ᠡᠲᠡᠭᠡᠷ ᠦᠢᠯᠡ ᠠᠵᠢᠯᠯᠠᠭ᠎ᠠ ᠶᠢ ᠰᠤᠷᠭᠠᠨ ᠬᠥᠮᠦᠵᠢᠯ ᠤᠨ ᠶᠠᠮᠤᠨ ᠤ ᠬᠢᠨ ︽ᠥᠴᠦᠬᠡᠨ ᠴᠦ ᠠᠭᠤᠴᠢᠯᠠᠬᠤ ᠥᠬᠡᠶ︾
ᠨᠡᠶᠢᠲᠡᠯᠡᠭᠰᠡᠨ ᠴᠠᠭ᠄
2021/8/2
     ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠲᠦᠷᠦᠭᠦᠬᠡᠨ ︽ᠳᠤᠮᠳᠠᠳᠤ ᠪᠠᠭ᠎ᠠ ᠰᠤᠷᠭᠠᠭᠤᠯᠢ ᠶᠢᠨ ᠰᠦᠢᠳᠭᠡᠯ ᠬᠤᠷᠢᠶᠠᠵᠤ ᠬᠢᠴᠢᠶᠡᠯ ᠨᠦᠬᠦᠬᠦ ᠪᠠ ᠪᠠᠭᠰᠢ ᠶᠢᠨ ᠲᠣᠭᠲᠠᠭᠠᠯ ᠢ ᠵᠥᠷᠢᠴᠡᠨ ᠪᠡᠯᠡᠭ ᠰᠡᠯᠲᠡ ᠪᠡᠯᠡᠭ ᠤᠨ ᠮᠦᠡᠭᠭᠦ ᠭᠥᠯᠢᠶᠡᠨ ᠠᠪᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠬᠦ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠳᠤ ᠬᠠᠨᠳᠤᠭᠤᠯᠤᠨ ᠰᠦᠢᠳᠭᠡᠯ ᠬᠤᠷᠢᠶᠠᠵᠤ ᠬᠢᠴᠢᠶᠡᠯ ᠨᠦᠬᠦᠬᠦ ᠪᠠ ᠲᠣᠭᠲᠠᠭᠠᠯ ᠢ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠭᠥᠯᠢᠶᠡᠨ ᠠᠪᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠶᠢᠰᠦᠨ ᠰᠠᠷ᠎ᠠ ᠶᠢᠨ ᠬᠤᠭᠤᠴᠠᠭ᠎ᠠ ᠲᠠᠢ ᠦᠷᠨᠢᠬᠦᠯᠦᠨ᠎ᠡ ᠬᠡᠪᠡ᠃ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠢᠶᠠᠷ ᠳᠠᠮᠵᠢᠭᠤᠯᠤᠨ᠂ ᠡᠯ᠎ᠡ ᠭᠠᠵᠠᠷ ᠤᠨ ᠬᠢᠨ ᠥᠪᠡᠷ ᠢ ᠪᠠᠨ ᠪᠠᠶᠢᠴᠠᠭᠠᠵᠤ ᠥᠪᠡᠷ ᠢᠶᠠᠨ ᠬᠠᠯᠠᠨ ᠰᠠᠶᠢᠵᠢᠷᠠᠭᠤᠯᠵᠤ᠂ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ ᠡᠬᠡ ᠲᠠᠩᠰᠠ ᠪᠠᠶᠢᠭᠤᠯᠵᠤ᠂ ᠪᠠᠶᠢᠴᠠᠭᠠᠨ ᠳᠣᠲᠣᠯᠠᠭᠰᠠᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠪᠠᠭᠰᠢ ᠰᠣᠷᠣᠭᠴᠢ ᠣᠯᠠᠨ ᠲᠦᠮᠡᠨ ᠤ ᠲᠤᠰᠬᠠᠯ ᠴᠢᠩᠭ᠎ᠠ᠂ ᠨᠥᠯᠥᠭᠡ ᠪᠠᠷ ᠮᠠᠭᠤ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠴᠥᠬᠦᠷᠡᠰᠢ ᠥᠬᠡᠶ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠰᠤᠷᠭᠠᠨ ᠬᠥᠮᠦᠵᠢᠯ ᠤᠨ ᠶᠠᠮᠤᠨ ᠤ ᠬᠢᠨ ᠪᠠᠭᠰᠢ ᠶᠢᠨ ︽ᠬᠢᠴᠢᠶᠡᠯ ᠳᠡᠭᠡᠷ᠎ᠡ ᠬᠢᠴᠢᠶᠡᠯ ᠢᠶᠠᠨ ᠰᠠᠶᠢᠨ ᠣᠷᠣᠬᠤ ᠥᠬᠡᠶ ᠬᠢᠴᠢᠶᠡᠯ ᠪᠠᠭᠤᠭᠠᠳ ᠨᠦᠬᠦᠬᠦ︾᠂ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠵᠤ ᠡᠷᠭᠢᠯᠡᠬᠦ︾᠂ ︽ᠬᠡᠷ ᠤᠨ ᠠᠬᠠᠮᠠᠳ ᠲᠠᠢ ᠠᠰᠢᠭ ᠲᠤᠰᠠ ᠶᠢᠨ ᠰᠣᠯᠢᠯᠴᠠᠭ᠎ᠠ ᠬᠢᠬᠦ︾ ᠵᠡᠷᠭᠡ ᠠᠵᠢᠯᠯᠠᠭ᠎ᠠ ᠳᠤ ︽ᠥᠴᠦᠬᠡᠨ ᠴᠦ ᠠᠭᠤᠴᠢᠯᠠᠬᠤ ᠥᠬᠡᠶ︾ ᠣᠪᠣᠷ ᠠᠪᠤᠨ᠎ᠠ ᠬᠡᠵᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号