︽ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ ᠪᠤᠯᠬᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ | ᠪᠦᠷᠢᠳᠤ ᠨᠤᠳᠤᠬ ᠪᠡᠯᠴᠢᠭᠡᠷ ᠪᠣᠯ ᠠᠮᠢ ᠨᠠᠰᠤᠨ ᠤ ᠬᠠᠮᠲᠤ ᠶᠢᠨ ᠴᠣᠭᠴᠠ ᠪᠣᠯᠬᠤ ᠶᠢ ᠪᠠᠷᠢᠮᠲᠠᠯᠠᠵᠤ᠂ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ | ᠴᠢᠭᠯᠡᠯᠲᠡ ᠶᠤᠰᠤᠭᠠᠷ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠲᠦᠷᠢᠮ ᠢ ᠲᠡᠭᠦᠯᠳᠡᠷᠵᠢᠭᠦᠯᠵᠦ᠂ ᠨᠤᠲᠤᠭ | ᠪᠡᠯᠴᠢᠭᠡᠷ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ | ᠭᠤᠤᠯ ᠰᠢᠵᠢᠮ ᠪᠣᠯᠭᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠰᠡᠷᠭᠦᠯᠲᠡ ᠶᠢ ᠠᠬᠢᠭᠤᠯᠵᠤ᠂ ᠨᠤᠲᠤᠭ ᠪᠡᠯᠴᠢᠭᠡᠷ ᠢ ᠵᠦᠢ ᠵᠣᠬᠢᠰᠲᠠᠢ | ᠠᠰᠢᠬᠯᠠᠬᠤ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠢ ᠰᠠᠶᠢᠵᠢᠷᠠᠭᠤᠯᠤᠨ᠂ ᠨᠤᠲᠤᠭ | ᠪᠡᠯᠴᠢᠭᠡᠷ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠪᠠ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠴᠢᠬᠤᠯᠠ ᠰᠠᠭᠤᠷᠢ ᠲᠠᠯᠪᠢᠵᠦ ᠦᠭᠬᠦ ᠬᠡᠷᠡᠭᠲᠡᠶ ᠭᠡᠵᠦ | ᠵᠢᠭᠠᠵᠤ ᠭᠠᠷᠭᠠᠪᠠ᠃ | ︽ᠰᠠᠨᠠᠯ︾ ᠳᠤ᠂ 2025 ᠤᠨ ᠪᠣᠯᠬᠤ ᠳᠤ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠲᠦᠷᠢᠮ ᠤᠨ | ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠮᠠᠯ ᠪᠡᠯᠴᠢᠭᠡᠷ ᠤᠨ ᠵᠥᠷᠢᠴᠡᠯ ᠢ ᠢᠯᠡᠳᠲᠡ ᠨᠠᠮᠳᠠᠭᠤᠯᠵᠤ᠂ | ᠨᠤᠲᠤᠭ ᠪᠡᠯᠴᠢᠭᠡᠷ ᠮᠠᠭᠤᠳᠠᠬᠤ ᠬᠠᠨᠳᠤᠰᠢ ᠶᠢ ᠦᠨᠳᠦᠰᠦᠨ ᠠᠴᠠ ᠨᠢ ᠬᠤᠷᠢᠬᠯᠠᠵᠤ᠂ ᠨᠤᠲᠤᠭ ᠪᠡᠯᠴᠢᠭᠡᠷ ᠤᠨ | ᠶᠡᠷᠦᠩᠬᠡᠢ ᠤᠷᠭᠤᠮᠠᠯ ᠤᠨ ᠪᠦᠷᠬᠦᠴᠡ ᠶᠢ 57 % ᠰᠢᠬᠠᠮ ᠳᠤ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ 2035 ᠤᠨ ᠪᠣᠯᠬᠤ ᠳᠤ᠂ ᠨᠤᠲᠤᠭ | ᠪᠡᠯᠴᠢᠭᠡᠷ ᠢ ᠬᠠᠮᠠᠭᠠᠯᠠᠨ ᠰᠡᠷᠭᠦᠭᠡᠬᠦ ᠲᠦᠷᠢᠮ ᠤᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠮᠠᠯ ᠪᠡᠯᠴᠢᠭᠡᠷ ᠤᠨ | ᠲᠡᠩᠴᠡᠭᠦᠷᠢ ᠶᠢ ᠦᠨᠳᠦᠰᠦᠨ ᠳᠡᠭᠡᠨ ᠪᠡᠶᠡᠯᠡᠭᠦᠯᠵᠦ᠂ ᠲᠠᠴᠢᠷᠳᠠᠭᠰᠠᠨ ᠨᠤᠲᠤᠭ ᠪᠡᠯᠴᠢᠭᠡᠷ ᠢ ᠪᠦᠲᠦᠮᠵᠢᠲᠡᠶ ᠵᠠᠰᠠᠨ | ᠰᠡᠷᠭᠦᠭᠡᠵᠦ᠂ ᠨᠤᠲᠤᠭ ᠪᠡᠯᠴᠢᠭᠡᠷ ᠤᠨ ᠶᠡᠷᠦᠩᠬᠡᠢ ᠤᠷᠭᠤᠮᠠᠯ ᠤᠨ ᠪᠦᠷᠬᠦᠴᠡ ᠶᠢ 60 % ᠰᠢᠬᠠᠮ ᠳᠤ | ᠲᠣᠭᠲᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠴᠢᠳᠠᠮᠵᠢ ᠪᠠ ᠦᠢᠯᠡᠳᠪᠦᠷᠢᠯᠡᠯ ᠤᠨ | ᠴᠢᠳᠠᠮᠵᠢ ᠶᠢ ᠢᠯᠡᠳᠲᠡ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ | ᠪᠠᠶᠢᠭᠤᠯᠤᠯᠲᠠ ᠳᠤ ᠦᠵᠡᠭᠦᠯᠬᠦ ᠦᠢᠯᠡᠳᠦᠯ ᠢ ᠭᠦᠢᠴᠡᠳ ᠢᠯᠡᠷᠡᠭᠦᠯᠦᠨ᠎ᠡ᠃ ᠲᠣᠰ ᠵᠠᠭᠤᠨ ᠤ ᠳᠤᠮᠳᠠᠴᠢ ᠪᠣᠯᠬᠤ ᠳᠤ᠂ | ᠲᠠᠴᠢᠷᠳᠠᠭᠰᠠᠨ ᠨᠤᠲᠤᠭ ᠪᠡᠯᠴᠢᠭᠡᠷ ᠢ ᠪᠥᠬᠦ ᠲᠠᠯ᠎ᠠ ᠪᠠᠷ ᠵᠠᠰᠠᠨ ᠰᠡᠷᠭᠦᠭᠡᠵᠦ᠂ ᠨᠤᠲᠤᠭ ᠪᠡᠯᠴᠢᠭᠡᠷ ᠤᠨ ᠠᠮᠢ | ᠠᠬᠤᠶ ᠶᠢᠨ ᠰᠢᠰᠲ᠋ᠧᠮ ᠢ ᠰᠠᠶᠢᠨ ᠣᠷᠴᠢᠯ ᠲᠠᠢ ᠪᠣᠯᠭᠠᠵᠤ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠰᠢᠨ᠎ᠡ ᠪᠠᠶᠢᠷᠢᠰᠢᠯ ᠢ ᠪᠦᠷᠢᠯᠳᠦᠭᠦᠯᠤᠨ᠎ᠡ ᠭᠡᠵᠦ ᠲᠤᠳᠤᠷᠬᠠᠢᠢᠯᠠᠪᠠ᠃ | ︽ᠰᠠᠨᠠᠯ︾ ᠳᠤ 16 ᠵᠦᠶ᠋ᠯ ᠤᠨ ᠠᠵᠢᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠠᠢ᠃ | ᠠᠵᠢᠯ ᠤᠨ ᠠᠷᠭ᠎ᠠ ᠬᠡᠮᠵᠢᠶ᠎ᠡ ᠨᠢ ᠨᠡᠶᠢᠲᠡ 12 ᠵᠦᠶ᠋ᠯ ᠪᠤᠢ᠂ ᠲᠤᠬᠠᠢᠢᠯᠠᠪᠠᠯ ᠨᠤᠲᠤᠭ ᠪᠡᠯᠴᠢᠭᠡᠷ ᠤᠨ | ᠪᠠᠶᠢᠴᠠᠭᠠᠯᠲᠠ ᠶᠢᠨ ᠰᠢᠰᠲ᠋ᠧᠮ ᠢ ᠪᠠᠶᠢᠭᠤᠯᠬᠤ᠂ ᠨᠤᠲᠤᠭ ᠪᠡᠯᠴᠢᠭᠡᠷ ᠢ ᠬᠢᠨᠠᠨ ᠬᠡᠮᠵᠢᠵᠦ ᠦᠨᠡᠯᠡᠬᠦ ᠰᠢᠰᠲ᠋ᠧᠮ ᠢ | ᠪᠦᠷᠢᠨᠰᠢᠭᠦᠯᠬᠦ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠨ ᠠᠰᠢᠬᠯᠠᠬᠤ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ᠂ ᠨᠤᠲᠤᠭ ᠪᠡᠯᠴᠢᠭᠡᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ᠂ ᠨᠤᠲᠤᠭ ᠪᠡᠯᠴᠢᠭᠡᠷ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠡᠭᠦᠯᠳᠡᠷᠵᠢᠭᠦᠯᠬᠦ᠂ ᠨᠤᠲᠤᠭ ᠪᠡᠯᠴᠢᠭᠡᠷ ᠤᠨ ᠠᠮᠢ | ᠠᠬᠤᠶ ᠶᠢ ᠰᠡᠷᠭᠦᠭᠡᠬᠦ ᠶᠢ ᠲᠦᠷᠭᠡᠳᠬᠡᠨ ᠠᠬᠢᠭᠤᠯᠬᠤ᠂ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ | ᠵᠠᠰᠠᠯᠲᠠ ᠶᠢ ᠨᠢᠭᠡᠳᠦᠯᠲᠡᠶ ᠲᠦᠯᠦᠪᠵᠢᠭᠦᠯᠤᠨ ᠠᠬᠢᠭᠤᠯᠬᠤ᠂ ᠡᠪᠡᠰᠦᠨ ᠦᠷ᠎ᠡ ᠶᠢᠨ ᠦᠶ᠋ᠯᠡᠰ ᠢ ᠶᠡᠭᠡ ᠪᠠᠷ | ᠬᠥᠭᠵᠢᠭᠦᠯᠬᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠬᠯᠠᠬᠤ᠂ ᠨᠤᠲᠤᠭ ᠪᠡᠯᠴᠢᠭᠡᠷ ᠢ | ᠳᠠᠭᠠᠭᠠᠴᠢᠯᠠᠨ ᠡᠵᠡᠩᠨᠡᠬᠦ ᠲᠦᠷᠢᠮ ᠢ ᠲᠡᠭᠦᠯᠳᠡᠷᠵᠢᠭᠦᠯᠬᠦ᠂ ᠤᠯᠤᠰ ᠤᠨ ᠥᠮᠴᠢᠯᠡᠯ ᠤᠨ ᠨᠤᠲᠤᠭ ᠪᠡᠯᠴᠢᠭᠡᠷ ᠤᠨ ᠡᠬᠢ | ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ᠂ ᠨᠤᠲᠤᠭ | ᠪᠡᠯᠴᠢᠭᠡᠷ ᠤᠨ ᠭᠠᠵᠠᠷ ᠣᠷᠣᠨ ᠤ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠵᠡᠷᠭᠡ ᠪᠤᠯᠤᠨ᠎ᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠬᠠᠤᠯᠢ ᠴᠠᠭᠠᠵᠠ ᠬᠠᠤᠯᠢ | ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠬᠤ᠂ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠶᠢ ᠪᠠᠭᠲᠠᠭᠠᠭᠰᠠᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠨᠡᠶᠢᠲᠡ 4 ᠵᠦᠶ᠋ᠯ ᠪᠠᠶᠢᠨ᠎ᠠ᠃ | ︽ᠰᠠᠨᠠᠯ︾ ᠳᠤ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠠᠵᠢᠯ ᠤᠨ ᠤᠳᠤᠷᠢᠳᠤᠯᠭ᠎ᠠ ᠶᠢ | ᠴᠢᠩᠭᠠᠳᠬᠠᠵᠤ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ | ᠣᠷᠣᠨ ᠤ ᠪᠠᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠠᠵᠢᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ | ᠬᠤᠲᠠ ︵ᠲᠤᠰᠬᠠᠶ ᠣᠷᠣᠨ᠂ ᠵᠧᠤ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠶᠢᠨ | ᠠᠷᠠᠳ ᠤᠨ ᠵᠠᠰᠠᠭ ᠤᠨ ᠣᠷᠳᠣᠨ ᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠤᠨ᠎ᠡ᠃ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠨᠤᠲᠤᠭ ᠪᠡᠯᠴᠢᠭᠡᠷ ᠢ ᠬᠠᠮᠠᠭᠠᠯᠠᠨ | ᠰᠡᠷᠭᠦᠭᠡᠬᠦ ᠬᠠᠮᠢᠶ᠎ᠠ ᠪᠦᠬᠦᠢ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠪᠦᠬᠦ ᠨᠡᠶᠢᠭᠡᠮ ᠤᠨ ᠬᠢᠨ ᠢ ᠬᠥᠲᠥᠯᠥᠨ | ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠦᠯᠵᠦ᠂ ᠪᠦᠬᠦ | ᠨᠡᠶᠢᠭᠡᠮ ᠤᠨ ᠬᠢᠨ ᠤ ᠨᠤᠲᠤᠭ ᠪᠡᠯᠴᠢᠭᠡᠷ ᠢ ᠬᠠᠯᠠᠮᠵᠢᠯᠠᠨ ᠬᠠᠶᠢᠷᠠᠯᠠᠬᠤ ᠪᠠ ᠨᠤᠲᠤᠭ ᠪᠡᠯᠴᠢᠭᠡᠷ ᠢ ᠬᠠᠤᠯᠢ ᠶᠣᠰᠣᠭᠠᠷ | ᠬᠠᠮᠠᠭᠠᠯᠠᠬᠤ ᠤᠬᠠᠮᠰᠠᠷ ᠢ ᠨᠢ ᠲᠠᠰᠤᠷᠠᠯᠲᠠ ᠤᠢᠭᠡᠢ ᠨᠡᠮᠡᠭᠳᠡᠭᠦᠯᠵᠦ᠂ ᠨᠤᠲᠤᠭ ᠳᠡᠪᠢᠰᠬᠡᠷ ᠢ ᠨᠣᠭᠤᠭᠠᠷᠠᠭᠤᠯᠬᠤ | ᠶᠠᠪᠤᠴᠠ ᠳᠠᠬᠢ ᠡᠪᠡᠰᠦ ᠲᠠᠷᠢᠵᠤ ᠬᠠᠮᠠᠭᠠᠯᠠᠬᠤ ᠠᠵᠢᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠶ ᠭᠡᠵᠤ ᠱᠠᠭᠠᠷᠳᠠᠪᠠ᠃ |