ᠬᠢᠯᠢ ᠬᠢᠵᠠᠭᠠᠷ ᠤᠨ ᠠᠮᠤᠷ ᠲᠤᠬᠳᠠᠭᠤᠨ ᠳᠤ ᠦᠢᠯᠡᠴᠢᠯᠡᠵᠤ ᠪᠤᠭᠤᠮᠳᠠ ᠶᠢᠨ ᠬᠦᠭᠵᠢᠯᠳᠡ ᠳᠤ ᠪᠠᠳᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2021/8/2
      ᠡᠨᠡ ᠵᠢᠯ ᠡᠵᠡᠨ᠎ᠡ ᠶᠢᠨ ᠬᠢᠯᠢ ᠶᠢᠨ ᠪᠤᠭᠤᠮᠳᠠ ᠶᠢᠨ ᠨᠠᠮ ᠤᠨ ᠶᠡᠷᠦᠩᠬᠡᠢ ᠡᠭᠦᠷ ᠨᠢ ᠪᠦᠬᠦ ᠤᠯᠤᠰ ᠤᠨ ᠦᠨᠳᠦᠰᠦᠨ ᠱᠠᠳᠤᠨ ᠤ ᠲᠠᠷᠢᠭᠦᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠢᠷᠠᠭᠤ ᠠᠯᠳᠠᠷ ᠢ ᠬᠦᠷᠳᠡᠵᠤ᠂ ᠲᠤᠮᠳᠠᠳᠤ ᠮᠤᠩᠭᠤᠯ ᠬᠤᠶᠠᠷ ᠤᠯᠤᠰ ᠤᠨ ᠬᠤᠭᠤᠷᠤᠨᠳᠤᠬᠢ ᠠᠵᠤ ᠠᠬᠤᠢ ᠨᠡᠶᠢᠬᠡᠮ ᠤᠨ ᠬᠠᠷᠢᠯᠴᠠᠭᠠᠨ ᠤ ᠬᠦᠭᠵᠢᠯᠳᠡ ᠳᠤ ᠦᠢᠯᠡᠴᠢᠯᠡᠨ ᠵᠢᠳᠭᠦᠵᠤ ᠪᠠᠶᠢᠭ᠎ᠠ ᠲᠤᠰ ᠵᠤᠬᠢᠶᠠᠨ ᠪᠠᠶᠢᠭᠤᠯᠤᠯᠳᠠ ᠶᠢᠨ ᠪᠦᠬᠦ ᠨᠠᠮ ᠤᠨ ᠭᠡᠰᠢᠭᠦᠳ ᠲᠤ ᠠᠵᠢᠯ ᠢᠶᠠᠨ ᠤᠯᠠᠮ ᠰᠠᠶᠢᠨ ᠬᠢᠬᠦ ᠢᠳᠡᠭᠡᠯ ᠵᠤᠷᠢᠬ ᠢ ᠬᠦᠪᠴᠢᠯᠡᠵᠤ ᠦᠭᠭᠦᠭᠰᠡᠨ ᠪᠠᠶᠢᠨ᠎ᠠ᠃       ᠡᠵᠡᠨ᠎ᠡ ᠶᠢᠨ ᠬᠢᠯᠢ ᠶᠢᠨ ᠪᠤᠭᠤᠮᠳᠠ ᠨᠢ ᠴᠡᠭᠡ ᠪᠤᠭᠤᠮᠳᠠ ᠳᠤ ᠪᠠᠶᠢᠷᠢᠰᠢᠵᠤ᠂ ᠨᠠᠮ ᠤᠨ ᠶᠡᠷᠦᠩᠬᠡᠢ ᠡᠭᠦᠷ ᠨᠢ 6 ᠨᠠᠮ ᠤᠨ ᠡᠭᠦᠷ ᠪᠤᠯᠤᠨ 33 ᠨᠠᠮ ᠤᠨ ᠭᠡᠰᠢᠭᠦᠨ ᠢᠶᠠᠷ ᠪᠦᠷᠢᠯᠳᠦᠵᠠᠢ᠃ ᠲᠡᠳᠡ ᠵᠢᠯ ᠲᠤᠷᠰᠢ ᠰᠠᠯᠬᠢ ᠰᠢᠭᠤᠷᠭ᠎ᠠ ᠤᠯᠠᠠ᠂ ᠤᠤᠭᠤᠬᠤ ᠤᠰᠤᠨ ᠤ ᠴᠢᠨᠠᠷ ᠮᠠᠭᠤ᠂ ᠵᠤᠨ ᠤ ᠬᠠᠮᠤᠬ ᠤᠨ ᠦᠨᠳᠦᠷ ᠳᠣᠯᠠᠭᠠᠨ 50 ᠭᠷᠠᠳᠦ᠋ᠰ ᠲᠤ ᠬᠦᠷᠴᠦ᠂ ᠡᠪᠦᠯ ᠤᠨ ᠬᠦᠢᠳᠡᠨ ᠨᠢ ᠳᠡᠭ ᠠᠴᠠ ᠲᠤᠷᠤᠬᠰᠢ ᠠᠷᠪᠠᠨ ᠬᠡᠳᠦᠨ ᠭᠷᠠᠳᠦ᠋ᠰ ᠲᠤ ᠬᠦᠷᠳᠡᠭ ᠬᠠᠳᠠᠭᠤ ᠪᠡᠷᠭᠡ ᠤᠷᠴᠢᠨ ᠲᠤᠭᠤᠷᠢᠨ ᠳᠤ ᠠᠵᠢᠯᠯᠠᠵᠤ ᠠᠮᠢᠳᠤᠷᠠᠵᠤ ᠪᠠᠶᠢᠳᠠᠭ᠃ ᠭᠡᠪᠡᠴᠦ ᠲᠡᠳᠡ ᠵᠦᠢᠯ ᠪᠦᠷᠢ ᠶᠢᠨ ᠬᠦᠴᠢᠷ ᠪᠡᠷᠭᠡ ᠶᠢ ᠢᠯᠠᠨ ᠲᠠᠪᠠᠵᠤ᠂ ᠬᠢᠯᠢ ᠶᠢᠨ ᠪᠤᠭᠤᠮᠳᠠ ᠶᠢ ᠠᠩᠬ᠎ᠠ ᠪᠠᠶᠢᠭᠤᠯᠬᠤ ᠠᠴᠠ ᠠᠪᠤᠭᠠᠳ ᠬᠡᠳᠦᠨ ᠦᠶ᠎ᠡ ᠶᠢᠨ ᠪᠤᠭᠤᠮᠳᠠ ᠶᠢᠨ ᠠᠵᠢᠯᠳᠠᠨ ᠤ ᠴᠦᠬᠦᠷᠡᠰᠢ ᠦᠭᠡᠢ ᠴᠢᠷᠮᠠᠶᠢᠯᠭ᠎ᠠ ᠪᠠᠷ ᠰᠠᠭᠤᠷᠢ ᠪᠦᠳᠦᠭᠡᠨ ᠪᠠᠶᠢᠭᠤᠯᠤᠯᠳᠠ ᠪᠠᠨ ᠲᠡᠭᠦᠯᠳᠡᠷᠵᠢᠭᠦᠯᠦᠨ ᠰᠠᠶᠢᠵᠢᠷᠠᠭᠤᠯᠵᠤ᠂ ᠬᠤᠶᠠᠷ ᠤᠯᠤᠰ ᠤᠷᠤᠨ ᠤ ᠨᠦᠬᠦᠷᠰᠡᠭ ᠬᠠᠷᠢᠯᠴᠠᠭ᠎ᠠ ᠶᠠᠪᠤᠯᠴᠠᠭ᠎ᠠ ᠳᠤ ᠦᠢᠯᠡᠴᠢᠯᠡᠨ᠂ ᠵᠢᠯ ᠤᠨ ᠪᠤᠭᠤᠮᠳᠠ ᠪᠠᠷ ᠦᠩᠭᠡᠷᠡᠬᠦ ᠪᠠᠷᠠᠭᠠᠨ ᠤ ᠬᠡᠮᠵᠢᠶ᠎ᠡ 1000 ᠲᠦᠮᠡᠨ ᠲᠤᠨ ᠳᠤ ᠬᠦᠷᠴᠦ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠵᠤ᠂ ᠠᠽᠢᠶ᠎ᠠ ᠡᠸᠤᠷᠦ᠋ᠫᠠ ᠶᠢ ᠵᠠᠯᠭᠠᠬᠤ ᠴᠢᠬᠤᠯᠠ ᠬᠦᠭᠦᠷᠭᠡ ᠬᠤᠯᠪᠤᠭᠠᠰᠤ ᠶᠢ ᠪᠦᠳᠦᠭᠡᠨ ᠪᠠᠶᠢᠭᠤᠯᠤᠭᠠᠳ ᠤᠳᠤ ᠪᠤᠯᠵᠤ ᠪᠠᠶᠢᠨ᠎ᠠ᠃       ᠦᠢᠷ᠎ᠠ ᠶᠢᠨ ᠵᠢᠯ ᠳᠤ᠂ ᠡᠵᠡᠨ᠎ᠡ ᠶᠢᠨ ᠬᠢᠯᠢ ᠶᠢᠨ ᠪᠤᠭᠤᠮᠳᠠ ᠶᠢᠨ ᠨᠠᠮ ᠤᠨ ᠶᠡᠷᠦᠩᠬᠡᠢ ᠡᠭᠦᠷ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨ᠎ᠡ ᠶᠢ ᠡᠭᠦᠳᠬᠦ ᠪᠠᠷ ᠪᠦᠬᠦ ᠠᠵᠢᠯ ᠤᠨ ᠵᠢᠯᠤᠭᠤᠳᠤᠯᠭ᠎ᠠ ᠪᠤᠯᠭᠠᠵᠤ᠂ ᠤᠯᠤᠰ ᠲᠦᠷᠦ ᠶᠢᠨ ᠵᠤᠬᠰᠤᠴᠠ ᠪᠠᠳᠤ ᠴᠢᠩᠭ᠎ᠠ᠂ ᠲᠤᠬᠠᠢᠢᠯᠠᠬᠰᠠᠨ ᠠᠵᠢᠯ ᠤᠨ ᠬᠢᠷᠢ ᠲᠦᠪᠰᠢᠨ ᠦᠨᠳᠦᠷ ᠨᠠᠮ ᠤᠨ ᠡᠭᠦᠷ ᠢ ᠪᠦᠳᠦᠭᠡᠨ ᠪᠠᠶᠢᠭᠤᠯᠬᠤ ᠵᠤᠷᠢᠯᠭ᠎ᠠ ᠪᠠᠷ ᠴᠢᠷᠮᠠᠶᠢᠨ ᠠᠵᠢᠯᠯᠠᠵᠤ᠂ ᠪᠦᠬᠦ ᠤᠷᠤᠨ᠂ ᠪᠦᠬᠦ ᠤᠯᠤᠰ ᠤᠨ ᠬᠢᠯᠢ ᠶᠢᠨ ᠪᠤᠭᠤᠮᠳᠠ ᠶᠢᠨ ᠠᠵᠢᠯ ᠲᠦᠷᠦᠯ ᠳᠡᠭᠡᠨ ᠲᠡᠷᠢᠭᠦᠨ ᠪᠠᠶᠢᠷᠢᠨ ᠳᠤ ᠵᠢᠬᠰᠠᠵᠤ᠂ ᠭᠠᠳᠠᠭᠠᠳᠤ ᠨᠡᠭᠡᠭᠡᠯᠳᠡ᠂ ᠪᠤᠭᠤᠮᠳᠠ ᠶᠢᠨ ᠬᠦᠭᠵᠢᠯᠳᠡ ᠳᠤ ᠦᠢᠯᠡᠴᠢᠯᠡᠵᠤ ᠪᠠᠶᠢᠨ᠎ᠠ᠃ 2017 ᠤᠨ ᠳᠤ᠂ ᠪᠦᠬᠦ ᠤᠯᠤᠰ ᠤᠨ ᠬᠢᠯᠢ ᠶᠢᠨ ᠪᠤᠭᠤᠮᠳᠠ ᠶᠢᠨ ︽ᠪᠦᠷᠢᠨ ᠴᠢᠳᠠᠮᠵᠢᠳᠤ ᠪᠤᠭᠤᠮᠳᠠ ᠶᠢ ᠪᠦᠳᠦᠬᠡᠠ ᠪᠠᠶᠢᠭᠤᠯᠬᠤ︾ ᠲᠦᠷᠦᠯ ᠵᠦᠢᠯ ᠤᠨ ᠲᠤᠷᠰᠢᠯᠳᠠ ᠶᠢᠨ ᠠᠵᠢᠯ ᠲᠤᠮᠳᠠ ᠡᠵᠡᠨ᠎ᠡ ᠶᠢᠨ ᠬᠢᠯᠢ ᠶᠢᠨ ᠪᠤᠭᠤᠮᠳᠠ ᠮᠡᠷᠭᠡᠵᠢᠯ ᠲᠤᠳᠠᠮᠠᠬ᠂ ᠮᠠᠰᠢᠨ ᠲᠦᠬᠦᠭᠡᠷᠦᠮᠵᠢ ᠬᠤᠴᠤᠷᠤᠩᠭᠤᠢ᠂ ᠴᠢᠳᠠᠪᠤᠷᠢᠳᠠᠨ ᠬᠤᠪᠤᠷ ᠵᠡᠷᠭᠡ ᠬᠦᠴᠢᠷᠳᠡᠯ ᠲᠠᠢ ᠪᠠᠶᠢᠳᠠᠯ ᠲᠤᠤᠷ᠎ᠠ ᠪᠤᠭᠤᠮᠳᠠ ᠶᠢᠨ ᠬᠤᠰᠢᠭᠤᠴᠢ ᠠᠩᠬᠢ ᠶᠢ ᠪᠠᠶᠢᠭᠤᠯᠵᠤ᠂ ᠨᠠᠮ ᠤᠨ ᠡᠭᠦᠷ ᠤᠨ ᠱᠦᠵᠢ ᠶᠢᠨ ᠲᠠᠭᠠᠭᠤᠯᠭ᠎ᠠ ᠲᠤᠤᠷ᠎ᠠ ᠨᠠᠮ ᠤᠨ ᠭᠡᠰᠢᠭᠦᠨ ᠬᠠᠮᠳᠤᠪᠠᠷ ᠤᠷᠤᠯᠴᠠᠬᠤ ᠬᠡᠯᠪᠡᠷᠢ ᠪᠠᠷ ᠠᠵᠢᠯ ᠤᠨ ᠲᠤᠮᠳᠠᠬᠢ ᠡᠯ᠎ᠡ ᠵᠦᠢᠯ ᠤᠨ ᠬᠦᠴᠢᠷᠳᠡᠯ ᠢ ᠢᠯᠠᠨ ᠲᠠᠪᠠᠵᠤ᠂ 14 ᠰᠠᠷ᠎ᠠ ᠶᠢᠨ ᠲᠤᠳᠤᠷ᠎ᠠ ᠬᠤᠰᠢᠭᠤᠴᠢ ᠠᠩᠬᠢ ᠶᠢᠨ ᠪᠦᠬᠦ ᠨᠠᠮ ᠤᠨ ᠭᠡᠰᠢᠭᠦᠳ 43 ᠲᠦᠷᠦᠯ ᠤᠨ ᠲᠤᠬᠠᠢᠢᠯᠠᠬᠰᠠᠨ ᠠᠵᠢᠯ ᠤᠨ ᠡᠭᠦᠷᠭᠡ ᠶᠢ ᠠᠮᠵᠢᠯᠳᠠ ᠲᠠᠢ ᠪᠡᠶᠡᠯᠡᠭᠦᠯᠵᠤ᠂ ᠪᠦᠬᠦ ᠤᠯᠤᠰ ᠤᠨ ᠡᠬᠡ ᠬᠠᠭᠤᠷᠠᠢ ᠶᠢᠨ ᠬᠢᠯᠢ ᠶᠢᠨ ᠪᠤᠭᠤᠮᠳᠠ ᠶᠢᠨ ᠠᠩᠬᠠᠳᠠᠬᠴᠢ ᠲᠤᠭᠠᠴᠢᠯᠠᠬᠰᠠᠨ ᠤᠶᠤᠨᠳᠤ ᠪᠠᠶᠢᠴᠠᠭᠠᠯᠳᠠ ᠶᠢᠨ ᠰᠢᠰᠲ᠋ᠧᠮ ᠢ ᠪᠠᠶᠢᠭᠤᠯᠵᠤ᠂ ᠬᠢᠯᠢ ᠪᠠᠷ ᠤᠷᠤᠵᠤ ᠭᠠᠷᠬᠤ ᠠᠴᠢᠶᠠᠨ ᠤ ᠮᠠᠰᠢᠨ ᠤ ᠪᠠᠶᠢᠴᠠᠭᠠᠯᠳᠠ ᠶᠢ 3 ᠰᠧᠺᠦ᠋ᠨ᠋ᠳ᠋ ᠲᠤ ᠭᠦᠢᠴᠡᠳᠭᠡᠬᠦ ᠶᠢ ᠪᠡᠶᠡᠯᠡᠭᠦᠯᠵᠤ ᠴᠢᠳᠠᠬᠰᠠᠨ ᠪᠠᠶᠢᠨ᠎ᠠ᠃       2020 ᠤᠨ ᠤ ᠬᠢᠵᠢᠭ ᠤᠨ ᠰᠡᠷᠭᠡᠶᠢᠯᠡᠯᠳᠡ ᠶᠢᠨ ᠬᠤᠭᠤᠴᠠᠭᠠᠨ ᠳᠤ ᠡᠵᠡᠨ᠎ᠡ ᠶᠢᠨ ᠬᠢᠯᠢ ᠶᠢᠨ ᠪᠤᠭᠤᠮᠳᠠ ᠶᠢᠨ ᠨᠠᠮ ᠤᠨ ᠶᠡᠷᠦᠩᠬᠡᠢ ᠡᠭᠦᠷ ᠤᠨ ᠪᠦᠬᠦ ᠨᠠᠮ ᠤᠨ ᠭᠡᠰᠢᠭᠦᠳ ᠠᠵᠢᠯ ᠤᠨ ᠪᠠᠶᠢᠷᠢ ᠪᠠᠨ ᠴᠢᠩᠭ᠎ᠠ ᠰᠠᠬᠢᠵᠤ᠂ ᠨᠠᠮ ᠤᠨ ᠭᠡᠰᠢᠭᠦᠨ ᠤ ᠬᠤᠰᠢᠭᠤᠴᠢ ᠠᠩᠬᠢ ᠶᠢ ᠪᠠᠶᠢᠭᠤᠯᠤᠨ᠂ ᠬᠢᠵᠢᠭ ᠤᠨ ᠰᠡᠷᠭᠡᠶᠢᠯᠡᠯᠳᠡ ᠶᠢᠨ ᠨᠢᠭᠡᠳᠦᠭᠡᠷ ᠹᠷᠤᠨᠲ ᠲᠤ ᠭᠠᠪᠰᠢᠭᠠᠢᠢᠯᠠᠨ ᠠᠵᠢᠯᠯᠠᠵᠤ᠂ ᠨᠠᠮ ᠤᠨ ᠭᠡᠰᠢᠭᠦᠨ ᠯᠢ ᠰᠢᠶᠤᠤ ᠴᠠᠭᠠᠨ ᠰᠠᠷ᠎ᠠ ᠶᠢᠨ ᠬᠤᠭᠤᠴᠠᠭᠠᠨ ᠳᠤ ᠬᠤᠷᠢᠮᠯᠠᠬᠤ ᠭᠡᠵᠤ ᠪᠠᠶᠢᠬᠰᠠᠨ ᠲᠦᠯᠦᠪᠯᠡᠭᠡ ᠪᠠᠨ ᠬᠤᠶᠢᠰᠢᠯᠠᠭᠤᠯᠵᠤ᠂ ᠰᠢᠨ᠎ᠡ ᠶᠢᠨ ᠲᠦᠷᠪᠡᠨ ᠳᠤ ᠬᠤᠶᠠᠷ ᠮᠢᠩᠭᠠᠨ ᠺᠢᠯᠤᠮᠧᠲᠷ ᠤᠨ ᠵᠠᠶᠢᠳᠠᠢ ᠨᠤᠳᠤᠭ ᠠᠴᠠ ᠪᠠᠨ ᠠᠵᠢᠯ ᠤᠨ ᠪᠠᠶᠢᠷᠢᠨ ᠳᠠᠭᠠᠨ ᠪᠤᠴᠠᠨ ᠢᠷᠠᠵᠤ ᠠᠵᠢᠯᠯᠠᠬᠤ ᠳᠤ ᠨᠠᠮ ᠤᠨ ᠭᠡᠰᠢᠭᠦᠨ ᠬᠤ᠋ ᠯᠸᠢ ᠲᠡᠭᠡᠷ᠎ᠡ ᠱᠠᠳᠤᠨ ᠤ ᠲᠤᠮᠢᠯᠠᠯᠳᠠ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠳᠤ ᠬᠦᠷᠴᠦ᠂ ᠪᠦᠬᠦ ᠤᠯᠤᠰ ᠤᠨ ᠡᠯ᠎ᠡ ᠭᠠᠵᠠᠷ ᠵᠢᠴᠢ ᠤᠯᠤᠰ ᠤᠨ ᠭᠠᠳᠠᠭᠠᠳᠤ ᠠᠴᠠ ᠢᠷᠡᠬᠦ ᠠᠶᠠᠨᠴᠢᠳ ᠤᠨ ᠬᠢᠵᠢᠭ ᠢ ᠪᠠᠶᠢᠴᠠᠭᠠᠬᠤ ᠠᠵᠢᠯ ᠳᠤ ᠤᠷᠤᠯᠴᠠᠵᠤ᠂ ᠡᠳᠦᠷ ᠪᠦᠷᠢ 58 ᠡᠭᠡᠯᠵᠢᠨ ᠤ ᠨᠢᠰᠭᠡᠯ ᠤᠨ ᠠᠶᠠᠨᠴᠢᠳ ᠤᠨ ᠪᠠᠶᠢᠴᠠᠭᠠᠯᠳᠠ ᠶᠢᠨ ᠡᠭᠦᠷᠭᠡ ᠶᠢ ᠭᠦᠢᠴᠡᠳᠭᠡᠨ᠂ ᠮᠠᠨ ᠤ ᠤᠷᠤᠨ ᠤ ᠬᠢᠵᠢᠭ ᠤᠨ ᠰᠡᠷᠭᠡᠶᠢᠯᠡᠯᠳᠡ ᠶᠢᠨ ᠠᠵᠢᠯ ᠳᠤ ᠬᠦᠴᠦᠨ ᠵᠢᠳᠭᠦᠯ ᠦᠵᠡᠭᠦᠯᠦᠭᠰᠡᠨ ᠪᠠᠶᠢᠨ᠎ᠠ᠃ ᠴᠡᠭᠡ ᠪᠤᠭᠤᠮᠳᠠ ᠨᠢ ᠮᠤᠩᠭᠤᠯ ᠤᠯᠤᠰ ᠲᠠᠢ ᠬᠦᠷᠰᠢᠯᠡᠨ ᠨᠡᠭᠡᠭᠡᠯᠳᠡ ᠬᠢᠵᠤ ᠪᠠᠶᠢᠳᠠᠭ ᠠᠴᠠ ᠬᠢᠯᠢ ᠶᠢᠨ ᠭᠠᠳᠠᠨ᠎ᠠ ᠠᠴᠠ ᠤᠷᠤᠬᠤ ᠪᠤᠳᠠᠰ ᠤᠨ ᠬᠢᠵᠢᠭ ᠤᠨ ᠪᠠᠶᠢᠴᠠᠭᠠᠯᠳᠠ ᠶᠢ ᠴᠢᠩᠭ᠎ᠠ ᠠᠳᠬᠤᠬᠤ ᠨᠢ ᠳᠠᠳᠠᠠ ᠤ ᠴᠢᠬᠤᠯᠠ ᠤᠯᠤᠰ ᠲᠦᠷᠦ ᠶᠢᠨ ᠡᠭᠦᠷᠭᠡ ᠪᠤᠯᠬᠤ ᠳᠤᠯᠠ ︽ᠬᠢᠵᠢᠭ ᠢ ᠰᠡᠷᠭᠡᠶᠢᠯᠡᠨ ᠬᠦᠭᠵᠢᠯᠳᠡ ᠶᠢ ᠪᠠᠳᠤᠯᠠᠬᠤ︾ ᠲᠤᠰᠬᠠᠢ ᠠᠩᠬᠢ ᠶᠢ ᠵᠤᠬᠢᠶᠠᠨ ᠪᠠᠶᠢᠭᠤᠯᠤᠠ᠂ ᠪᠤᠭᠤᠮᠳᠠ ᠪᠠᠷ ᠤᠷᠤᠵᠤ ᠭᠠᠷᠬᠤ ᠮᠤᠩᠭᠤᠯ ᠤᠯᠤᠰ ᠤᠨ ᠪᠠᠷᠠᠭᠠᠨ ᠤ ᠮᠠᠰᠢᠨ ᠲᠡᠷᠭᠡᠨ ᠤ ᠵᠢᠯᠤᠭᠤᠴᠢ ᠨᠠᠷ ᠲᠤ ᠪᠦᠬᠦ ᠲᠠᠯ᠎ᠠ ᠶᠢᠨ ᠪᠠᠶᠢᠴᠠᠭᠠᠯᠳᠠ ᠬᠢᠬᠦ ᠠᠵᠢᠯ ᠤᠨ ᠬᠠᠷᠠᠯᠳᠠ ᠶᠢ ᠲᠤᠬᠳᠠᠭᠠᠵᠤ ᠠᠵᠢᠯᠯᠠᠬᠰᠠᠨ ᠠᠴᠠ ᠤᠳᠤ ᠪᠤᠯᠳᠠᠯ᠎ᠠ ᠬᠢᠵᠢᠭ ᠤᠨ ᠬᠠᠯᠳᠠᠪᠤᠷᠢᠯᠠᠯᠳᠠ ᠶᠢ ᠪᠦᠳᠦᠮᠵᠢᠳᠠᠢ ᠬᠤᠷᠢᠬᠯᠠᠵᠤ᠂ ᠪᠦᠬᠦ ᠺᠠᠳ᠋ᠷ ᠠᠵᠢᠯᠳᠠᠨ ᠬᠢᠵᠢᠭ ᠲᠤ ᠦᠯᠦ ᠨᠡᠷᠪᠡᠭᠳᠡᠬᠦ ᠶᠢ ᠪᠠᠳᠤᠯᠠᠵᠤ ᠴᠢᠳᠠᠬᠰᠠᠨ ᠢᠶᠠᠷ ᠪᠠᠷᠠᠬᠤ ᠦᠭᠡᠢ ᠠᠵᠤ ᠠᠬᠤᠢᠢᠯᠠᠯ ᠤᠨ ᠪᠤᠭᠤᠮᠳᠠ ᠪᠠᠷ ᠤᠷᠤᠵᠤ ᠭᠠᠷᠬᠤ ᠪᠠᠷᠠᠭᠠᠨ ᠤ ᠠᠮᠤᠷ ᠲᠦᠪᠰᠢᠨ ᠳᠤ ᠪᠠᠳᠤᠯᠠᠭ᠎ᠠ ᠬᠠᠩᠭᠠᠵᠤ᠂ ᠠᠵᠤ ᠠᠬᠤᠢᠢᠯᠠᠯ ᠤᠨ ᠲᠤᠬᠳᠠᠭᠤᠨ ᠬᠦᠭᠵᠢᠯᠳᠡ ᠬᠢᠭᠡᠳ ᠪᠤᠭᠤᠮᠳᠠ ᠶᠢᠨ ᠠᠷᠠᠯᠵᠢᠶᠠᠨ ᠤ ᠬᠦᠭᠵᠢᠯᠳᠡ ᠶᠢ ᠪᠠᠳᠤᠯᠠᠬᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号