ᠢᠰᠡᠭᠡᠢ ᠤᠷᠠᠯᠠᠯ ᠪᠠ ᠳᠡᠭᠡᠰᠦᠨ ᠡᠳ᠋ᠯᠡᠯ ᠤᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2021/8/20
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢᠨ ᠥᠯᠵᠡᠶᠢᠲᠦ ᠲᠣᠬᠢᠶᠠᠯ ᠢᠶᠠᠷ᠂ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠡᠵᠡᠨ᠎ᠡ ᠬᠤᠰᠢᠭᠤᠨ ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠬᠢᠯᠡᠵᠦ᠂ ᠰᠠᠷᠠᠨᠭᠡᠷᠡᠯ ᠤᠨ ᠢᠰᠡᠭᠡᠢ ᠭᠠᠷ ᠤᠷᠠᠯᠠᠯ ᠤᠨ ᠠᠵᠢᠯᠯᠠᠬᠤ ᠥᠷᠥᠭᠡ ᠠᠴᠠ ᠭᠤᠣᠯᠯᠠᠨ ᠡᠷᠬᠢᠯᠡᠭᠰᠡᠨ ᠣᠷᠣᠨ ᠨᠤᠲᠤᠭ ᠤᠨ ᠣᠨᠴᠠᠯᠢᠭᠲᠤ ᠤᠯᠠᠮᠵᠢᠯᠠᠯᠲᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠬᠤ᠂ ᠨᠡᠩ ᠴᠤ ᠢᠰᠡᠭᠡᠢ ᠬᠢᠭᠡᠳ ᠳᠡᠭᠡᠰᠦᠨ ᠤ ᠭᠠᠷ ᠤᠷᠠᠯᠠᠯ ᠤᠨ ᠦᠢᠯᠡᠰ ᠢ ᠤᠯᠠᠮ ᠨᠢᠭᠡ ᠠᠯᠬᠤᠮ ᠬᠥᠭᠵᠢᠭᠦᠯᠦᠨ ᠳᠡᠯᠭᠡᠷᠡᠭᠦᠯᠬᠦ ᠪᠠᠷ ᠵᠣᠷᠢᠯᠭ᠎ᠠ ᠪᠣᠯᠭᠠᠭᠰᠠᠨ ᠪᠦᠬᠦ ᠣᠷᠣᠨ ᠤ ᠬᠤᠶᠠᠳᠠᠭᠴᠢ ᠤᠳᠠᠭᠠᠨ ᠤ ᠢᠰᠡᠭᠡᠢ ᠤᠷᠠᠯᠠᠯ ᠳᠡᠭᠡᠰᠦᠨ ᠡᠳ᠋ᠯᠡᠯ ᠤᠨ ᠪᠦᠲᠦᠭᠡᠯ ᠤᠨ ᠤᠷᠤᠯᠳᠤᠭᠠᠨ ᠪᠠ ᠦᠵᠡᠬᠦᠯᠦᠯᠭᠡ 8 ᠰᠠᠷ᠎ᠠ ᠶᠢᠨ 17 ᠤ ᠡᠳᠦᠷ ᠳᠠᠯᠠᠶᠢᠬᠦ᠋ᠪ ᠪᠠᠯᠭᠠᠰᠤᠠ ᠳᠤ ᠲᠡᠭᠦᠰ ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃      ᠰᠠᠷᠠᠨᠭᠡᠷᠡᠯ ᠤᠷᠤᠯᠳᠤᠭᠠᠨ ᠤ ᠮᠡᠳᠡᠭᠳᠡᠯ ᠢᠶᠠᠨ ᠵᠢᠷᠭᠤᠭᠠᠨ ᠰᠠᠷ᠎ᠠ ᠶᠢᠨ ᠬᠤᠷᠢᠳ ᠢᠶᠠᠷ ᠨᠠᠶᠢᠳᠠᠯᠠᠵᠤ᠂ ᠬᠤᠶᠠᠷ ᠰᠠᠷ᠎ᠠ ᠬᠢᠷᠢᠲᠡᠢ ᠬᠤᠭᠤᠴᠠᠭᠠᠨ ᠳᠤ ᠬᠥᠯᠥᠨ ᠪᠤᠶᠢᠷ᠂ ᠰᠢᠯᠢ ᠶᠢᠨ ᠭᠤᠤᠯ᠂ ᠪᠠᠶᠠᠨᠨᠠᠭᠤᠷ᠂ ᠣᠷᠳᠣᠰ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ ᠵᠡᠷᠭᠡ ᠭᠠᠵᠠᠷ ᠤᠳ ᠠᠴᠠ ᠨᠤᠲᠤᠭ ᠨᠤᠲᠤᠭ ᠤᠨ ᠣᠨᠴᠠᠯᠢᠭ ᠢ ᠬᠠᠷᠠᠭᠤᠯᠤᠭᠰᠠᠨ ᠨᠡᠶᠢᠲᠡ 200 ᠭᠠᠷᠤᠢ ᠪᠦᠲᠦᠭᠡᠯ ᠡᠯᠰᠡᠵᠦ᠂ ᠠᠩᠬᠠᠨ ᠤ ᠰᠢᠭᠰᠢᠯᠲᠡ᠂ ᠰᠢᠭᠦᠭᠴᠢ ᠶᠢᠨ ᠬᠤᠪᠢ ᠥᠭᠭᠦᠯᠲᠡ᠂ ᠦᠵᠡᠭᠴᠢᠳ ᠣᠯᠠᠨ ᠤ ᠤᠷᠮ᠎ᠠ ᠬᠠᠶᠢᠷᠠᠯᠠᠭᠰᠠᠨ ᠪᠠᠶᠢᠳᠠᠯ ᠵᠡᠷᠭᠡ ᠭᠤᠷᠪᠠᠨ ᠶᠠᠪᠤᠴᠠ ᠪᠠᠷ ᠨᠡᠶᠢᠲᠡ 22 ᠪᠦᠲᠦᠭᠡᠯ ᠢ ᠰᠢᠯᠭᠠᠷᠠᠭᠤᠯᠤᠨ ᠬᠥᠬᠢᠭᠦᠯᠬᠦ ᠪᠠᠷ ᠪᠣᠯᠣᠭᠰᠠᠨ ᠪᠠᠶᠢᠨ᠎ᠠ᠃ ᠤᠷᠤᠯᠳᠤᠭᠠᠨ ᠳᠤ ᠡᠷᠬᠡ ᠲᠡᠭᠰᠢ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠲᠤᠰᠬᠠᠢ ᠬᠢᠨᠠᠨ ᠰᠢᠯᠭᠠᠷᠠᠭᠤᠯᠬᠤ ᠬᠥᠮᠦᠰ ᠢ ᠤᠷᠢᠵᠠᠢ᠃ ᠲᠡᠷᠡᠴᠢᠯᠡᠨ ᠤᠷᠤᠯᠳᠤᠭᠠᠨ ᠳᠤ ᠵᠥᠪᠬᠡᠨ ᠲᠠᠪᠤᠨ ᠬᠤᠰᠢᠭᠤ ᠮᠠᠯ ᠤᠨ ᠨᠣᠣᠰᠣ ᠪᠣᠯᠤᠨ ᠠᠰᠢᠭ ᠰᠢᠮ᠎ᠡ ᠶᠢᠨ ᠭᠠᠷᠤᠯᠲᠠ ᠪᠠᠷ ᠪᠦᠲᠦᠭᠡᠭᠰᠡᠨ ᠭᠠᠷ ᠤᠷᠠᠯᠠᠯ ᠤᠨ ᠰᠢᠨ᠎ᠡ ᠪᠦᠲᠦᠭᠡᠯ ᠪᠠᠶᠢᠬᠤ ᠶᠢ ᠴᠢᠩᠭ᠎ᠠ ᠱᠠᠭᠠᠷᠳᠠᠵᠤ᠂ ᠣᠶᠣᠳᠠᠯᠴᠢᠳ ᠤᠨ ᠤᠷ᠎ᠠ ᠤᠬᠠᠭᠠᠨ ᠬᠥᠳᠡᠯᠮᠦᠷᠢ ᠶᠢᠨ ᠦᠨ᠎ᠡ ᠴᠠᠨ᠎ᠠ ᠶᠢ ᠲᠣᠪᠤᠶᠢᠯᠭᠠᠬᠤ ᠶᠢᠨ ᠲᠤᠰᠠᠳᠠ ᠤᠷᠤᠯᠳᠤᠭᠠᠨ ᠤ ᠪᠦᠲᠦᠭᠡᠯ ᠢ ᠤᠯᠠᠮᠵᠢᠯᠠᠯᠲᠤ ᠠᠷᠭ᠎ᠠ ᠪᠠᠷ ᠤᠷᠠᠯᠠᠬᠤ ᠶᠢ ᠪᠠᠷᠢᠮᠲᠠᠯᠠᠠ᠂ ᠰᠢᠨᠡᠴᠢᠯᠡᠯᠲᠡ ᠶᠢᠨ ᠮᠡᠷᠭᠡᠵᠢᠯ ᠢ ᠬᠦᠨᠳᠦᠳᠬᠡᠬᠦ ᠪᠠᠷ ᠪᠠᠷᠢᠮᠵᠢᠶ᠎ᠠ ᠪᠣᠯᠭᠠᠭᠰᠠᠨ ᠪᠠᠶᠢᠨ᠎ᠠ᠃      ᠰᠠᠷᠠᠨᠭᠡᠷᠡᠯ ᠤᠷᠤᠯᠳᠤᠭᠠᠨ ᠡᠷᠬᠢᠯᠡᠭᠰᠡᠨ ᠲᠤᠬᠠᠢ᠄ ︽ᠤᠯᠠᠮᠵᠢᠯᠠᠯᠲᠤ ᠰᠣᠶᠣᠯ ᠢᠶᠠᠨ ᠵᠠᠯᠭᠠᠮᠵᠢᠯᠠᠨ᠂ ᠤᠷ᠎ᠠ ᠮᠡᠷᠭᠡᠵᠢᠯ ᠢᠶᠠᠨ ᠰᠢᠯᠭᠠᠷᠠᠭᠤᠯᠵᠤ᠂ ᠰᠢᠨ᠎ᠡ ᠠᠷᠭ᠎ᠠ ᠲᠤᠷᠰᠢᠯᠭ᠎ᠠ ᠪᠠᠨ ᠰᠣᠯᠢᠯᠴᠠᠨ᠂ ᠴᠢᠨᠠᠭᠰᠢᠳᠠ ᠤᠯᠠᠮᠵᠢᠯᠠᠨ ᠬᠥᠭᠵᠢᠭᠦᠯᠬᠦ᠂ ᠤᠬᠠᠭᠤᠯᠤᠨ ᠳᠡᠯᠭᠡᠷᠡᠭᠦᠯᠬᠦ ᠶᠢᠨ ᠡᠭᠦᠳᠡᠨ ᠠᠴᠠ ᠡᠨᠡᠬᠦ ᠤᠷᠤᠯᠳᠤᠭᠠᠨ ᠢ ᠡᠷᠬᠢᠯᠡᠨ ᠶᠠᠪᠤᠭᠳᠠᠭᠤᠯᠤᠬᠰᠠᠠ ᠶᠤᠮ᠃ ᠤᠯᠠᠨ ᠤ ᠪᠤᠶᠠᠨ ᠢᠶᠠᠷ ᠤᠷᠤᠯᠳᠤᠭᠠᠨ ᠮᠠᠨᠢ ᠲᠤᠩ ᠰᠠᠶᠢᠬᠠᠨ ᠶᠠᠪᠤᠭᠳᠠᠯ᠎ᠠ︾ ᠭᠡᠵᠦ ᠶᠠᠷᠢᠪᠠ᠃      ᠬᠢᠵᠢᠭ ᠲᠠᠬᠤᠯ ᠤᠨ ᠣᠨᠴᠣᠭᠤᠢ ᠴᠠᠭ ᠲᠣᠬᠢᠶᠠᠭᠰᠠᠨ ᠠᠴᠠ ᠲᠤᠰ ᠤᠳᠠᠭ᠎ᠠ ᠤᠷᠤᠯᠳᠤᠭᠠᠨ ᠳᠤ ᠣᠷᠣᠯᠴᠠᠭᠴᠢ ᠶᠢᠨ ᠪᠡᠶᠡᠴᠢᠯᠡᠨ ᠣᠷᠣᠯᠴᠠᠬᠤ ᠶᠢ ᠬᠤᠷᠢᠭᠯᠠᠵᠤ ᠵᠥᠪᠬᠡᠨ ᠪᠦᠲᠦᠭᠡᠯ ᠢ ᠨᠢ ᠢᠷᠡᠭᠦᠯᠵᠡᠢ᠃ ᠰᠢᠯᠭᠠᠷᠠᠭᠤᠯᠤᠭᠰᠠᠨ 22 ᠪᠦᠲᠦᠭᠡᠯ ᠠᠴᠠ ᠭᠠᠳᠠᠨ᠎ᠠ ᠦᠵᠡᠭᠴᠢᠳ ᠤᠨ ᠲᠠᠭᠠᠰᠢᠶᠠᠯ ᠢ ᠣᠯᠣᠭᠰᠠᠨ ᠪᠦᠲᠦᠭᠡᠯ ᠳᠤ ᠣᠨᠴᠣᠭᠤᠢ ᠱᠠᠩᠨᠠᠯ ᠥᠭᠬᠦ ᠪᠠᠷ ᠲᠣᠭᠲᠠᠪᠠ᠃ ᠦᠵᠡᠬᠦᠯᠦᠯᠬᠡ ᠶᠢᠨ ᠠᠬᠤᠢ ᠲᠠᠯᠠᠪᠠᠢ ᠳᠤ ᠬᠦᠷᠦᠯᠴᠡᠨ ᠢᠷᠡᠭᠰᠡᠨ ᠬᠥᠮᠦᠰ ᠪᠦᠲᠦᠭᠡᠯ ᠤᠨ ᠰᠣᠯᠢᠯᠴᠠᠭ᠎ᠠ ᠬᠢᠬᠦ ᠡᠰᠡᠬᠦᠯ᠎ᠡ ᠲᠣᠭᠤᠭᠰᠠᠨ ᠪᠦᠲᠦᠭᠡᠯ ᠢᠶᠠᠨ ᠬᠤᠳᠠᠯᠳᠤᠨ ᠠᠪᠴᠤ ᠪᠣᠯᠬᠤ ᠶᠢ ᠣᠨᠴᠠᠯᠠᠨ ᠲᠣᠳᠣᠷᠬᠠᠶᠢᠯᠠᠭᠰᠠᠨ ᠪᠠᠶᠢᠨ᠎ᠠ᠃ ᠦᠵᠡᠬᠦᠯᠦᠯᠭᠡ ᠨᠢ 10 ᠰᠠᠷ᠎ᠠ ᠶᠢᠨ 10 ᠤ ᠡᠳᠦᠷ ᠪᠤᠯᠳᠠᠯ᠎ᠠ ᠶᠠᠪᠤᠭᠳᠠᠬᠤ ᠪᠤᠯᠤᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号