ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠠᠵᠤ ᠠᠬᠤᠶ ᠶᠢᠨ ᠠᠵᠢᠯᠯᠠᠭᠠᠨ ᠤ ᠰᠢᠨ᠎ᠡ ᠪᠠᠶᠢᠳᠠᠯ ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠬᠤ ᠵᠡᠷᠭᠡ ᠶᠢ ᠱᠠᠭᠠᠷᠳᠠᠪᠠ
ᠨᠡᠶᠢᠲᠡᠯᠡᠭᠰᠡᠨ ᠴᠠᠭ᠄
2021/8/19
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢᠨ ᠠᠵᠢᠯᠯᠠᠭᠠᠨ ᠤ ᠰᠢᠨ᠎ᠡ ᠪᠠᠶᠢᠳᠠᠯ ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ      ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ  ᠪᠠᠲᠤᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 8 ᠳ᠋ᠤᠭᠠᠷ ᠰᠠᠷ᠎ᠠ ᠶᠢᠨ 16 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠢ ᠶᠢᠨ ᠠᠵᠢᠯᠯᠠᠭᠠᠨ ᠤ ᠰᠢᠨ᠎ᠡ ᠪᠠᠶᠢᠳᠠᠯ ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ︔ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ‌‍ᠪᠠᠲᠤᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ 7 ᠳ᠋ᠤᠭᠠᠷ ᠰᠠᠷ᠎ᠠ ᠶᠢᠨ ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠣᠯᠠᠨ ᠭᠠᠵᠠᠷ ᠲᠤ ᠣᠨᠴᠠᠭᠠᠶ ᠠᠭᠤᠷ ᠠᠮᠢᠰᠬᠤᠯ ᠤᠨ ᠪᠠᠶᠢᠳᠠᠯ ᠭᠠᠷᠴᠤ᠂ ᠬᠦᠨᠳᠦ ᠨᠣᠴᠢᠲᠠᠶ ᠦᠶᠡᠷ ᠤᠰᠤᠲᠤᠯ ᠤᠨ ᠭᠠᠮᠰᠢᠭ ᠢ ᠪᠣᠢ ᠪᠣᠯᠭᠠᠵᠤ᠂ ᠣᠯᠠᠨ ᠮᠤᠵᠢ ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠥᠷᠪᠢᠰᠴᠦ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠶᠡᠭᠡ ᠪᠠᠷ ᠬᠡᠯᠪᠡᠯᠵᠡᠵᠦ᠂ ᠳᠡᠯᠡᠬᠡᠶ ᠶᠢᠨ ᠠᠵᠤ ᠠᠬᠤᠶ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠶ ᠪᠣᠯᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠨᠢᠭᠡ ᠳᠤ᠂ ᠬᠢᠵᠢᠭ ᠤᠨ ᠪᠠᠶᠢᠳᠠᠯ ᠢ ᠬᠤᠷᠢᠭᠯᠠᠬᠤ ᠪᠠ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ᠂ ᠰᠡᠷᠭᠦᠭᠡᠨ ᠲᠠᠬᠢᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠪᠠᠨ ᠴᠢᠩᠭ᠎ᠠ ᠨᠠᠶᠢᠳᠠᠪᠤᠷᠢᠵᠢᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠵᠦ᠂ ᠢᠯᠠᠩᠭᠤᠶ᠎ᠠ ᠭᠤᠣᠯ ᠭᠤᠭᠴᠤᠭ᠎ᠠ ᠶᠢᠨ ᠵᠠᠩᠭᠢᠯᠠᠭ᠎ᠠ ᠶᠢᠨ ᠪᠣᠭᠤᠮᠲᠠ ᠶᠢ ᠪᠠᠲᠤ ᠰᠠᠬᠢᠬᠤ ᠬᠡᠷᠡᠭᠲᠡᠶ᠃ ᠦᠶᠡᠷ ᠤᠰᠤᠲᠤᠯ ᠵᠡᠷᠭᠡ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠠᠶᠤᠯ ᠠᠴᠠ ᠠᠪᠤᠷᠠᠨ ᠠᠷᠭᠠᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠳᠡᠮᠵᠢᠯᠭᠡ ᠶᠢᠨ ᠡᠷᠴᠢᠮ ᠢᠶᠠᠨ ᠴᠢᠩᠭᠠᠳᠬᠠᠵᠤ᠂ ᠭᠠᠮᠰᠢᠭᠳᠠᠭᠰᠠᠨ ᠭᠠᠵᠠᠷ ᠣᠷᠣᠨ ᠢ ᠲᠦᠷᠭᠡᠪᠴᠢᠯᠡᠨ ᠰᠡᠷᠭᠦᠭᠡᠵᠦ ᠲᠠᠬᠢᠨ ᠪᠥᠳᠥᠭᠡᠨ ᠪᠠᠶᠢᠭᠤᠯᠬᠤ ᠠᠵᠢᠯ ᠢ ᠠᠬᠢᠭᠤᠯᠬᠤ ᠬᠡᠷᠡᠭᠲᠡᠢ᠃ ᠨᠠᠮᠤᠷ ᠤᠨ ᠠᠮᠤ ᠲᠠᠷᠢᠶ᠎ᠠ ᠶᠢ ᠨᠥᠬᠦᠵᠦ ᠳᠠᠷᠢᠬᠤ ᠪᠠ ᠥᠭᠡᠷᠡᠴᠢᠯᠡᠨ ᠳᠠᠷᠢᠬᠤ᠂ ᠤᠰᠤᠨ ᠳᠤ ᠠᠪᠲᠠᠭᠰᠠᠨ ᠲᠠᠷᠢᠶᠠᠨ ᠭᠠᠵᠠᠷ ᠪᠠ ᠪᠡᠯᠡᠳᠬᠡᠮᠵᠢ ᠶᠢ ᠰᠡᠯᠪᠢᠨ ᠵᠠᠰᠠᠬᠤ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠡᠯᠡᠳᠬᠡᠮᠵᠢ ᠶᠢ ᠪᠦᠷᠢᠨᠰᠢᠭᠦᠯᠬᠦ ᠵᠡᠷᠭᠡ ᠶᠢ ᠴᠢᠩᠭ᠎ᠠ ᠪᠥᠭᠡᠳ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠠᠵᠢᠯ ᠣᠯᠭᠤᠯᠲᠠ ᠶᠢ ᠪᠠᠲᠤᠯᠠᠬᠤ ᠠᠵᠢᠯ ᠢ ᠲᠤᠪᠤᠶᠢᠯᠭᠠᠨ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠪᠠ ᠨᠡᠶᠢᠭᠡᠮᠴᠢᠯᠡᠭᠰᠡᠨ ᠠᠵᠢᠯ ᠣᠯᠭᠤᠯᠲᠠ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠥᠮᠥᠰ ᠪᠠ ᠬᠦᠴᠢᠷᠳᠡᠯ ᠲᠠᠢ ᠤᠯᠠᠨ ᠲᠦᠮᠡᠨ ᠤ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠤᠯᠠᠨ ᠲᠦᠮᠡᠨ ᠤ ᠣᠷᠣᠯᠭ᠎ᠠ ᠪᠠ ᠠᠮᠢᠳᠤᠷᠠᠯ ᠢ ᠪᠠᠲᠤᠯᠠᠬᠤ ᠬᠡᠷᠡᠭᠲᠡᠢ᠃ ᠭᠤᠷᠪᠠ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠨᠢᠭᠡᠨᠲᠡ ᠲᠣᠭᠲᠠᠭᠠᠭᠰᠠᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠬᠤᠷᠢᠭᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠪᠠᠭᠤᠷᠠᠭᠤᠯᠤᠭᠰᠠᠨ ᠪᠠᠯᠠ ᠮᠥᠩᠭᠦ ᠵᠡᠷᠭᠡ ᠶᠢ ᠰᠠᠶᠢᠲᠤᠷ ᠬᠡᠷᠡᠭᠯᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠲᠦᠷᠪᠡ ᠳᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠬᠤᠯᠠ ᠲᠦᠭᠦᠬᠡᠶ ᠮᠠᠲ᠋ᠧᠷᠢᠶᠠᠯ ᠤᠨ ᠦᠨ᠎ᠡ ᠬᠠᠩᠰᠢ ᠶᠢᠨ ᠥᠰᠥᠯᠲᠡ ᠶᠢ ᠠᠷᠭᠠᠴᠠᠭᠠᠬᠤ ᠲᠥᠰᠦᠯ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠢ ᠵᠦᠢ ᠵᠣᠬᠢᠰᠲᠠᠶ ᠪᠠᠷ ᠨᠡᠮᠡᠭᠳᠡᠭᠦᠯᠦᠨ᠂ ᠨᠥᠭᠡᠴᠡᠯᠡᠬᠦ ᠪᠠ ᠲᠠᠯᠪᠢᠬᠤ ᠶᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠲᠠᠸᠠᠷ ᠤᠨ ᠵᠠᠬ᠎ᠠ ᠳᠡᠯᠭᠡᠭᠦᠷ ᠤᠨ ᠬᠤᠯᠪᠣᠯᠳᠤᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠲᠠᠪᠤ ᠳᠤ᠂ ᠭᠠᠮᠰᠢᠭᠳᠠᠭᠰᠠᠨ ᠤᠯᠠᠨ ᠲᠦᠮᠡᠨ ᠢ ᠲᠥᠪᠬᠢᠨᠡᠭᠦᠯᠬᠦ ᠪᠠ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠤᠮᠠᠷᠠᠲᠤ ᠣᠷᠣᠨ ᠭᠠᠮᠰᠢᠭᠳᠠᠭᠰᠠᠨ ᠤᠯᠠᠨ ᠲᠦᠮᠡᠨ ᠤ ᠠᠮᠤᠷ ᠲᠦᠪᠰᠢᠨ ᠮᠥᠷᠲᠡᠭᠡᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠵᠤ ᠠᠬᠤᠢ ᠶᠢᠨ ᠬᠠᠨᠳᠤᠰᠢ ᠶᠢᠨ ᠬᠤᠪᠢᠷᠠᠯᠲᠠ ᠶᠢ ᠨᠠᠷᠢᠨ ᠨᠢᠭᠲᠠ ᠮᠥᠷᠳᠡᠨ ᠳᠠᠭᠠᠵᠤ᠂ ᠲᠦᠷᠦ ᠶᠢᠨ ᠪᠤᠳᠤᠯᠭ᠎ᠠ ᠶᠢᠨ ᠤᠶᠠᠯᠳᠤᠯ ᠢ ᠰᠢᠯᠢᠳᠡᠭᠵᠢᠭᠦᠯᠬᠦ ᠬᠡᠷᠡᠭᠲᠡᠢ᠃ ᠬᠡᠷᠡᠭᠯᠡᠭᠡ ᠶᠢ ᠲᠣᠭᠲᠠᠭᠤᠨ ᠢᠶᠠᠷ ᠰᠡᠷᠭᠦᠭᠡᠨ ᠨᠡᠮᠡᠭᠳᠡᠭᠦᠯᠬᠦ ᠶᠢ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢ ᠰᠠᠶᠢᠲᠤᠷ ᠬᠡᠷᠡᠭᠯᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠶᠢ ᠲᠠᠶᠢᠴᠢᠯᠠᠵᠤ᠂ ᠨᠡᠩ ᠪᠦᠲᠦᠮᠵᠢᠲᠡᠶ ᠨᠡᠭᠡᠭᠡᠯᠳᠡ ᠶᠢᠨ ᠠᠷᠭ᠎ᠠ ᠬᠡᠮᠵᠢᠶ᠎ᠡ ᠪᠠᠷ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠ ᠲᠠᠶᠢᠯᠤᠮᠵᠢ ᠶᠢ ᠴᠢᠩᠭᠠᠳᠬᠠᠵᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠯ ᠢ ᠨᠡᠮᠡᠭᠳᠡᠭᠦᠯᠵᠦ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠳᠠᠷᠤᠯᠲᠠ ᠮᠥᠨ ᠬᠦ ᠨᠡᠯᠢᠶᠡᠳ ᠶᠡᠭᠡ ᠪᠠᠶᠢᠭ᠎ᠠ ᠪᠣᠯᠬᠤᠷ ᠠᠵᠢᠯ ᠣᠯᠭᠤᠯᠲᠠ ᠶᠢ ᠦᠷᠭᠦᠯᠵᠢᠯᠡᠨ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠬᠤᠷᠸ᠎ᠠ ᠲᠥᠷᠥ ᠶᠢᠨ ᠪᠣᠳᠣᠯᠭ᠎ᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠴᠢᠩᠭᠠᠳᠬᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠩ ᠭᠦᠢᠴᠡᠳ ᠨᠡᠩ ᠴᠢᠨᠠᠷᠯᠢᠭ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ ᠨᠢᠭᠡ ᠳᠤ᠂ ᠡᠳ᠋ ᠤᠨ ᠵᠠᠰᠠᠭ᠂ ᠵᠣᠭᠤᠰ ᠮᠥᠩᠭᠦ ᠵᠡᠷᠭᠡ ᠲᠦᠷᠦ ᠶᠢᠨ ᠪᠤᠳᠤᠯᠭ᠎ᠠ ᠪᠠᠷ ᠠᠵᠢᠯ ᠣᠯᠭᠤᠯᠲᠠ ᠶᠢ ᠳᠡᠮᠵᠢᠬᠦ ᠤᠳᠤᠷᠢᠳᠤᠮᠵᠢ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠴᠢᠳᠠᠪᠤᠷᠢ ᠪᠠᠷ ᠴᠢᠩᠭ᠎ᠠ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠵᠢᠯ ᠲᠦᠷᠦᠯ ᠤᠨ ᠬᠥᠭᠵᠢᠯᠲᠡ ᠶᠢ ᠰᠢᠩᠭᠡᠭᠡᠨ ᠠᠪᠬᠤ ᠶᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠠᠭᠤᠰᠤᠯᠳᠤᠨ ᠬᠥᠭᠵᠢᠬᠦ ᠶᠢ ᠠᠬᠢᠭᠤᠯᠵᠤ᠂ ᠤᠯᠠᠨ ᠠᠷᠭ᠎ᠠ ᠵᠠᠮ ᠢᠶᠠᠷ ᠠᠮᠢᠳᠤᠯᠢᠭ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠳᠠᠬᠢᠨ ᠢᠶᠠᠷ ᠨᠡᠮᠡᠭᠳᠡᠬᠦ ᠦᠢᠯᠡᠳᠦᠯ ᠢ ᠶᠡᠬᠡᠰᠬᠡᠬᠦ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠳᠠᠯ ᠦᠢᠯᠡᠰ ᠴᠣᠭᠴᠠᠯᠠᠬᠤ ᠶᠢ ᠬᠦᠯᠢᠶᠡᠰᠦᠯᠡᠵᠦ ᠪᠠᠶᠢᠭ᠎ᠠ ᠪᠠᠬᠢᠯᠡᠯᠲᠡ ᠶᠢ ᠡᠪᠳᠡᠵᠦ᠂ ᠠᠳᠠᠯ ᠦᠢᠯᠡᠰ ᠴᠣᠭᠴᠠᠯᠠᠬᠤ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠨ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠠᠮᠠᠭᠠᠯᠠᠵᠤ᠂ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠢᠳᠡᠪᠬᠢᠵᠢᠯ ᠢ ᠨᠢ ᠬᠥᠭᠵᠢᠭᠡᠬᠦ ᠬᠡᠷᠡᠭᠲᠡᠢ᠃ ᠭᠤᠷᠪᠠ ᠳᠤ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠬᠤᠳᠠᠯᠳᠤᠭᠠᠨ ᠤ ᠵᠠᠭᠪᠤᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠢᠨ᠎ᠡ ᠠᠵᠢᠯ ᠤᠨ ᠪᠠᠶᠢᠷᠢ ᠶᠢ ᠨᠡᠮᠡᠭᠳᠡᠭᠦᠯᠬᠦ ᠬᠡᠷᠡᠭᠲᠡᠢ᠃ ᠲᠦᠷᠪᠡ ᠳᠤ᠂ ᠲᠣᠭᠲᠠᠴᠠ ᠪᠠ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠪᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠡᠷᠭᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠯᠲᠠ ᠶᠢᠨ ᠭᠠᠳᠠᠭᠤᠷᠴᠢᠯᠠᠯ ᠢ ᠴᠢᠷᠮᠠᠶᠢᠨ ᠠᠷᠢᠯᠭᠠᠵᠤ᠂ ᠠᠮᠢᠳᠤᠯᠢᠭ ᠢᠶᠠᠷ ᠠᠵᠢᠯ ᠣᠯᠤᠭᠰᠠᠳ ᠪᠠ ᠨᠠᠰᠤ ᠠᠬᠢᠬᠰᠠᠨ᠂ ᠡᠮᠡᠭᠲᠡᠶ ᠬᠥᠳᠡᠯᠮᠦᠷᠢᠴᠢᠨ ᠵᠡᠷᠭᠡ ᠶᠢᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠲᠠᠪᠤ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠬᠠᠨᠳᠤᠭᠤᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠥᠳᠡᠯᠮᠦᠷᠢᠴᠢᠳ ᠤᠨ ᠤᠷ᠎ᠠ ᠴᠢᠳᠠᠪᠤᠷᠢ ᠪᠠ ᠠᠶᠤᠯ ᠦᠭᠡᠢ ᠦᠢᠯᠡᠳᠪᠦᠷᠢᠯᠡᠯ ᠤᠨ ᠬᠡᠪ ᠴᠢᠨᠠᠷ ᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号