤᠯᠤᠨ ᠲᠥᠷᠥᠯ ᠵᠦᠢᠯ ᠤᠨ ᠲᠡᠳᠬᠦᠮᠵᠢ ᠣᠯᠭᠤᠨ᠎ᠠ᠃ ᠬᠤᠶᠠᠷ ᠲᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠢᠱᠢᠶ᠎ᠠ ᠦᠵᠡᠬᠦᠯᠬᠦ ᠰᠢᠶᠠᠨ ᠢ ᠡᠭᠦᠳᠦᠨ ᠪᠠᠶᠢᠭᠤᠯᠬᠤ ᠶᠢ ᠥᠷᠨᠢᠭᠦᠯᠦᠨ᠎ᠡ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠵᠢᠱᠢᠶ᠎ᠠ ᠦᠵᠡᠬᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠳᠠᠮᠵᠢᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠥᠭᠵᠢᠯᠲᠡ ᠶᠢᠨ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃ ᠭᠤᠷᠪᠠ ᠳᠤ᠂ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠡ᠃ ᠠᠳᠠᠯᠢ ᠪᠤᠰᠤ ᠲᠥᠷᠥᠯ ᠬᠡᠯᠪᠡᠷᠢ ᠶᠢᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢᠨ ᠥᠯᠢᠭᠡᠷ ᠵᠢᠱᠢᠶ᠎ᠡ ᠶᠢ ᠪᠣᠶ ᠪᠣᠯᠭᠠᠵᠤ᠂ ᠰᠠᠶᠢᠨ ᠲᠤᠷᠰᠢᠯᠭ᠎ᠠ ᠰᠠᠶᠢᠨ ᠵᠠᠭᠪᠤᠷ ᠢ ᠳ᠋ᠦᠩᠨᠡᠨ ᠳᠡᠯᠭᠡᠷᠡᠭᠦᠯᠦᠨ᠎ᠡ᠃ ᠳᠥᠷᠪᠡ ᠳᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠷᠰᠢᠭᠰᠠᠨ ᠡᠵᠡᠩᠨᠡᠯᠳᠡ ᠶᠢ ᠬᠦᠭᠵᠢᠬᠦᠯᠬᠦ ᠶᠢ ᠠᠬᠢᠭᠤᠯᠤᠨ᠎ᠠ᠃ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠦᠳᠦᠯᠦᠨ ᠵᠢᠯᠤᠭᠤᠳᠴᠤ ᠪᠠᠶᠢᠭᠠᠳ ᠮᠠᠯᠴᠢᠨ ᠲᠠᠷᠢᠶᠠᠴᠢᠨ ᠤ ᠬᠤᠷᠰᠢᠶ᠎ᠠ ᠶᠢ ᠲᠠᠭᠠᠭᠤᠯᠤᠨ ᠡᠷᠬᠢᠯᠡᠬᠦ ᠪᠤᠶᠤ ᠬᠤᠷᠰᠢᠶ᠎ᠠ ᠳᠤ ᠤᠷᠤᠯᠴᠠᠭᠤᠯᠵᠤ᠂ ᠲᠠᠭᠠᠭᠤᠯᠤᠭᠴᠢ ᠠᠵᠤ ᠠᠬᠤᠶᠢᠯᠠᠯ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠯᠤᠭ᠎ᠠ ᠬᠠᠮᠲᠤᠷᠠᠯᠴᠠᠬᠤ ᠠᠷᠭ᠎ᠠ ᠮᠠᠶ᠋ᠢᠭ ᠢ ᠰᠦᠪᠡᠭᠴᠢᠯᠡᠨ ᠳᠡᠯᠭᠡᠷᠡᠭᠦᠯᠵᠦ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠡᠶᠢᠭᠡᠮᠯᠢᠭ ᠪᠤᠶᠤ ᠬᠤᠯᠪᠣᠭ᠎ᠠ ᠪᠠᠶᠢᠭᠤᠯᠬᠤ ᠶᠢ ᠵᠣᠷᠢᠭᠵᠢᠭᠤᠯᠤᠨ᠎ᠠ᠃        ᠳᠥᠷᠪᠡ᠂ ᠶᠠᠮᠠᠷ ᠶᠠᠮᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠲᠡᠭᠦᠯᠳᠡᠷᠵᠢᠭᠦᠯᠦᠭᠰᠡᠨ ᠪᠣᠶ︖        ᠨᠢᠭᠡ ᠳᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠲᠡᠶᠢᠰᠢ ᠡᠮᠬᠢ ᠵᠢᠷᠤᠮ ᠲᠠᠢ ᠪᠠᠷ ᠰᠢᠯᠵᠢᠬᠦᠯᠬᠦ ᠶᠢ ᠵᠣᠷᠢᠭᠵᠢᠭᠤᠯᠤᠨ᠎ᠠ᠃ ᠬᠤᠶᠠᠷ ᠲᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠴᠢᠬᠤᠯᠠ ᠪᠦᠬᠦᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠪᠣᠯᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠲᠥᠪᠯᠡᠷᠡᠭᠦᠯᠦᠨ ᠴᠢᠬᠢ ᠪᠤᠶᠢᠵᠢᠭᠤᠯᠬᠤ᠂ ᠬᠥᠮᠥᠷᠭᠡᠯᠡᠨ ᠬᠠᠳᠠᠭᠠᠯᠠᠬᠤ᠂ ᠬᠠᠳᠠᠭᠠᠬᠤ ᠵᠢᠴᠢ ᠰᠢᠨ᠎ᠡ ᠰᠣᠷᠭᠤᠭ ᠢᠶᠠᠷ ᠬᠠᠳᠠᠭᠠᠯᠠᠬᠤ ᠬᠥᠮᠥᠷᠭᠡ ᠵᠡᠷᠭᠡ ᠰᠠᠭᠤᠷᠢ ᠲᠦᠬᠦᠭᠡᠷᠤᠮᠵᠢ ᠶᠢ ᠥᠪᠡᠰᠦᠪᠡᠨ ᠪᠠᠶᠢᠭᠤᠯᠬᠤ ᠪᠤᠶᠤ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠭᠤᠷᠪᠠ ᠳᠤ᠂ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠲᠥᠪ ᠤᠨ ᠨᠦᠬᠦᠪᠤᠷᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠲᠥᠰᠦᠪ ᠤᠨ ᠪᠡᠯᠡ ᠮᠥᠩᠭᠦ ᠲᠣᠬᠢᠷᠠᠭᠤᠯᠬᠤ ᠶᠢ ᠵᠤᠷᠢᠭᠵᠢᠭᠤᠯᠵᠤ᠂ ᠱᠠᠩᠨᠠᠬᠤ ᠪᠠᠷ ᠨᠦᠬᠦᠪᠤᠷᠢᠯᠡᠬᠦ ᠶᠢ ᠣᠷᠣᠯᠠᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢ ᠲᠡᠳᠬᠦᠬᠦ ᠶᠢᠨ ᠬᠠᠮᠲᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠠᠰᠢᠭ ᠬᠦᠷᠲᠡᠬᠦ ᠬᠡᠪᠴᠢᠶ᠎ᠡ ᠶᠢ ᠵᠢᠯ ᠲᠠᠷᠠᠭᠠᠯᠠᠨ ᠦᠷᠭᠡᠳᠭᠡᠨ᠎ᠠ᠃       ᠲᠠᠪᠤ᠂ ᠪᠤᠯᠪᠠᠰᠤᠷᠠᠯ ᠤᠨ ᠦᠢᠯᠡᠴᠢᠯᠡᠭᠡᠨ ᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖       ᠨᠢᠭᠡ ᠳᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠬᠠᠨᠳᠤᠭᠤᠯᠤᠭᠰᠠᠨ ᠨᠡᠶᠢᠭᠡᠮᠴᠢᠯᠡᠭᠰᠡᠨ ᠤᠢᠢᠯᠡᠴᠢᠯᠡᠭᠡ ᠶᠢ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠪᠠᠶᠢᠭᠤᠯᠤᠮᠵᠢ ᠠᠴᠠ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠮᠡᠷᠭᠡᠵᠢᠯ ᠳᠡᠯᠭᠡᠷᠡᠭᠦᠯᠬᠦ᠂ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ᠂ ᠰᠡᠷᠭᠡᠶᠢᠯᠡᠬᠦ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠬᠤᠶᠠᠷ ᠲᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠭᠴᠢ ᠶᠢᠨ ᠪᠤᠯᠪᠠᠰᠤᠷᠠᠯ ᠢ ᠥᠷᠨᠢᠭᠦᠯᠦᠨ᠎ᠡ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠭᠴᠢᠳ ᠤᠨ ᠪᠤᠯᠪᠠᠰᠤᠷᠠᠯ ᠢ ᠬᠦᠳᠡᠭᠡ ᠠᠵᠤ ᠠᠬᠤᠢ ᠳᠤ ᠬᠤᠯᠪᠣᠭᠳᠠᠬᠤ ᠪᠤᠯᠪᠠᠰᠤᠷᠠᠯ ᠤᠨ ᠴᠢᠬᠤᠯᠠ ᠡᠭᠦᠷᠭᠡ ᠪᠣᠯᠭᠠᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢᠨ ᠴᠢᠳᠠᠪᠤᠷᠢ ᠶᠢ ᠬᠦᠴᠦᠯᠡᠨ ᠲᠡᠭᠡᠭᠰᠢᠯᠡᠬᠦᠯᠦᠨ᠎ᠠ᠃ ᠭᠤᠷᠪᠠ ᠳᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠮᠥᠩᠭᠦᠨ ᠬᠦᠢᠯᠭᠡᠭᠡ ᠳᠠᠭᠠᠳᠬᠠᠯ ᠤᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠴᠢᠭᠯᠡᠭᠦᠯᠦᠨ ᠲᠤᠰᠬᠠᠶ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠵᠤᠷᠢᠭᠵᠢᠭᠤᠯᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃ ᠳᠥᠷᠪᠡ ᠳᠤ᠂ ︽ᠢᠨᠲ᠋ᠧᠷ ᠰᠦᠯᠵᠢᠶ᠎ᠡ +︾ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠬᠥᠭᠵᠢᠭᠦᠯᠬᠦ ᠶᠢ ᠳᠠᠮᠵᠢᠨ᠎ᠠ᠃ ᠢᠨᠲ᠋ᠧᠷ ᠰᠦᠯᠵᠢᠶ᠎ᠡ ᠶᠢ ᠲᠤᠰᠬᠤᠨ ᠪᠠ ᠡᠷᠦᠬᠡ ᠳᠤ ᠣᠷᠣᠭᠤᠯᠬᠤ ᠢᠨᠵᠧᠨᠧᠷᠢᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠭᠴᠢ ᠶᠢᠨ ᠢᠨᠲ᠋ᠧᠷ ᠰᠦᠯᠵᠢᠶᠡᠨ ᠤ ᠬᠡᠷᠡᠭᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号