ᠰᠠᠶ᠋ᠢ ᠲᠥᠷᠥᠭᠰᠡᠨ ᠬᠡᠦᠬᠡᠳ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠲᠠᠷᠠ ᠲᠤᠤᠷ᠎ᠠ ᠨᠢ ᠬᠦᠢᠴᠡᠳᠬᠡᠨ ᠪᠡᠶᠡᠯᠡᠬᠦᠯᠵᠦ ᠪᠤᠯᠬᠤ ᠪᠤᠯᠤᠯ᠎ᠠ
ᠨᠡᠶᠢᠲᠡᠯᠡᠭᠰᠡᠨ ᠴᠠᠭ᠄
2021/8/2
      ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠦᠢᠯᠡᠴᠢᠯᠡᠭᠡ ᠪᠠᠨ ᠰᠢᠯᠢᠳᠡᠭᠵᠢᠬᠦᠯᠦᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠨ᠎ᠠ︾ ᠦᠢᠯᠡᠳᠦᠯᠬᠡ ᠪᠤᠯᠤᠨ ᠵᠠᠰᠠᠭ ᠤᠨ ᠶᠠᠪᠤᠳᠠᠯ ᠤᠨ ᠴᠢᠨᠠᠷ ᠰᠠᠶᠢᠲᠠᠶ ᠦᠢᠯᠡᠴᠢᠯᠡᠭᠡ ᠶᠢ ᠬᠦᠨᠵᠡᠬᠡᠶᠢᠷᠡᠬᠦᠯᠬᠦ ᠶᠢᠨ ᠲᠤᠰᠠᠳᠠ᠂ ᠠᠯᠠᠱᠠ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠰᠠᠶ᠋ᠢ ᠲᠥᠷᠥᠭᠰᠡᠨ ᠬᠡᠦᠬᠡᠳ ᠤᠨ ᠬᠡᠷ ᠤᠨ ᠠᠬᠠᠮᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠲᠤᠬᠢᠷᠠᠭᠤᠯᠵᠦ᠂ ︽ᠨᠢᠭᠡ ᠥᠷᠲᠡᠭᠡᠴᠢᠯᠡᠭᠰᠡᠨ︾ ᠬᠡᠯᠪᠡᠷᠢ ᠪᠠᠷ ᠰᠠᠶ᠋ᠢ ᠲᠥᠷᠥᠭᠰᠡᠨ ᠬᠡᠦᠬᠡᠳ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠲᠡᠷᠡ ᠲᠤᠤᠷ᠎ᠠ ᠨᠢ ᠭᠦᠢᠴᠡᠳᠬᠡᠨ ᠪᠡᠶᠡᠯᠡᠬᠦᠯᠵᠦ ᠪᠤᠯᠬᠤ ᠪᠤᠯᠤᠭᠰᠠᠨ ᠪᠠᠶᠢᠨ᠎ᠠ᠃       ᠤᠢᠢᠷ᠎ᠠ ᠶᠢᠨ ᠡᠳᠦᠷ᠂ ᠰᠤᠷᠪᠤᠯᠵᠢᠯᠠᠭᠴᠢ ᠠᠯᠠᠱᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠭᠠᠷᠳᠠᠮ ᠭᠦᠢᠴᠡᠳᠬᠡᠬᠦ ᠴᠣᠩᠬᠤᠪᠴᠢ ᠳᠤ ᠬᠦᠷᠬᠦ ᠳᠤ᠂ ᠠᠵᠢᠯᠲᠠᠨ ᠶᠠᠭ ᠨᠢᠭᠡ ᠬᠡᠦᠬᠡᠳ ᠤᠨ ᠬᠡᠷᠡᠯ ᠵᠢᠷᠤᠭ᠂ ᠮᠡᠳᠡᠭᠡ ᠵᠠᠩᠭᠢ ᠴᠤᠭᠯᠠᠭᠤᠯᠬᠤ᠂ ᠬᠡᠷᠡᠯ ᠵᠢᠷᠤᠭ ᠳᠠᠮᠵᠢᠭᠤᠯᠬᠤ᠂ ᠺᠠᠷᠲ ᠵᠣᠬᠢᠶᠠᠬᠤ ᠵᠡᠷᠬᠡ ᠶᠠᠪᠤᠴᠠ ᠶᠢ ᠨᠢᠭᠡ ᠯᠡ ᠤᠳᠠᠭ᠎ᠠ ᠲᠡᠬᠡᠷ᠎ᠠ ᠭᠦᠢᠴᠡᠳᠬᠡᠵᠦ᠂ ᠰᠠᠭᠤᠭᠠᠯᠢ ᠠᠷᠠᠳ ᠲᠤ ︽ᠨᠢᠭᠡ ᠥᠷᠲᠡᠭᠡᠴᠢᠯᠡᠭᠰᠡᠨ︾ ᠬᠡᠯᠪᠡᠷᠢ ᠶᠢᠨ ᠦᠢᠯᠡᠴᠢᠯᠡᠭᠡᠨ ᠤ ᠲᠥᠬᠦᠮ ᠨᠥᠬᠦᠴᠡᠯ ᠢ ᠮᠡᠳᠡᠷᠡᠭᠦᠯᠪᠡ᠃ ︽ᠮᠢᠨᠦ ᠬᠦᠦ ᠡᠨᠡ ᠵᠢᠯ 2 ᠨᠠᠰᠤᠲᠠᠶ᠂ ᠣᠷᠴᠢᠮᠬᠠᠨ ᠰᠠᠶ᠋ᠢ ᠲᠥᠷᠥᠭᠰᠡᠨ ᠬᠡᠦᠬᠡᠳ ᠪᠠᠰᠠ ᠨᠡᠶᠢᠭᠡᠮ ᠤᠨ ᠪᠠᠲᠤᠯᠠᠭ᠎ᠠ ᠶᠢᠨ ᠺᠠᠷᠲ ᠠᠪᠴᠤ ᠪᠣᠯᠬᠤ ᠶᠢ ᠰᠣᠨᠣᠰᠤᠭᠠᠳ ᠠᠵᠢᠯ ᠶᠠᠪᠤᠳᠠᠯ ᠢᠶᠠᠨ ᠪᠡᠶᠡᠯᠡᠬᠦᠯᠬᠦ ᠪᠠᠷ ᠢᠷᠡᠵᠠᠢ᠃ ᠪᠡᠶᠡᠯᠡᠬᠦᠯᠬᠦ ᠶᠠᠪᠤᠴᠠ ᠡᠶᠢᠮᠦ ᠬᠤᠷᠳᠤᠨ ᠭᠡᠵᠦ ᠪᠣᠳᠣᠵᠤ ᠣᠯᠤᠭᠰᠠᠨ ᠦᠭᠡᠢ᠂ ᠠᠷᠪᠠᠭᠠᠳ ᠮᠢᠨᠦ᠋ᠲ ᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠪᠡᠶᠡᠯᠡᠬᠦᠯᠦᠬᠡᠳ ᠠᠪᠴᠠᠢ︾ ᠭᠡᠵᠦ ᠨᠢᠯᠬ᠎ᠠ ᠬᠡᠦᠬᠡᠳ ᠤᠨ ᠨᠡᠶᠢᠭᠡᠮ ᠤᠨ ᠳᠠᠭᠠᠳᠬᠠᠯ ᠤᠨ ᠺᠠᠷᠲ ᠪᠡᠶᠡᠯᠡᠬᠦᠯᠵᠦ ᠪᠠᠶᠢᠭ᠎ᠠ ᠫᠠᠨ ᠠᠪᠤᠭᠠᠶ ᠶᠡᠷᠢᠵᠦ ᠪᠠᠶᠢᠯ᠎ᠠ᠃       ᠠᠯᠠᠱᠠ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠯᠢ ᠬᠠᠶ ᠹᠧᠩ᠂ ᠤᠤᠯ ᠳᠠᠭᠠᠨ ᠰᠠᠶ᠋ᠢ ᠲᠥᠷᠥᠭᠰᠡᠨ ᠬᠡᠦᠬᠡᠳ ᠨᠡᠶᠢᠭᠡᠮ ᠤᠨ ᠪᠠᠲᠤᠯᠠᠭ᠎ᠠ ᠶᠢᠨ ᠺᠠᠷᠲ ᠠᠪᠴᠤ ᠳᠡᠶᠢᠯᠬᠦ ᠥᠬᠡᠶ ᠪᠠᠶᠢᠪᠠ᠂ ᠣᠲᠣ ᠦᠢᠯᠡᠴᠢᠯᠡᠭᠡᠨ ᠤ ᠠᠯᠬᠤᠮ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠠᠷ ᠳᠠᠮᠵᠢᠨ᠂ ᠰᠠᠶ᠋ᠢ ᠲᠥᠷᠥᠭᠰᠡᠨ ᠬᠡᠦᠬᠡᠳ ᠨᠠᠶᠢᠬᠡᠮ ᠤᠨ ᠪᠠᠳᠤᠯᠠᠭ᠎ᠠ ᠶᠢᠨ ᠺᠠᠷᠲ ᠢᠶᠠᠨ ᠴᠠᠭ ᠲᠤᠬᠠᠶ ᠳᠤᠨᠢ ᠠᠪᠴᠤ ᠪᠣᠯᠬᠤ ᠪᠣᠯᠵᠣ᠂ ᠰᠠᠶ᠋ᠢ ᠲᠥᠷᠥᠭᠰᠡᠨ ᠬᠡᠦᠬᠡᠳ ᠤᠨ ᠰᠢᠭᠤᠳ ᠡᠮᠴᠢᠯᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠪᠡᠶᠡᠯᠡᠭᠦᠯᠵᠠᠢ᠃ ᠰᠠᠶ᠋ᠢ ᠲᠥᠷᠥᠭᠰᠡᠨ ᠬᠡᠦᠬᠡᠳ ᠡᠷᠦᠬᠡ ᠠᠮᠠ ᠶᠢᠨ ᠲᠠᠩᠰᠠᠨ ᠳᠤ ᠤᠷᠤᠭᠰᠠᠨ ᠤ ᠳᠠᠷᠠᠭ᠎ᠠ ᠥᠪᠡᠷ ᠤᠨ ᠪᠡᠶ᠎ᠡ ᠶᠢᠨ ᠦᠨᠡᠮᠯᠡᠯ ᠤᠨ ᠨᠣᠮᠧᠷ ᠲᠠᠢ ᠪᠣᠯ ᠳᠠᠷᠤᠶ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠭᠦᠢᠴᠡᠳᠬᠡᠵᠦ ᠪᠣᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠺᠠᠷᠲ ᠠᠪᠬᠤ ᠳᠤ ᠡᠴᠢᠭᠡ ᠡᠬᠡ ᠨᠢ ᠰᠠᠶ᠋ᠢ ᠲᠥᠷᠥᠭᠰᠡᠨ ᠬᠡᠦᠬᠡᠳ ᠤᠨ ᠡᠷᠦᠬᠡ ᠠᠮᠠ ᠶᠢᠨ ᠳᠡᠪᠲᠡᠷ᠂ ᠲᠥᠷᠥᠭᠰᠡᠨ ᠭᠡᠷᠡᠴᠢ ᠪᠠᠨ ᠭᠠᠷᠳᠠᠭᠠᠳ ᠬᠤᠯᠪᠤᠭᠳᠠᠯ ᠪᠦᠬᠦᠢ ᠶᠠᠪᠤᠴᠠ ᠶᠢ ᠪᠡᠶᠡᠯᠡᠬᠦᠯᠬᠦ ᠬᠡᠷᠡᠭᠳᠡᠢ ᠬᠡᠵᠦ ᠪᠠᠶᠢᠪᠠ᠃ ᠨᠢᠯᠬ᠎ᠠ ᠬᠡᠦᠬᠡᠳ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠪᠣᠯᠪᠠᠯ᠂ ᠤᠨᠳᠤᠤ ᠭᠠᠵᠠᠷ ᠲᠤ ᠡᠮᠨᠡᠭᠦᠯᠦᠭᠰᠡᠨ ᠴᠦ ᠰᠢᠭᠤᠳ ᠲᠠᠩᠰᠠ ᠳᠡᠶᠢᠯᠵᠦ ᠪᠣᠯᠤᠨ᠎ᠠ᠃       ᠣᠳᠣᠬᠠᠨ ᠳᠤ᠂ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠠᠪᠴᠤ ᠪᠣᠯᠬᠤ ᠠᠴᠠ ᠭᠠᠳᠠᠨ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠠᠯᠠᠱᠠ ᠵᠡᠭᠦᠨ ᠬᠤᠰᠢᠭᠤᠨ ᠤ ᠡᠯ᠎ᠡ ᠡᠵᠡᠩᠨᠡᠯᠲᠡ ᠶᠢᠨ ᠴᠡᠭ᠂ ᠠᠯᠠᠱᠠ ᠵᠡᠭᠦᠨ ᠬᠤᠰᠢᠭᠤᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠭᠤᠷᠪᠠᠳᠤᠭᠠᠷ ᠵᠠᠮ ᠤᠰᠤᠨ ᠬᠦᠬᠦᠷᠬᠡ ᠶᠢᠨ ᠰᠠᠯᠪᠤᠷᠢ ᠪᠠᠩᠬᠢ᠂ ᠬᠤᠶᠠᠷᠬᠤᠳᠳᠤᠭ ᠤᠨ ᠬᠦᠳᠡᠭᠡ ᠶᠢᠨ ᠰᠠᠯᠪᠤᠷᠢ ᠪᠠᠩᠬᠢ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠠᠯᠠᠱᠠ ᠵᠡᠭᠦᠨ ᠬᠤᠰᠢᠭᠤᠨ ᠤ ᠡᠯ᠎ᠡ ᠡᠵᠡᠩᠨᠡᠯᠲᠡ ᠶᠢᠨ ᠴᠡᠭ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠰᠢᠨᠬᠤᠸᠠ ᠵᠡᠭᠡᠯᠢ ᠶᠢᠨ ᠡᠵᠡᠩᠨᠡᠯᠲᠡ ᠶᠢᠨ ᠴᠡᠭ᠂ ᠡᠮᠦᠨ᠎ᠡ ᠰᠢᠯᠢ ᠵᠡᠭᠡᠯᠢ ᠶᠢᠨ ᠡᠵᠡᠩᠨᠡᠯᠲᠡ ᠶᠢᠨ ᠴᠡᠭ᠂ ᠲᠣᠷᠭᠤᠳ ᠵᠠᠮ ᠤᠨ ᠡᠵᠡᠩᠨᠡᠯᠲᠡ ᠶᠢᠨ ᠴᠡᠭ᠂ ᠵᠢᠷᠠᠨᠳᠠᠢ ᠵᠠᠮ ᠤᠨ ᠡᠵᠡᠩᠨᠡᠯᠲᠡ ᠶᠢᠨ ᠴᠡᠭ ᠲᠤ ᠬᠦᠷᠴᠦ ᠭᠦᠢᠴᠡᠳᠬᠡᠵᠦ ᠪᠣᠯᠤᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号