300000000 ᠬᠦᠮᠦᠨ ᠨᠦᠢᠷ ᠬᠤᠯᠵᠢᠵᠤ ᠪᠤᠢ
ᠨᠡᠶᠢᠲᠡᠯᠡᠭᠰᠡᠨ ᠴᠠᠭ᠄
2021/8/18
    ᠪᠠᠶᠢᠴᠠᠭᠠᠯᠲᠠ ᠠᠴᠠ ᠦᠵᠡᠪᠡᠯ᠂ ᠮᠠᠨ ᠤ ᠤᠯᠤᠰ ᠲᠤ ᠣᠳᠤ ᠭᠤᠷᠪᠠᠨ ᠳ᠋ᠦᠩᠰᠢᠭᠤᠷ ᠭᠠᠷᠤᠢ ᠬᠦᠮᠦᠨ ᠨᠦᠢᠷ ᠬᠤᠯᠵᠢᠵᠤ ᠪᠤᠢ᠃ ᠡᠨᠡ ᠪᠠᠭ᠎ᠠ ᠲᠤᠭ᠎ᠠ ᠪᠢᠰᠢ ᠰᠢᠦ᠃ ᠡᠭᠦᠨ ᠳᠤ ᠭᠤᠷᠪᠠᠨ ᠤ ᠨᠢᠭᠡ ᠶᠢᠨ ᠬᠦᠮᠦᠨ ᠦᠷ ᠤᠨ ᠨᠢᠭᠡ ᠂ ᠬᠤᠶᠠᠷ ᠴᠠᠭ ᠠᠴᠠ ᠬᠤᠶᠢᠰᠢ ᠰᠠᠶ᠋ᠢ ᠤᠨᠲᠠᠵᠤ ᠪᠠᠶᠢᠨ᠎ᠠ᠃ ᠣᠨᠴᠠᠭᠠᠶᠢᠯᠠᠨ ᠥᠩᠭᠡᠷᠡᠭᠰᠡᠨ ᠨᠢᠭᠡ ᠵᠢᠯ ᠳᠤ ᠰᠢᠨ᠎ᠡ ᠺᠤᠷᠤᠨᠠ ᠸᠢᠷᠦ᠋ᠰ ᠤᠨ ᠬᠢᠵᠢᠭ ᠤᠨ ᠨᠥᠯᠦᠭᠡ ᠠᠴᠠ ᠪᠣᠯᠵᠤ ᠬᠦᠮᠦᠰ ᠭᠡᠷ ᠣᠷᠤᠨ ᠳᠠᠭᠠᠨ ᠰᠠᠭᠤᠬᠤ ᠨᠢ ᠢᠯᠡᠭᠦᠦ ᠪᠣᠯᠣᠭᠰᠠᠨ ᠠᠴᠠ ᠤᠯᠠᠮ ᠢᠯᠡᠭᠦᠦ ᠨᠦᠢᠷ ᠬᠤᠯᠵᠢᠬᠤ ᠪᠣᠯᠵᠤ᠂ ᠡᠩ ᠤᠨ ᠦᠶ᠎ᠡ ᠶᠢᠨ ᠬᠢ ᠠᠴᠠ ᠪᠠᠨ 2 ᠠᠴᠠ 3 ᠴᠠᠭ ᠤᠷᠤᠢ ᠣᠨᠲᠠᠬᠤ ᠪᠣᠯᠵᠠᠢ᠃     ᠨᠦᠢᠷ ᠬᠤᠯᠵᠢᠬᠤ ᠨᠢ ᠬᠦᠮᠦᠰ ᠤᠨ ᠪᠡᠶ᠎ᠡ ᠰᠡᠦᠨᠬᠢᠴᠡ ᠡᠷᠡᠭᠦᠯ ᠮᠡᠨᠳᠦ ᠳᠤ ᠶᠡᠭᠡ ᠨᠥᠯᠦᠭᠡ ᠪᠣᠯᠣᠭᠰᠠᠨ ᠢ ᠤᠶᠢᠷ᠎ᠠ ᠶᠢᠨ ᠦᠶ᠎ᠡ ᠶᠢᠨ ᠰᠤᠳᠤᠯᠭᠠᠨ ᠭᠡᠷᠡᠴᠢᠯᠡᠵᠡᠢ᠃ ᠪᠢᠳᠡ ᠪᠦᠬᠦ ᠨᠠᠰᠤᠨ ᠤ ᠪᠠᠨ ᠭᠤᠷᠪᠠᠨ ᠤ ᠨᠢᠭᠡ ᠬᠤᠪᠢ ᠶᠢᠨ ᠴᠠᠭ ᠢ ᠣᠨᠲᠠᠵᠤ ᠠᠮᠠᠷᠠᠵᠤ ᠥᠩᠭᠡᠷᠡᠭᠦᠯᠳᠡᠭ ᠪᠣᠯᠬᠤᠷ ᠨᠦᠢᠷ ᠰᠠᠶᠢᠨ ᠪᠠᠶᠢᠬᠤ ᠨᠢ ᠬᠦᠮᠦᠨ ᠤ ᠪᠡᠶ᠎ᠡ ᠶᠢᠨ ᠡᠷᠡᠭᠦᠯ ᠮᠡᠨᠳᠦ ᠪᠠᠶᠢᠬᠤ ᠳᠤ ᠮᠠᠰᠢ ᠴᠢᠬᠤᠯᠠ ᠪᠠᠶᠢᠳᠠᠭ ᠶᠤᠮ᠃ ︽ᠡᠷᠡᠭᠦᠯ ᠪᠡᠶ᠎ᠡ ᠰᠠᠷᠠᠭᠤᠯ ᠤᠬᠠᠭᠠᠨ︾ ᠭᠡᠳᠡᠭ ᠨᠢ ᠴᠤ ᠨᠦᠢᠷ ᠰᠠᠶᠢᠲᠠᠢ ᠬᠦᠮᠦᠰ ᠲᠠᠢ ᠬᠤᠯᠪᠤᠵᠤ ᠶᠠᠷᠢᠭᠰᠠᠨ ᠦᠭᠡ ᠪᠠᠶᠢᠬ᠎ᠠ᠃    ᠤᠷᠲᠤ ᠬᠤᠭᠤᠴᠠᠭ᠎ᠠ ᠨᠦᠢᠷ ᠬᠤᠯᠵᠢᠬᠤ ᠨᠢ ᠰᠠᠨᠠᠭ᠎ᠠ ᠶᠢ ᠤᠶᠢᠮᠤᠷᠠᠭᠤᠯᠵᠤ᠂ ᠣᠯᠠᠨ ᠵᠦᠢᠯ ᠤᠨ ᠡᠪᠡᠦᠨᠴᠢᠨ ᠡᠮᠬᠡᠭ ᠣᠯᠬᠤ ᠶᠢᠨ ᠦᠨᠳᠦᠰᠦ ᠰᠢᠯᠲᠠᠭᠠᠨ ᠪᠣᠯᠳᠠᠭ ᠶᠤᠮ᠃    ᠨᠦᠢᠷ ᠬᠤᠯᠵᠢᠭᠰᠠᠨ ᠠᠴᠠ ᠪᠣᠯᠵᠤ ᠬᠦᠮᠦᠨ ᠤ ᠪᠡᠶ᠎ᠡ ᠶᠢᠨ ᠳᠤᠳᠤᠭᠠᠳᠤ ᠱᠦᠬᠦᠷᠡᠯ ᠤᠨ ᠲᠡᠩᠴᠡᠭᠦᠷᠢ ᠠᠯᠳᠠᠭᠳᠠᠵᠤ᠂ ᠲᠣᠯᠣᠭᠠᠢ ᠡᠪᠡᠦᠨᠬᠦ᠂ ᠭᠤᠲᠤᠷᠠᠬᠤ᠂ ᠵᠣᠪᠠᠭ᠋ᠤ᠂ ᠪᠠᠴᠢᠮᠳᠠᠬᠤ᠂ ᠡᠷᠲᠡ ᠥᠲᠡᠯᠬᠦ᠂ ᠴᠢᠰᠤᠨ ᠤ ᠳᠠᠷᠤᠯᠲᠠ ᠥᠨᠳᠦᠷ ᠪᠣᠯᠬᠤ᠂ ᠰᠢᠬᠢᠷ ᠰᠢᠵᠢᠩ ᠡᠪᠡᠦᠨᠴᠢᠨ ᠣᠯᠬᠤ᠂ ᠵᠥᠨᠦᠭᠷᠡᠬᠦ ᠴᠢᠨᠠᠭᠰᠢᠯᠠᠨ ᠦᠮᠡᠨ ᠡᠪᠡᠦᠨᠴᠢᠨ ᠳᠤ ᠨᠡᠷᠪᠡᠭᠳᠡᠬᠦ ᠵᠡᠷᠭᠡ ᠶᠢᠨ ᠡᠪᠡᠦᠨᠴᠢᠨ ᠤ ᠢᠯᠡᠷᠡᠯ ᠭᠠᠷᠳᠠᠭ ᠪᠠᠶᠢᠨ᠎ᠠ᠃    ᠰᠢᠨ᠎ᠡ ᠺᠤᠷᠤᠨᠠ ᠸᠢᠷᠦ᠋ᠰ ᠤᠨ ᠬᠢᠵᠢᠭ ᠳᠡᠯᠭᠡᠷᠡᠭᠰᠡᠨ ᠵᠢᠯ ᠭᠠᠷᠤᠢ ᠶᠢᠨ ᠬᠤᠭᠤᠴᠠᠭᠠᠨ ᠳᠤ᠂ ᠵᠠᠯᠠᠭᠤ ᠪᠠᠭᠠᠴᠤᠤᠨ ᠤᠨ ᠭᠠᠷ ᠤᠳᠠᠰᠤ᠂ ᠲᠧᠯᠸᠢᠰ ᠵᠡᠷᠭᠡ ᠶᠢᠨ ᠡᠯᠧᠺᠳ᠋ᠷᠤᠨ ᠲᠣᠨᠤᠭ ᠲᠥᠬᠦᠭᠡᠷᠦᠮᠵᠢ ᠶᠢ ᠬᠠᠷᠠᠵᠤ ᠰᠣᠨᠢᠷᠬᠠᠬᠤ ᠴᠠᠭ ᠶᠡᠭᠡ ᠪᠠᠷ ᠨᠡᠮᠡᠭᠳᠡᠭᠰᠡᠨ ᠢᠶᠠᠷ᠂ ᠰᠦᠨᠢ ᠶᠢᠨ ᠭᠦᠨ ᠪᠣᠯᠵᠤ ᠥᠪᠡᠷ ᠤᠨ ᠬᠢᠨᠢ ᠠᠮᠢᠳᠤ ᠪᠤᠳᠠᠰ ᠤᠨ ᠤᠨᠳᠠᠬᠤ ᠴᠠᠭ ᠨᠢ ᠪᠣᠯᠣᠭᠰᠠᠨ ᠪᠠᠶᠢᠲᠠᠯ᠎ᠠ ᠪᠠᠨ ᠣᠶᠣᠨ ᠰᠠᠨᠠᠭ᠎ᠠ ᠨᠢ ᠤᠷᠮᠠᠰᠢᠨ ᠰᠡᠷᠡᠯᠵᠡᠵᠦ᠂ ᠨᠦᠢᠷ ᠨᠢ ᠬᠤᠯᠵᠢᠳᠠᠭ᠃ ᠢᠩᠭᠢᠵᠦ ᠡᠳᠦᠷ ᠰᠦᠨᠢ ᠲᠣᠩᠭᠤᠷᠠᠨ ᠤᠳᠠᠭᠠᠨ ᠬᠤᠨᠤᠭ ᠨᠦᠢᠷ ᠬᠤᠯᠵᠢᠭᠰᠠᠨ ᠠᠴᠠ ᠪᠣᠯᠵᠤ᠂ ᠪᠡᠶ᠎ᠡ ᠰᠡᠦᠨᠬᠢᠯ ᠤᠨ ᠲᠡᠭᠡᠭᠡᠷ᠎ᠡ ᠳᠠᠷᠤᠭᠠᠰᠤ ᠶᠡᠬᠡᠳᠡᠵᠦ᠂ ᠪᠣᠬᠢᠨᠢᠳᠤᠬᠤ᠂ ᠨᠦᠢᠷ ᠬᠤᠯᠵᠢᠬᠤ᠂ ᠵᠢᠷᠦᠬᠡᠨ ᠴᠣᠬᠢᠯᠭ᠎ᠠ ᠲᠦᠷᠭᠡᠰᠬᠦ᠂ ᠠᠮᠢᠰᠬᠤᠭ᠎ᠠ ᠴᠢᠬᠤᠯᠳᠠᠬᠤ᠂ ᠭᠤᠲᠤᠷᠠᠬᠤ ᠵᠡᠷᠭᠡ ᠶᠢᠨ ᠡᠪᠡᠦᠨᠴᠢᠨ ᠤ ᠢᠯᠡᠷᠡᠯ ᠣᠯᠠᠨ ᠭᠠᠷᠴᠤ ᠪᠤᠢ᠃    ᠲᠡᠭᠡᠪᠡᠯ ᠶᠠᠭᠠᠬᠢᠪᠠᠯ ᠰᠠᠶ᠋ᠢ ᠨᠦᠢᠷ ᠰᠠᠶᠢᠲᠠᠢ ᠪᠠᠶᠢᠵᠤ ᠴᠢᠳᠠᠨ᠎ᠠ ᠤᠤ︖ ᠠᠯᠢᠪᠠ ᠪᠦᠬᠦᠨ ᠥᠪᠡᠷ ᠠᠴᠠ ᠪᠠᠨ ᠰᠢᠯᠲᠠᠭᠠᠯᠠᠨ᠎ᠠ ᠭᠡᠳᠡᠭ ᠢᠶᠠᠷ ᠥᠪᠡᠷ ᠤᠨ ᠪᠡᠶ᠎ᠡ ᠳᠡᠭᠡᠨ ᠤᠨᠲᠠᠵᠤ ᠠᠮᠠᠷᠠᠬᠤ ᠴᠠᠭ ᠤᠨ ᠬᠤᠪᠢᠶᠠᠷᠢ ᠭᠠᠷᠭᠠᠵᠤ᠂ ᠲᠡᠭᠦᠨ ᠢᠶᠠᠨ ᠡᠷᠡᠰ ᠪᠠᠷᠢᠮᠲᠠᠯᠠᠬᠤ ᠬᠡᠷᠡᠭᠲᠡᠢ ᠴᠠᠭ ᠤᠨ ᠵᠢᠮ᠎ᠡ ᠪᠠᠷ ᠥᠷᠯᠦᠭᠡ ᠡᠷᠲᠡ ᠪᠣᠰᠬᠤ ᠨᠢ ᠪᠢᠳᠡᠨ ᠤ ᠥᠪᠡᠷ ᠤᠨ ᠪᠡᠶ᠎ᠡ ᠶᠢᠨ ᠠᠮᠢᠳᠤ ᠪᠤᠳᠠᠰ ᠤᠨ ᠴᠠᠭ ᠢᠶᠠᠨ ᠣᠨᠣᠪᠴᠢᠲᠠᠢ ᠲᠣᠬᠢᠷᠠᠭᠤᠯᠬᠤ ᠶᠢᠨ ᠬᠠᠮᠤᠭ ᠤᠨ ᠬᠢᠯᠪᠠᠷ ᠠᠷᠭ᠎ᠠ ᠶᠤᠮ᠃ ᠬᠠᠶᠠ ᠰᠦᠨᠢ ᠶᠢᠨ ᠭᠦᠨ ᠪᠣᠯᠬᠤ ᠳᠣᠬᠢᠶᠠᠯᠳᠤᠯ ᠭᠠᠷᠪᠠᠯ᠂ ᠠᠯᠢ ᠪᠣᠯᠬᠤᠷ ᠡᠩ ᠤᠨ ᠦᠶ᠎ᠡ ᠳᠤ ᠪᠣᠰᠳᠠᠭ ᠵᠤᠷᠰᠢᠯ ᠢᠶᠠᠨ ᠪᠤᠤ ᠠᠯᠳᠠᠭᠠᠷᠠᠢ᠃ ᠢᠳᠡᠵᠦ ᠤᠤᠭᠤᠬᠤ ᠪᠠᠨ ᠰᠠᠶᠢᠬᠠᠨ ᠲᠡᠩᠴᠡᠭᠦᠯᠵᠦ᠂ ᠪᠡᠶ᠎ᠡ ᠪᠠᠨ ᠦᠷᠭᠦᠯᠵᠢ ᠴᠢᠬᠢᠷᠠᠭᠵᠢᠭᠤᠯᠵᠤ ᠪᠠᠶᠢᠭᠠᠷᠠᠢ᠃ ᠪᠡᠶ᠎ᠡ ᠪᠠᠶᠢᠪᠠᠯ ᠪᠡᠭᠡᠵᠢᠩ ᠰᠢᠦ᠃
 
ᠢᠷᠡᠯᠲᠡ᠄ ᠠᠯᠠᠱᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号