ᠠᠯᠠᠱᠠ ᠠᠶᠢᠮᠠᠭ ᠤᠨ ᠳᠡᠭᠡᠷ᠎ᠡ ᠬᠠᠭᠠᠰ ᠵᠢᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠡᠮᠬᠢ ᠵᠢᠷᠤᠮ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2021/8/2
     ᠡᠨᠡ ᠵᠢᠯ ᠤᠨ ᠲᠡᠬᠡᠷ᠎ᠠ ᠬᠠᠭᠠᠰ ᠵᠢᠯ ᠳᠤ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠨ᠎ᠠ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠠᠭᠠᠯᠠᠮᠵᠢᠲᠠᠶ ᠣᠷᠴᠢᠨ ᠨᠥᠬᠦᠴᠡᠯ ᠢ ᠪᠣᠶ ᠪᠣᠯᠭᠠᠵᠤ᠂ ᠪᠥᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠪᠡ᠃      ᠳᠡᠭᠡᠷ᠎ᠡ ᠬᠠᠭᠠᠰ ᠵᠢᠯ ᠳᠤ᠂ ᠮᠠᠨ ᠤ ᠠᠶᠢᠮᠠᠭ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠪᠠ ᠰᠢᠨ᠎ᠡ ᠪᠠᠷ ᠪᠠᠶᠢᠭᠤᠯᠬᠤ 21 ᠲᠥᠷᠥᠯ ᠵᠦᠢᠯ ᠢ ᠬᠡᠷᠡᠭᠵᠢᠭᠦᠯᠵᠦ᠂ ᠨᠠᠶᠢᠳᠠ 1 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠦ ᠪᠠᠶᠢᠭᠠᠳ ᠬᠠᠭᠤᠴᠢᠨ ᠬᠤᠷᠢᠶᠠᠯᠠᠯ ᠳᠤ 5 ᠴᠠᠬᠢᠯᠭᠠᠨ ᠱᠠᠲᠤ ᠤᠭᠰᠠᠷᠠᠨ᠂ ᠬᠠᠭᠤᠴᠢᠨ ᠬᠤᠷᠢᠶᠠᠯᠠᠯ ᠤᠨ ᠳᠣᠲᠣᠭᠠᠳᠤ ᠳᠠᠬᠢ ᠤᠰᠤ ᠬᠠᠨᠭ᠍ᠭᠠᠬᠤ᠂ ᠤᠰᠤ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ᠂ ᠪᠠᠶᠢᠭᠠᠯᠢ ᠶᠢᠨ ᠰᠢᠳᠠᠮᠠᠬᠠᠢ ᠬᠡᠶ ᠬᠠᠩᠭᠠᠬᠤ᠂ ᠭᠠᠯ ᠤᠨᠲᠠᠷᠠᠭᠠᠬᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠤᠷᠢᠯᠡᠬᠦ ᠵᠡᠷᠬᠡ ᠰᠠᠭᠤᠷᠢ ᠲᠥᠬᠦᠭᠡᠷᠦᠮᠵᠢ ᠶᠢ ᠲᠡᠬᠦᠯᠳᠡᠷᠵᠢᠬᠦᠯᠬᠦ ᠶᠢᠨ ᠬᠠᠮᠲᠦ᠂ ᠰᠠᠭᠤᠭᠠᠯᠢ ᠠᠷᠠᠳ ᠤᠨ ᠬᠦᠳᠡᠯᠬᠡᠬᠡᠨ ᠤ ᠲᠠᠰᠤᠭ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠵᠠᠰᠠᠨ ᠰᠢᠨᠡᠳᠬᠡᠬᠦ ᠪᠤᠶᠤ ᠰᠢᠨ᠎ᠠ ᠪᠠᠷ ᠲᠤᠬᠢᠷᠠᠭᠤᠯᠵᠠᠢ᠃ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ ᠪᠥᠬᠦ ᠠᠶᠢᠮᠠᠭ ᠤᠨ 2724 ᠡᠷᠦᠬᠡ ᠰᠠᠭᠤᠭᠠᠯᠢ ᠠᠷᠠᠳ ᠠᠰᠢᠭ ᠭᠥᠷᠳᠡᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢᠯᠡᠳᠲᠡ ᠳᠡᠭᠡᠭᠰᠢᠯᠠᠵᠠᠢ᠃      ᠡᠨᠡ ᠵᠢᠯ ᠤᠨ 4 ᠰᠠᠷ᠎ᠠ ᠠᠴᠠ ᠨᠠᠰᠢ᠂ ᠠᠯᠠᠱᠠ ᠵᠡᠭᠦᠨ ᠬᠤᠰᠢᠭᠤᠨ ᠤ ᠵᠠᠰᠠᠭ ᠤᠨ ᠤᠷᠳᠤᠨ ᠤ ᠬᠢᠨ ᠲᠤᠨᠤᠭ ᠲᠦᠬᠦᠬᠡᠷᠦᠮᠵᠢ ᠪᠦᠷᠢᠨ ᠪᠤᠰᠤ ᠣᠷᠣᠨ ᠰᠠᠭᠤᠴᠠ ᠪᠠ ᠳᠥᠭᠦᠮ ᠪᠦᠲᠦᠴᠡᠲᠦ ᠣᠷᠣᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠪᠥᠬᠦ ᠲᠠᠯ᠎ᠠ ᠪᠠᠷ ᠰᠡᠷᠭᠦᠭᠡᠵᠦ᠂ ᠤᠯᠠᠨ ᠲᠦᠮᠡᠨ ᠳᠤ ᠪᠤᠳᠠᠲᠦ ᠠᠰᠢᠭ ᠬᠦᠷᠳᠡᠬᠡᠵᠠᠢ᠃ ᠳᠡᠭᠡᠷ᠎ᠡ ᠬᠠᠭᠠᠰ ᠵᠢᠯ ᠳᠤ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2020 ᠣᠨ ᠤ 700 ᠢᠵᠢ ᠲᠥᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ ᠦᠷᠭᠦᠯᠵᠢᠯᠡᠨ ᠪᠥᠲᠥᠭᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠨᠢᠭᠡᠨᠲᠡ ᠪᠦᠬᠦᠨ ᠢ ᠠᠵᠢᠯ ᠰᠡᠷᠭᠦᠭᠡᠨ᠂ 1426 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ 2021 ᠣᠨ ᠳᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 560 ᠢᠵᠢ ᠬᠡᠷ ᠪᠠᠶᠢᠰᠢᠩ ᠢ ᠥᠭᠡᠷᠡᠴᠢᠯᠡᠨ ᠵᠠᠰᠠᠬᠤ ᠪᠠᠷ ᠲᠦᠰᠦᠪᠯᠡᠵᠦ᠂ 410 ᠲᠦᠷᠦᠯ ᠵᠦᠢᠯ ᠠᠵᠢᠯ ᠢᠶᠠᠨ ᠡᠬᠢᠯᠡᠬᠦᠯᠦᠨ᠂ 790 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃      ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ 3 ᠵᠢᠯ ᠤᠨ ᠠᠵᠢᠯᠯᠠᠭ᠎ᠠ ᠶᠢ ᠬᠡᠷᠡᠭᠵᠢᠬᠦᠯᠦᠭᠰᠡᠨ ᠠᠴᠠ ᠨᠠᠰᠢ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠳᠦᠯᠲᠡᠶ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠬᠡᠢ ᠰᠢᠢᠳᠪᠦᠷᠢᠯᠡᠬᠦ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ ᠭᠠᠴᠠᠭ᠎ᠠ ᠲᠤᠰᠬᠤᠨ ᠳᠤ ᠲᠤᠰᠬᠠᠢ ᠬᠤᠭ ᠨᠤᠪᠰᠢ ᠰᠢᠢᠳᠪᠤᠷᠢᠯᠡᠬᠦ ᠲᠤᠨᠤᠭ ᠲᠦᠬᠦᠬᠡᠷᠦᠮᠵᠢ ᠶᠢ ᠤᠭᠰᠠᠷᠠᠵᠠᠢ᠃ ᠣᠳᠤ ᠪᠣᠯᠲᠠᠯ᠎ᠠ᠂ ᠪᠥᠬᠦ ᠠᠶᠢᠮᠠᠭ ᠤᠨ 200 ᠭᠠᠴᠠᠭ᠎ᠠ ᠲᠣᠰᠬᠤᠨ ᠤ 98 ᠭᠠᠴᠠᠭ᠎ᠠ ᠲᠣᠰᠬᠤᠨ ᠳᠤ ᠨᠢᠬᠡᠨᠳᠠ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠬᠡᠢ ᠰᠢᠢᠳᠪᠦᠷᠢᠯᠡᠬᠦ ᠰᠢᠰᠲ᠋ᠧᠮ ᠢ ᠪᠦᠷᠢᠯᠳᠤᠬᠦᠯᠦᠭᠰᠠᠨ ᠪᠠᠶᠢᠨ᠎ᠠ᠃      ᠪᠦᠷᠢᠳᠬᠡᠯ ᠢ ᠦᠨᠳᠦᠰᠦᠯᠠᠪᠠᠯ᠂ 2021 ᠤᠨ ᠳᠤ ᠮᠠᠨ ᠤ ᠠᠶᠢᠮᠠᠭ ᠬᠤᠲᠠ ᠶᠢᠨ ᠭᠤᠤᠯᠳᠠᠯᠭᠠᠲᠦ ᠪᠥᠲᠥᠭᠡᠨ ᠪᠠᠶᠢᠭᠤᠯᠤᠯᠲᠠ ᠶᠢᠨ 10 ᠲᠥᠷᠥᠯ ᠵᠦᠢᠯ ᠢ ᠬᠡᠷᠡᠭᠵᠢᠬᠦᠯᠬᠦ ᠪᠠᠷ ᠲᠦᠰᠦᠪᠯᠡᠵᠦ᠂ ᠣᠲᠣ ᠨᠢᠭᠡᠨᠲᠡ 8 ᠵᠦᠢᠯ ᠠᠵᠢᠯ ᠡᠬᠢᠯᠡᠨ᠂ 4.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ︔ ᠪᠥᠬᠦ ᠠᠶᠢᠮᠠᠭ ᠤᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢ ᠨᠡᠶᠢᠲᠡ 2.46 ᠳ᠋ᠦᠩᠰᠢᠭᠤᠷ ᠲᠥᠭᠦᠷᠢᠭ ᠴᠤᠭᠯᠠᠭᠤᠯᠵᠠᠶ︔ ᠨᠠᠶᠢᠳᠠ 1.91 ᠳ᠋ᠦᠡᠭᠰᠢᠭᠤᠷ ᠲᠦᠬᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠲᠠᠷᠬᠠᠭᠠᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号