7 ᠰᠠᠷ᠎ᠠ ᠳᠤ ᠬᠠᠷ᠎ᠠ ᠭᠤᠤᠯ ᠤᠨ ᠳᠤᠤᠷᠠᠳᠤ ᠤᠷᠤᠰᠬᠠᠯ ᠤᠨ ᠡᠵᠡᠨ᠎ᠡ ᠬᠤᠰᠢᠭᠤᠨ ᠳᠤ ᠤᠷᠤᠰᠤᠨ ᠤᠷᠤᠭᠰᠠᠨ ᠤᠰᠤᠨ ᠤ ᠬᠡᠮᠵᠢᠶ᠎ᠡ ᠪᠠᠭᠤᠷᠠᠵᠠᠢ
ᠨᠡᠶᠢᠲᠡᠯᠡᠭᠰᠡᠨ ᠴᠠᠭ᠄
2021/8/19
       ᠡᠨᠡ ᠵᠢᠯ ᠤᠨ 7 ᠰᠠᠷ᠎ᠠ ᠳᠤ ᠬᠠᠷ᠎ᠠ ᠭᠤᠤᠯ ᠤᠨ ᠳᠡᠭᠡᠳᠦ ᠳᠤᠮᠳᠠ ᠤᠷᠤᠰᠬᠠᠯ ᠠᠴᠠ ᠢᠷᠡᠬᠦ ᠤᠰᠤ ᠨᠢ 2.4385 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠬᠠᠷ᠎ᠠ ᠭᠤᠤᠯ ᠤᠨ ᠤᠰᠤᠨ ᠳᠤ ᠨᠢᠭᠡᠳᠦᠯᠲᠡᠶ ᠲᠣᠬᠢᠷᠠᠭᠤᠯᠤᠯᠲᠠ ᠬᠢᠭᠰᠡᠨ ᠠᠴᠠ ᠨᠠᠭᠠᠰᠢᠬᠢ 21 ᠵᠢᠯ ᠤᠨ ᠳᠤᠮᠳᠠᠴᠢ ᠬᠡᠮᠵᠢᠭᠳᠡᠯ ᠠᠴᠠ ᠲᠤᠤᠷ᠎ᠠ ᠪᠤᠯᠤᠭᠰᠠᠨ ᠪᠠᠶᠢᠨ᠎ᠠ᠃        ᠨᠢᠬᠡᠳᠦᠯᠳᠡᠢ ᠲᠤᠬᠢᠷᠠᠭᠤᠯᠤᠯᠳᠠ ᠬᠢᠭᠰᠡᠨ ᠠᠴᠠ ᠨᠠᠭᠠᠰᠢᠬᠢ ᠲᠤᠮᠳᠠᠴᠢ ᠬᠡᠮᠵᠢᠭᠳᠡᠯ ᠠᠴᠠ ᠲᠤᠤᠷ᠎ᠠ ᠪᠤᠯᠤᠭᠰᠠᠨ ᠭᠤᠤᠯ ᠰᠢᠯᠲᠠᠭᠠᠨ ᠪᠣᠯ᠂ ᠳᠡᠭᠡᠳᠦ ᠤᠷᠤᠰᠬᠠᠯ ᠤᠨ ᠴᠢ ᠯᠢᠶᠠᠨ ᠱᠠᠨ ᠠᠭᠤᠯᠠᠨ ᠣᠷᠣᠨ ᠳᠤ ᠪᠣᠷᠣᠭᠠᠨ ᠬᠤᠷ᠎ᠠ ᠪᠠᠭ᠎ᠠ᠂ ᠶᠢᠩ ᠮᠦᠸᠧ ᠬᠠᠪᠴᠢᠯ ᠠᠴᠠ ᠤᠷᠤᠰᠤᠨ ᠤᠷᠤᠭᠰᠠᠨ ᠤᠰᠤ ᠦᠷᠭᠦᠯᠵᠢᠯᠡᠨ ᠲᠠᠳᠠᠷᠠᠵᠦ᠂ ᠦᠶᠡᠷ ᠤᠨ ᠶᠠᠪᠤᠴᠠ ᠪᠠᠶᠢᠬᠤ ᠥᠬᠡᠶ᠂ ᠳᠡᠭᠡᠷ᠎ᠡ ᠳᠤᠤᠷᠠᠳᠤ ᠤᠷᠤᠰᠬᠠᠯ ᠬᠠᠳᠠᠵᠤ ᠰᠢᠷᠭᠢᠭᠰᠡᠨ᠂ 7 ᠰᠠᠷ᠎ᠠ ᠳᠤ ᠳᠤᠮᠳᠠᠳᠤ ᠤᠷᠤᠰᠬᠠᠯ ᠤᠨ ︽ᠪᠥᠬᠦ ᠱᠤᠭᠤᠮ ᠢᠶᠠᠷ ᠬᠠᠭᠠᠵᠤ᠂ ᠲᠥᠪᠯᠡᠷᠡᠬᠦᠯᠦᠨ ᠳᠣᠷᠣᠭᠰᠢ ᠵᠠᠯᠠᠬᠤ︾ ᠠᠵᠢᠯ ᠨᠢ ᠵᠢᠱᠢᠭᠰᠡᠨ ᠬᠠᠷᠠᠯᠲᠠ ᠳᠠᠭᠠᠨ ᠬᠦᠷᠴᠦ ᠴᠢᠳᠠᠭᠰᠠᠨ ᠦᠬᠡᠢ᠂ 7 ᠰᠠᠷ᠎ᠠ ᠳᠤ ᠬᠠᠷ᠎ᠠ ᠭᠤᠤᠯ ᠤᠨ ᠰᠠᠪᠠ ᠭᠠᠵᠠᠷ ᠤᠨ ᠲᠤᠨᠤᠳᠠᠰᠤᠨ ᠤ ᠬᠡᠮᠵᠢᠶ᠎ᠡ ᠬᠠᠷᠢᠴᠠᠩᠭᠤᠶ ᠪᠠᠭ᠎ᠠ᠂ ᠤᠰᠤᠯᠠᠯᠲᠠ ᠶᠢᠨ ᠳᠠᠷᠤᠭᠠᠰᠤ ᠶᠡᠭᠡ ᠵᠡᠷᠬᠡ᠃ ᠡᠬᠦᠨ ᠠᠴᠠ ᠭᠠᠳᠠᠨ᠎ᠠ 2020 ᠣᠨ ᠤ ᠳᠤᠮᠳᠠ ᠤᠷᠤᠰᠬᠠᠯ ᠤᠨ ᠣᠷᠣᠨ ᠤ ᠡᠪᠦᠯ ᠤᠨ ᠤᠰᠤᠯᠠᠯᠲᠠ ᠥᠩᠭᠡᠷᠡᠭᠰᠡᠨ ᠵᠢᠯ ᠠᠴᠠ 10 ᠡᠳᠦᠷ ᠬᠤᠶᠢᠰᠢᠯᠠᠵᠤ᠂ ᠡᠪᠦᠯ ᠤᠨ ᠤᠰᠤᠯᠠᠯᠲᠠ ᠳᠤ ᠬᠡᠷᠡᠭᠯᠡᠬᠦ ᠤᠰᠤ 2021 ᠣᠨ ᠤ ᠳᠣᠷᠣᠭᠰᠢ ᠵᠠᠯᠠᠬᠤ ᠤᠰᠤᠨ ᠤ ᠬᠡᠮᠵᠢᠶ᠎ᠡ ᠶᠢ ᠡᠵᠡᠯᠡᠭᠰᠡᠨ ᠠᠴᠠ ᠪᠣᠯᠵᠣ᠂ ᠡᠨᠡ ᠵᠢᠯ ᠤᠨ ᠳᠤᠤᠷᠠᠳᠤ ᠤᠷᠤᠰᠬᠠᠯ ᠤᠨ ᠤᠰᠤᠨ ᠤ ᠬᠡᠮᠵᠢᠶ᠎ᠡ ᠪᠠᠭᠠᠰᠪᠠ᠃        ᠲᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ 8 ᠰᠠᠷ᠎ᠠ ᠳᠤ ᠲᠥᠪᠯᠡᠷᠡᠭᠦᠯᠦᠨ ᠤᠰᠤ ᠲᠣᠬᠢᠷᠠᠭᠤᠯᠬᠤ ᠲᠤᠬᠢᠶᠠᠯ ᠢ ᠴᠢᠬᠤᠯᠠᠴᠢᠯᠠᠵᠤ᠂ ᠶᠡᠭᠡ ᠤᠷᠤᠰᠬᠠᠯ ᠤᠨ ᠤᠰᠤ ᠲᠣᠬᠢᠷᠠᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠭᠤᠤᠯ ᠤᠨ ᠵᠠᠮ ᠤᠨ ᠨᠡᠪᠴᠢᠵᠦ ᠭᠤᠭᠤᠵᠢᠬᠤ ᠬᠤᠬᠢᠷᠠᠯ ᠢ ᠪᠠᠭᠠᠰᠬᠠᠵᠤ᠂ ᠳᠤᠤᠷᠠᠳᠤ ᠤᠷᠤᠰᠬᠠᠯ ᠤᠨ ᠡᠵᠡᠨ᠎ᠡ ᠬᠤᠰᠢᠭᠤᠨ ᠳᠤ ᠤᠷᠤᠰᠤᠨ ᠤᠷᠤᠬᠤ ᠤᠰᠤᠨ ᠤ ᠬᠡᠮᠵᠢᠶ᠎ᠡ ᠶᠢ ᠳᠡᠭᠡᠭᠰᠢᠯᠡᠭᠦᠯᠤᠨ᠂ ᠡᠵᠡᠨ᠎ᠡ ᠶᠢᠨ ᠠᠮᠢ ᠠᠬᠤᠶ ᠳᠤ ᠬᠡᠷᠡᠭᠯᠡᠬᠦ ᠤᠰᠤ ᠶᠢ ᠰᠠᠶᠢᠳᠦᠷ ᠲᠦᠯᠦᠪᠯᠡᠨ᠎ᠠ᠃ 9 — 10 ᠰᠠᠷ᠎ᠠ ᠳᠤ ᠠᠮᠢ ᠠᠬᠤᠶ ᠶᠢᠨ ᠤᠰᠤᠨ ᠤ ᠬᠡᠮᠵᠢᠶ᠎ᠡ ᠶᠢ ᠨᠡᠯᠢᠶᠡᠳ ᠶᠡᠭᠡ ᠪᠠᠷ ᠳᠣᠷᠣᠭᠰᠢ ᠪᠠᠭᠤᠯᠭᠠᠬᠤ ᠠᠰᠢᠭᠲᠠᠶ ᠲᠣᠬᠢᠶᠠᠯ ᠢ ᠭᠦᠢᠴᠡᠳ ᠠᠰᠢᠭᠯᠠᠨ᠂ ᠡᠵᠡᠨ᠎ᠠ ᠬᠤᠰᠢᠭᠤᠨ ᠤ ᠠᠮᠢ ᠠᠬᠤᠶ ᠶᠢᠨ ᠬᠡᠪᠡᠷᠡᠭ ᠣᠷᠣᠨ ᠪᠠ ᠤᠳᠠᠭᠠᠨ ᠵᠢᠯ ᠤᠰᠤᠯᠠᠯᠲᠠ ᠭᠥᠷᠳᠡᠭᠡᠳᠦᠢ ᠣᠷᠣᠨ ᠳᠤ ᠤᠰᠤᠯᠠᠯᠲᠠ ᠬᠢᠵᠦ᠂ ᠪᠦᠷᠢᠳᠦ ᠭᠠᠵᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠪᠡᠳᠤᠳᠬᠠᠵᠦ᠂ ᠠᠮᠢ ᠠᠬᠤᠶ ᠶᠢᠨ ᠬᠡᠪᠡᠷᠡᠭ ᠣᠷᠣᠨ ᠤ ᠠᠮᠢ ᠠᠬᠤᠶ ᠮᠠᠭᠤᠳᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠨ᠎ᠠ᠃ 10 ᠰᠠᠷ᠎ᠠ ᠶᠢᠨ ᠲᠤᠤᠷᠠᠢ ᠶᠢᠨ ᠤᠢ ᠶᠢᠨ ᠨᠠᠶᠢᠷ ᠤᠨ ᠬᠤᠭᠤᠴᠠᠭᠠᠨ ᠳᠤ᠂ ᠭᠤᠤᠯ ᠪᠣᠯᠬᠤ ᠭᠤᠤᠯ ᠤᠨ ᠵᠠᠮ ᠳᠤ ᠤᠰᠤ ᠲᠠᠢ ᠪᠠᠶᠢᠬᠤ ᠶᠢ ᠪᠠᠲᠤᠯᠠᠵᠤ᠂ ᠡᠵᠡᠨ᠎ᠡ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号