ᠠᠯᠠᠱᠠ ᠵᠡᠭᠦᠨ ᠬᠤᠰᠢᠭᠤ ᠰᠢᠨ᠎ᠡ ᠪᠠᠷ 20 ᠲᠦᠮᠡᠨ ᠮᠦ ᠪᠡᠯᠴᠢᠭᠡᠷ ᠲᠤ ᠦᠢᠵᠢᠭᠤᠯᠤᠯᠳᠠ ᠬᠢᠪᠡ
ᠨᠡᠶᠢᠲᠡᠯᠡᠭᠰᠡᠨ ᠴᠠᠭ᠄
2021/8/18
    8 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠠᠭᠠᠷ ᠤᠨ ᠴᠡᠷᠢᠭ ᠠᠩᠭᠢ ᠶᠢᠨ ︽ᠶᠦᠨ ᠲᠠᠪᠤᠳᠤᠭᠠᠷ — B ᠬᠡᠯᠪᠡᠷᠢ︾ ᠶᠢᠨ ᠨᠢᠰᠭᠡᠯ ᠬᠠᠮᠤᠭ ᠰᠡᠭᠦᠯᠴᠢ ᠶᠢᠨ ᠨᠢᠭᠡ ᠤᠳᠠᠭᠠᠨ ᠤ ᠨᠢᠰᠬᠦ ᠡᠭᠦᠷᠭᠡ ᠪᠠᠨ ᠪᠡᠶᠡᠯᠡᠭᠦᠯᠵᠤ᠂ ᠠᠯᠠᠱᠠ ᠵᠡᠭᠦᠨ ᠬᠤᠰᠢᠭᠤᠨ ᠤ ᠠᠷᠠᠳ ᠤᠨ ᠠᠭᠠᠷ ᠤᠨ ᠨᠢᠰᠭᠡᠯ ᠤᠨ ᠲᠠᠯᠠᠪᠠᠢ ᠳᠤ ᠪᠠᠭᠤᠬᠤ ᠶᠢ ᠲᠠᠭᠠᠯᠳᠤᠨ ᠠᠯᠠᠱᠠ ᠵᠡᠭᠦᠨ ᠬᠤᠰᠢᠭᠤᠨ ᠤ 2021 ᠤᠨ ᠤ ᠨᠢᠰᠭᠡᠯ ᠢᠶᠠᠷ ᠦᠢᠵᠢᠭᠤᠯᠬᠤ ᠠᠵᠢᠯ ᠠᠮᠵᠢᠯᠳᠠ ᠲᠠᠢ ᠲᠠᠭᠤᠰᠴᠤ᠂ ᠰᠢᠨ᠎ᠡ ᠪᠠᠷ 20 ᠲᠦᠮᠡᠨ ᠮᠦ ᠪᠡᠯᠴᠢᠭᠡᠷ ᠲᠤ ᠦᠢᠵᠢᠭᠤᠯᠤᠯᠳᠠ ᠬᠢᠵᠤ᠂ ᠮᠠᠨ ᠤ ᠠᠶᠢᠮᠠᠬ ᠤᠨ ᠡᠯᠡᠰᠦᠷᠭᠡᠭᠵᠢᠯ ᠢ ᠲᠤᠬᠳᠠᠪᠤᠷᠢᠵᠢᠭᠤᠯᠤᠨ᠂ ᠪᠠᠶᠢᠷᠢ ᠪᠡᠯᠴᠢᠭᠡᠷ ᠢ ᠰᠡᠷᠭᠦᠭᠡᠠ ᠰᠠᠶᠢᠵᠢᠷᠠᠭᠤᠯᠬᠤ ᠳᠤ ᠦᠷᠭᠦᠯᠵᠢᠯᠡᠨ ᠰᠠᠭᠤᠷᠢ ᠲᠠᠯᠪᠢᠬᠰᠠᠨ ᠪᠠᠶᠢᠨ᠎ᠠ᠃    ᠠᠯᠠᠱᠠ ᠵᠡᠭᠦᠨ ᠬᠤᠰᠢᠭᠤᠨ ᠤ ᠰᠢᠨᠵᠢᠯᠡᠭᠡ ᠮᠡᠷᠭᠡᠵᠢᠯ ᠪᠤᠯᠤᠨ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠡ ᠡᠨᠡ ᠵᠢᠯ ᠤᠨ ᠦᠢᠵᠢᠭᠤᠯᠤᠯᠳᠠ ᠨᠤᠭᠤᠭᠠᠷᠠᠭᠤᠯᠤᠯᠳᠠ ᠶᠢᠨ ᠠᠵᠢᠯ ᠢᠶᠠᠨ ᠡᠷᠳᠡ ᠠᠴᠠ ᠪᠠᠶᠢᠷᠢᠯᠠᠭᠤᠯᠵᠤ᠂ ᠠᠭᠠᠷ ᠤᠨ ᠴᠡᠷᠢᠭ ᠠᠩᠭᠢ᠂ ᠠᠵᠢᠯ ᠤᠨ ᠭᠡᠷᠡᠭᠯᠡᠭᠡᠠ ᠤ ᠠᠭᠠᠷ ᠠᠶᠠᠯᠠᠯ ᠤᠨ ᠺᠤᠮᠫᠠᠨᠢ᠂ ᠠᠯᠠᠱᠠ ᠶᠢᠨ ᠠᠷᠠᠳ ᠤᠨ ᠠᠭᠠᠷ ᠤᠨ ᠨᠢᠰᠭᠡᠯ ᠤᠨ ᠲᠠᠯᠠᠪᠠᠢ ᠶᠢᠨ ᠺᠤᠮᠫᠠᠨᠢ᠂ ᠴᠠᠭ ᠠᠭᠤᠷ ᠤᠨ ᠲᠤᠪᠴᠢᠶ᠎ᠡ ᠵᠡᠷᠭᠡ ᠰᠠᠯᠠᠭ᠎ᠠ ᠮᠦᠴᠢᠷ ᠲᠠᠢ ᠬᠠᠮᠵᠢᠯᠴᠠᠨ᠂ 6 ᠰᠠᠷ᠎ᠠ ᠶᠢᠨ 20 ᠤ ᠡᠳᠦᠷ ᠠᠴᠠ ︽ᠶᠦᠨ ᠲᠠᠪᠤᠳᠤᠭᠠᠷ — B ᠬᠡᠯᠪᠡᠷᠢ︾ ᠶᠢᠨ ᠨᠢᠰᠭᠡᠯ᠂ ᠡᠭᠴᠡ ᠪᠤᠰᠤᠯᠳᠠ ᠶᠢᠨ ᠨᠢᠰᠭᠡᠯ ᠪᠤᠯᠤᠨ ᠬᠦᠮᠦᠨ ᠤ ᠬᠦᠴᠦ ᠪᠠᠷ ᠡᠪᠡᠰᠦᠨ ᠤ ᠦᠷ᠎ᠡ ᠰᠠᠴᠤᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠨᠢᠰᠭᠡᠯ ᠢᠶᠠᠷ ᠦᠢᠵᠢᠭᠤᠯᠬᠤ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ ᠡᠨᠡ ᠵᠢᠯ ᠤᠨ ᠨᠢᠰᠭᠡᠯ ᠢᠶᠠᠷ ᠦᠢᠵᠢᠭᠤᠯᠬᠤ ᠠᠵᠢᠯ ᠨᠢ ᠠᠭᠠᠷ ᠤᠨ ᠱᠤᠭᠤᠮ ᠤᠨ ᠬᠠᠮᠢᠶᠠᠷᠤᠯᠳᠠ᠂ ᠨᠢᠰᠭᠡᠯ ᠤᠨ ᠲᠠᠯᠠᠪᠠᠢ ᠶᠢᠨ ᠵᠠᠰᠠᠨ ᠦᠭᠡᠷᠡᠴᠢᠯᠡᠯᠳᠡ᠂ ᠦᠨᠳᠦᠷ ᠬᠠᠯᠠᠭᠤᠨ ᠠᠭᠤᠷ ᠠᠮᠢᠰᠬᠤᠯ ᠵᠡᠷᠭᠡ ᠤᠯᠠᠨ ᠵᠦᠢᠯ ᠤᠨ ᠬᠠᠷᠰᠢ ᠨᠦᠯᠦᠭᠡᠯᠡᠯ ᠲᠤᠤᠷ᠎ᠠ ᠵᠤᠬᠢᠬᠤ ᠬᠡᠮᠵᠢᠶᠡᠨ ᠳᠤ ᠤᠳᠠᠭᠠᠰᠢᠷᠠᠬᠰᠠᠨ ᠪᠤᠯᠪᠠᠴᠤ ᠠᠯᠠᠱᠠ ᠵᠡᠭᠦᠨ ᠬᠤᠰᠢᠭᠤᠨ ᠤ ᠰᠢᠨᠵᠢᠯᠡᠭᠡ ᠮᠡᠷᠭᠡᠵᠢᠯ ᠪᠤᠯᠤᠨ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠡ ᠤᠷᠤᠨ ᠨᠤᠳᠤᠭ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠦᠢᠵᠢᠭᠤᠯᠤᠯᠳᠠ ᠶᠢᠨ ᠲᠦᠯᠦᠪᠯᠡᠭᠡ ᠳᠡᠭᠡᠨ ᠲᠤᠬᠢᠷᠠᠭᠤᠯᠤᠯᠳᠠ ᠬᠢᠵᠤ᠂ ᠲᠤᠰᠬᠠᠢ ᠮᠡᠷᠭᠡᠵᠢᠯᠳᠡᠨ ᠢ ᠦᠢᠵᠢᠭᠤᠯᠤᠯᠳᠠ ᠶᠢᠨ ᠤᠷᠤᠨ ᠳᠤ ᠲᠤᠮᠢᠯᠠᠨ᠂ ᠲᠤᠬᠠᠢ ᠶᠢᠨ ᠭᠠᠵᠠᠷ ᠤᠨ ᠮᠠᠯᠴᠢᠳ ᠲᠠᠢ ᠬᠠᠮᠳᠤᠪᠡᠷ ᠬᠦᠮᠦᠨ ᠤ ᠬᠦᠴᠦ ᠪᠠᠷ ᠡᠪᠡᠰᠦᠨ ᠤ ᠦᠷ᠎ᠡ ᠰᠠᠴᠤᠬᠤ ᠳᠤ ᠠᠵᠢᠯᠯᠠᠭᠤᠯᠵᠤ᠂ ᠨᠢᠰᠭᠡᠯ ᠢᠶᠠᠷ ᠦᠢᠵᠢᠭᠤᠯᠬᠤ ᠠᠵᠢᠯ ᠤᠨ ᠡᠭᠦᠷᠭᠡ ᠶᠢ ᠬᠠᠮᠵᠢᠨ ᠪᠡᠶᠡᠯᠡᠭᠦᠯᠵᠡᠢ᠃ ᠤᠨᠴᠠᠭᠠᠢᠢᠯᠠᠨ ᠵᠤᠨ ᠤ ᠤᠯᠠᠷᠢᠯ ᠠᠴᠠ ᠨᠠᠭᠠᠰᠢ ᠮᠠᠨ ᠤ ᠠᠶᠢᠮᠠᠬ ᠲᠤ ᠦᠨᠳᠦᠷ ᠬᠠᠯᠠᠭᠤᠨ ᠠᠭᠤᠷ ᠠᠮᠢᠰᠬᠤᠯ ᠤᠷᠳᠤ ᠬᠤᠭᠤᠴᠠᠭ᠎ᠠ ᠦᠷᠭᠦᠯᠵᠢᠯᠡᠭᠰᠡᠨ ᠪᠠᠶᠢᠳᠠᠯ ᠳᠤᠤᠷ᠎ᠠ ᠪᠦᠬᠦ ᠺᠠᠳ᠋ᠷ ᠠᠵᠢᠯᠳᠠᠨ᠂ ᠴᠡᠷᠢᠭ ᠠᠩᠭᠢ ᠶᠢᠨ ᠨᠢᠰᠭᠡᠯᠴᠢ ᠨᠠᠷ ᠮᠠᠯᠴᠢᠨ ᠲᠦᠮᠡᠨ ᠲᠠᠢ ᠬᠠᠮᠳᠤᠪᠠᠷ ᠬᠦᠴᠢᠷ ᠪᠡᠷᠭᠡᠰᠢᠶᠡᠯ ᠢ ᠢᠯᠠᠨ ᠲᠠᠪᠠᠵᠤ᠂ ᠦᠢᠵᠢᠭᠤᠯᠤᠯᠳᠠ ᠶᠢᠨ ᠪᠦᠬᠦ ᠡᠭᠦᠷᠭᠡ ᠪᠠᠨ ᠪᠡᠶᠡᠯᠡᠭᠦᠯᠦᠭᠰᠡᠨ ᠪᠠᠶᠢᠨ᠎ᠠ᠃     ᠠᠯᠠᠱᠠ ᠵᠡᠭᠦᠨ ᠬᠤᠰᠢᠭᠤ 2021 ᠤᠨ ᠳᠤ 20 ᠲᠦᠮᠡᠨ ᠮᠦ ᠪᠡᠯᠴᠢᠭᠡᠷ ᠲᠤ ᠰᠢᠨ᠎ᠡ ᠪᠠᠷ ᠦᠢᠵᠢᠭᠤᠯᠤᠯᠳᠠ ᠬᠢᠵᠤ᠂ 9.2 ᠲᠦᠮᠡᠨ ᠮᠤ ᠪᠡᠯᠴᠢᠭᠡᠷ ᠲᠤ ᠨᠦᠬᠦᠵᠦ ᠦᠢᠵᠢᠭᠤᠯᠵᠡᠢ᠃ ᠡᠭᠦᠨ ᠳᠤ ︽ᠶᠦᠨ ᠲᠠᠪᠤᠳᠤᠭᠠᠷ — B ᠬᠡᠯᠪᠡᠷᠢ︾ ᠶᠢᠨ ᠨᠢᠰᠭᠡᠯ ᠰᠢᠨ᠎ᠡ ᠪᠠᠷ 4 ᠲᠦᠮᠡᠨ ᠮᠦ ᠭᠠᠵᠠᠷ ᠢ ᠦᠢᠵᠢᠭᠤᠯᠵᠤ᠂ ᠬᠦᠮᠦᠨ ᠤ ᠬᠦᠴᠦ ᠪᠠᠷ ᠡᠪᠡᠰᠦᠨ ᠦᠷ᠎ᠡ ᠰᠠᠴᠤᠬᠰᠠᠨ ᠲᠠᠯᠠᠪᠠᠢ 6 ᠲᠦᠮᠡᠨ ᠮᠦ᠂ ᠡᠭᠴᠡ ᠪᠤᠰᠤᠯᠳᠠ ᠶᠢᠨ ᠨᠢᠰᠭᠡᠯ ᠰᠢᠨ᠎ᠡ ᠪᠠᠷ 10 ᠲᠦᠮᠡᠨ ᠮᠦ ᠦᠢᠵᠢᠭᠤᠯᠵᠤ᠂ 9.2 ᠲᠦᠮᠡᠨ ᠮᠦ ᠨᠦᠬᠦᠵᠤ ᠦᠢᠵᠢᠭᠤᠯᠵᠡᠢ᠃ ᠡᠨᠡ ᠵᠢᠯ ᠲᠤᠰ ᠬᠤᠰᠢᠭᠤ ᠪᠠᠶᠠᠨᠨᠢᠷᠤᠭᠤᠨ ᠰᠤᠮᠤᠨ ᠤ ᠰᠢᠷᠠᠪᠤᠯᠠᠭ ᠭᠠᠴᠠᠭ᠎ᠠ᠂ ᠴᠤᠬᠳᠤᠬᠦ᠋ᠷᠢᠶ᠎ᠡ ᠰᠤᠮᠤᠨ ᠤ ᠲᠤᠮᠳᠠᠭᠤᠤᠯ ᠭᠠᠴᠠᠭ᠎ᠠ᠂ ᠤᠨᠳᠤᠷᠤᠯᠳᠤ ᠪᠠᠯᠭᠠᠰᠤᠨ ᠤ ᠵᠠᠬ᠎ᠠ ᠲᠤᠯᠤᠭᠠᠨ ᠭᠠᠴᠠᠭ᠎ᠠ᠂ ᠢᠩᠭᠡᠨ ᠰᠤᠮᠤᠨ ᠤ ᠲᠠᠯᠠᠠᠳᠦ᠋ᠷᠦᠭᠦᠦ ᠭᠠᠴᠠᠭ᠎ᠠ ᠪᠠᠷ ᠦᠢᠵᠢᠭᠤᠯᠤᠯᠳᠠ ᠶᠢᠨ ᠭᠤᠤᠯ ᠤᠷᠤᠨ ᠪᠤᠯᠭᠠᠵᠤ᠂ ᠲᠠᠯᠠᠨ ᠬᠠᠯᠢᠰᠤ᠂ ᠲᠤᠷᠯᠤᠭ᠂ ᠰᠢᠪᠠᠭ ᠵᠡᠷᠭᠡ ᠭᠠᠩ ᠳᠤ ᠲᠠᠭᠠᠭᠠᠴᠠᠳᠠᠢ ᠪᠤᠳᠠᠯᠢᠭ ᠤᠷᠭᠤᠮᠠᠯ ᠤᠨ ᠦᠷ᠎ᠡ ᠶᠢ ᠨᠡᠶᠢᠳᠡ 133 ᠲᠤᠨ ᠲᠠᠷᠢᠵᠤ᠂ ᠡᠭᠦᠨ ᠳᠤ ᠨᠢᠰᠭᠡᠯ ᠢᠶᠠᠷ 115.2 ᠲᠤᠨ᠂ ᠬᠦᠮᠦᠨ ᠤ ᠬᠦᠴᠦ ᠪᠠᠷ 17.8 ᠲᠤᠨ ᠲᠠᠷᠢᠵᠤ᠂ 50 ᠡᠳᠦᠷ ᠤᠨ ᠬᠤᠭᠤᠴᠠᠭ᠎ᠠ ᠲᠠᠢ ᠶᠠᠪᠤᠬᠳᠠᠬᠰᠠᠨ ᠦᠢᠵᠢᠭᠤᠯᠤᠯᠳᠠ ᠳᠤ ᠬᠤᠶᠠᠷ ᠲᠦᠷᠦᠯ ᠤᠨ ᠨᠢᠰᠭᠡᠯ ᠨᠡᠶᠢᠳᠡ 454 ᠤᠳᠠᠭ᠎ᠠ ᠨᠢᠰᠴᠦ᠂ 252 ᠴᠠᠭ ᠠᠵᠢᠯᠯᠠᠬᠰᠠᠠ ᠪᠠᠶᠢᠨ᠎ᠠ᠃     ᠨᠢᠰᠭᠡᠯ ᠢᠶᠠᠷ ᠦᠢᠵᠢᠭᠤᠯᠬᠤ ᠪᠤᠯ ᠮᠠᠨ ᠤ ᠠᠶᠢᠮᠠᠬ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠠᠷᠭ᠎ᠠ ᠪᠠᠷᠢᠯ ᠤᠨ ᠨᠢᠭᠡ ᠪᠠᠶᠢᠵᠤ᠂ 1984 ᠤᠠ ᠳᠤ ᠠᠵᠢᠯ ᠢᠶᠠᠨ ᠡᠬᠢᠯᠡᠭᠦᠯᠦᠭᠰᠡᠨ ᠠᠴᠠ ᠨᠠᠭᠠᠰᠢ ᠡᠯᠡᠰᠦᠷᠬᠡᠭ ᠤᠷᠤᠨ ᠤ ᠠᠮᠢ ᠠᠬᠤᠢ ᠤᠷᠴᠢᠨ ᠲᠤᠭᠤᠷᠢᠨ ᠢ ᠪᠦᠳᠦᠮᠵᠢᠳᠡᠢ ᠵᠠᠰᠠᠨ ᠰᠠᠶᠢᠵᠢᠷᠠᠭᠤᠯᠤᠬᠰᠠᠨ ᠤ ᠬᠠᠮᠳᠤ ᠠᠵᠤ ᠠᠬᠤᠢ ᠶᠢᠨ ᠬᠦᠭᠵᠢᠯᠳᠡ ᠶᠢ ᠲᠦᠯᠬᠢᠨ ᠠᠬᠢᠭᠤᠯᠵᠤ᠂ ᠶᠠᠳᠠᠭᠤ ᠶᠢ ᠲᠡᠳᠭᠦᠵᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠮᠵᠢ ᠶᠢ ᠪᠠᠳᠤᠳᠬᠠᠠ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠤᠷᠤᠬᠰᠢᠳᠠᠢ ᠶᠠᠪᠤᠬᠳᠠᠬᠤ ᠶᠢ ᠠᠬᠢᠭᠤᠯᠤᠨ᠂ ᠠᠮᠢ ᠠᠬᠤᠢ᠂ ᠠᠵᠤ ᠠᠬᠤᠢ᠂ ᠨᠡᠶᠢᠬᠡᠮ ᠤᠨ ᠭᠤᠷᠪᠠᠨ ᠲᠠᠯ᠎ᠠ ᠶᠢᠨ ᠠᠰᠢᠭ ᠬᠦᠷᠳᠡᠬᠦ ᠶᠢ ᠪᠡᠶᠡᠯᠡᠭᠦᠯᠦᠭᠰᠡᠨ  ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号