ᠲᠦᠷᠪᠡᠨ ᠰᠠᠯᠠᠭ᠎ᠠ ᠮᠦᠴᠢᠷ᠄ ᠬᠦᠳᠡᠭᠡ ᠲᠤᠰᠬᠤᠨ ᠤ ᠲᠤᠤᠷ᠎ᠡ ᠤᠷᠤᠯᠭ᠎ᠠ ᠲᠠᠢ ᠬᠦᠮᠦᠰ ᠤᠨ ᠤᠷᠤᠨ ᠰᠠᠭᠤᠴᠠ ᠶᠢᠨ ᠠᠮᠤᠷ ᠲᠦᠪᠰᠢᠨ ᠢ ᠪᠠᠳᠤᠯᠠᠬᠤ ᠤᠷᠳᠤ ᠬᠤᠭᠤᠴᠠᠭᠠᠨ ᠤ ᠪᠦᠳᠦᠮᠵᠢᠳᠠᠢ ᠲᠤᠬᠳᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠬᠦᠯᠤᠨ᠎ᠡ
ᠨᠡᠶᠢᠲᠡᠯᠡᠭᠰᠡᠨ ᠴᠠᠭ᠄
2021/8/20
      ᠭᠡᠷᠡᠭᠵᠢᠬᠦᠯᠬᠦ ᠰᠠᠨᠠᠯ ᠳᠤ᠂ ︽ᠠᠷᠪᠡᠨ ᠲᠦᠷᠪᠠᠳᠤᠭᠡᠷ ᠲᠠᠪᠤᠨ ᠵᠢᠯ︾ ᠤᠨ ᠬᠤᠭᠤᠴᠠᠭᠠᠨ ᠳᠤ᠂ ︽ᠠᠮᠤᠷ ᠲᠦᠪᠰᠢᠨ ᠢᠶᠠᠷ ᠦᠨᠳᠤᠰᠤ ᠪᠤᠯᠭᠠᠬᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠬᠤ᠂ ᠲᠠᠷᠢᠶᠠᠯᠠᠬᠤ ᠡᠷᠤᠭᠡ ᠪᠠᠷ ᠭᠤᠤᠯ ᠴᠤᠬᠴᠠ ᠪᠤᠯᠭᠠᠬᠤ᠂ ᠶᠠᠰᠤ ᠴᠢᠨᠠᠷ ᠢ ᠲᠡᠭᠡᠭᠰᠢᠯᠡᠬᠦᠯᠬᠦ︾ ᠵᠠᠷᠴᠢᠮ ᠶᠤᠰᠤᠭᠠᠷ᠂ ᠬᠦᠳᠡᠭᠡ ᠲᠤᠰᠬᠤᠨ ᠤ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠪᠠ ᠦᠨᠳᠤᠷ ᠬᠦᠴᠤᠯᠠᠴᠠ ᠶᠢᠨ ᠭᠠᠵᠠᠷ ᠬᠦᠳᠡᠯᠤᠯᠳᠠ ᠶᠢ ᠰᠡᠷᠭᠡᠶᠢᠯᠡᠬᠦ ᠤᠷᠤᠨ ᠤ ᠬᠦᠳᠡᠭᠡ ᠲᠤᠰᠬᠤᠨ ᠤ ᠭᠡᠷ ᠪᠠᠶᠢᠰᠢᠩ ᠤᠨ ᠭᠠᠵᠠᠷ ᠬᠦᠳᠡᠯᠦᠯᠳᠠ ᠶᠢ ᠲᠠᠭᠠᠭᠠᠬᠤ ᠪᠠᠶᠢᠭᠤᠯᠤᠯᠳᠠ ᠶᠢ ᠭᠡᠷᠡᠭᠵᠢᠬᠦᠯᠵᠤ᠂ ᠬᠦᠳᠡᠭᠡ ᠲᠤᠰᠬᠤᠨ ᠤ ᠲᠤᠤᠷ᠎ᠡ ᠤᠷᠤᠯᠭ᠎ᠠ ᠲᠠᠢ ᠬᠦᠮᠦᠰ ᠤᠨ ᠤᠷᠤᠨ ᠰᠠᠭᠤᠴᠠ ᠶᠢᠨ ᠠᠮᠤᠷ ᠲᠦᠪᠰᠢᠨ ᠢ ᠪᠠᠳᠤᠯᠠᠬᠤ ᠤᠷᠳᠤ ᠬᠤᠭᠤᠴᠠᠭᠠᠨ ᠤ ᠪᠦᠳᠦᠮᠵᠢᠳᠠᠢ ᠲᠤᠬᠳᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠬᠰᠡᠨ ᠦᠷ᠎ᠡ ᠪᠦᠳᠦᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠳᠦᠮᠵᠢᠳᠠᠢ ᠵᠤᠯᠭᠠᠭᠤᠯᠬᠤ ᠶᠢ ᠪᠠᠶᠠᠯᠡᠬᠦᠯᠤᠨ᠎ᠡ ᠭᠡᠵᠤ ᠲᠤᠷᠠᠳᠪᠠ᠃       ᠭᠡᠷᠡᠭᠵᠢᠬᠦᠯᠬᠦ ᠰᠠᠨᠠᠯ ᠳᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠬᠰᠡᠨ ᠦᠷ᠎ᠡ ᠪᠦᠳᠦᠭᠡᠯ ᠢ ᠪᠠᠬᠢᠵᠢᠬᠦᠯᠤᠨ ᠦᠷᠭᠡᠳᠭᠡᠵᠤ᠂ ᠬᠡᠪᠴᠢᠶᠠᠵᠢᠭᠰᠡᠨ ᠴᠢᠨᠠᠷᠳᠠᠢ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢᠨ ᠲᠦᠯᠦᠭᠡ᠂ ᠬᠦᠳᠡᠭᠡ ᠲᠤᠰᠬᠤᠨ ᠤ ᠤᠷᠤᠨ ᠰᠠᠭᠤᠴᠠ ᠶᠢᠨ ᠠᠮᠤᠷ ᠲᠦᠪᠰᠢᠨ ᠤ ᠪᠠᠳᠤᠯᠠᠭ᠎ᠠ ᠶᠢᠨ ᠡᠳᠡᠭᠡᠳ ᠨᠢ ᠭᠤᠤᠯᠳᠠᠭᠤ ᠬᠦᠳᠡᠭᠡ ᠲᠤᠰᠬᠤᠨ ᠤ ᠲᠤᠤᠷ᠎ᠡ ᠤᠷᠤᠯᠭ᠎ᠠ ᠲᠠᠢ ᠬᠦᠮᠦᠰ ᠪᠠᠶᠢᠵᠤ᠂ ᠬᠦᠳᠡᠭᠡ ᠲᠤᠰᠬᠤᠨ ᠤ ᠠᠮᠠᠷᠬᠠᠨ ᠲᠠᠬᠢᠨ ᠶᠠᠳᠠᠭᠤᠷᠠᠬᠤ ᠪᠠ ᠶᠠᠳᠠᠭᠤᠷᠠᠬᠤ ᠡᠷᠤᠭᠡ᠂ ᠬᠦᠳᠡᠭᠡ ᠲᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠳᠤ ᠡᠷᠦᠭᠡ᠂ ᠬᠦᠳᠡᠭᠡ ᠲᠤᠰᠬᠤᠨ ᠤ ᠲᠠᠷᠠᠬᠠᠢ ᠪᠤᠳᠠᠷᠬᠠᠢ ᠠᠰᠠᠷᠠᠨ ᠲᠠᠵᠢᠭᠡᠵᠤ ᠪᠠᠶᠢᠭ᠎ᠠ ᠤᠨᠴᠠ ᠶᠠᠳᠠᠭᠤ ᠬᠦᠴᠢᠷᠳᠡᠯᠳᠠᠢ ᠬᠦᠮᠦᠰ ᠵᠢᠴᠢ ᠡᠪᠡᠳᠴᠢᠨ ᠭᠠᠮᠰᠢᠭ ᠰᠠᠨᠠᠭᠠᠨ ᠳᠤ ᠦᠭᠡᠢ ᠠᠳᠡᠯ ᠵᠡᠷᠭᠡ ᠠᠴᠠ ᠪᠤᠯᠤᠬᠰᠡᠨ ᠵᠠᠪᠡᠯ ᠭᠡᠷᠡᠭᠰᠡᠬᠦ ᠵᠠᠷᠤᠯᠭ᠎ᠠ ᠨᠠᠯᠢᠶᠠᠳ ᠶᠡᠭᠡ ᠪᠤᠶᠤ ᠤᠷᠤᠯᠭ᠎ᠠ ᠶᠡᠭᠡ ᠬᠡᠮᠵᠢᠶ᠎ᠡ ᠪᠠᠷ ᠪᠠᠭᠠᠰᠤᠬᠰᠡᠨ ᠠᠴᠠ ᠪᠤᠯᠵᠤ ᠦᠨᠳᠤᠰᠤᠨ ᠠᠮᠢᠳᠤᠷᠠᠯ ᠨᠢ ᠬᠦᠨᠳᠤ ᠨᠤᠴᠢᠳᠠᠢ ᠬᠦᠴᠢᠷᠳᠡᠯ ᠲᠠᠢ ᠪᠤᠯᠤᠬᠰᠡᠨ ᠭᠡᠷ ᠪᠦᠯᠢ ᠵᠡᠷᠭᠡ ᠶᠢ ᠪᠠᠭᠳᠠᠭᠠᠨ᠎ᠡ ᠭᠡᠵᠤ ᠲᠤᠳᠤᠷᠬᠠᠢ ᠲᠤᠬᠳᠠᠭᠠᠪᠠ᠃       ᠡᠬᠦᠨ ᠤ ᠵᠡᠷᠭᠡ ᠪᠠᠷ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠦᠷᠬᠦᠯᠵᠢᠯᠡᠨ ᠠᠬᠢᠭᠤᠯᠬᠤ ᠶᠢᠨ ᠲᠦᠯᠦᠭᠡ᠂ ᠬᠦᠳᠡᠭᠡ ᠲᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠳᠤ ᠤᠢᠢᠷᠠᠳᠤᠭᠰᠠᠨ ᠭᠡᠷ ᠪᠦᠯᠢ ᠪᠠ ᠬᠦᠳᠡᠭᠡ ᠲᠤᠰᠬᠤᠨ ᠤ ᠤᠷᠤᠨ ᠰᠠᠭᠤᠴᠠ ᠶᠢᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠲᠠᠮᠵᠢᠯᠭᠡ ᠶᠢ ᠬᠦᠷᠳᠡᠭᠰᠡᠨ ᠦᠭᠡᠢ ᠪᠦᠭᠡᠳ ᠦᠪᠡᠷ ᠤᠨ ᠬᠦᠴᠤᠨ ᠳᠡᠭᠡᠨ ᠲᠦᠰᠢᠭᠯᠡᠨ ᠤᠷᠤᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢᠶᠠᠨ ᠰᠢᠢᠳᠪᠤᠷᠢᠯᠡᠵᠤ ᠲᠠᠶᠢᠯᠬᠦ ᠦᠭᠡᠢ ᠪᠤᠰᠤᠳ ᠶᠠᠳᠠᠭᠤ ᠠᠴᠠ ᠠᠩᠭᠢᠵᠢᠷᠠᠬᠰᠡᠨ ᠡᠷᠤᠭᠡ ᠳᠤ ᠲᠠᠮᠵᠢᠯᠭᠡ ᠦᠵᠡᠬᠦᠯᠤᠨ᠎ᠡ᠃       ᠭᠡᠷᠡᠭᠵᠢᠬᠦᠯᠬᠦ ᠰᠠᠨᠠᠯ ᠳᠤ᠂ ᠲᠠᠷᠢᠶᠠᠯᠠᠬᠤ ᠡᠷᠤᠭᠡ ᠦᠪᠡᠷ ᠢᠶᠠᠨ ᠪᠡᠯᠡ ᠮᠦᠡᠭᠭᠦ ᠴᠤᠬᠯᠠᠭᠤᠯᠬᠤ ᠪᠠᠷ ᠭᠤᠤᠯ ᠪᠤᠯᠭᠠᠬᠤ᠂ ᠵᠠᠰᠠᠭ ᠤᠨ ᠤᠷᠳᠤᠨ ᠵᠤᠬᠢᠬᠤ ᠭᠡᠮᠵᠢᠶᠡᠨ ᠤ ᠨᠦᠬᠦᠪᠤᠷᠢ ᠤᠯᠭᠤᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ ᠬᠦᠳᠡᠭᠡ ᠲᠤᠰᠬᠤᠨ ᠤ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠪᠤᠯ ᠬᠦᠳᠡᠭᠡ ᠲᠤᠰᠬᠤᠨ ᠤ ᠲᠤᠤᠷ᠎ᠡ ᠤᠷᠤᠯᠭ᠎ᠠ ᠲᠠᠢ ᠬᠦᠮᠦᠰ ᠵᠡᠷᠭᠡ ᠭᠤᠤᠯᠳᠠᠯᠭ᠎ᠠ ᠲᠠᠢ ᠬᠦᠮᠦᠰ ᠤᠨ ᠤᠷᠤᠨ ᠰᠠᠭᠤᠴᠠ ᠶᠢᠨ ᠠᠮᠤᠷ ᠲᠦᠪᠰᠢᠨ ᠢ ᠪᠠᠳᠤᠯᠠᠬᠤ ᠭᠤᠤᠯ ᠠᠷᠭ᠎ᠠ ᠬᠡᠯᠪᠡᠷᠢ ᠪᠤᠯᠤᠨ᠎ᠡ᠃ ᠡᠯ᠎ᠡ ᠭᠠᠵᠠᠷ ᠤᠨ ᠬᠢᠨ ᠪᠠᠳᠤᠯᠠᠭ᠎ᠠ ᠶᠢᠨ ᠡᠳᠡᠭᠡᠳ ᠤᠨ ᠪᠤᠳᠠᠳᠤ ᠪᠠᠶᠢᠳᠠᠯ ᠢ ᠦᠨᠳᠤᠰᠤᠯᠡᠵᠤ᠂ ᠪᠠᠬᠢᠵᠢᠬᠦᠯᠤᠨ ᠰᠢᠨᠡᠳᠭᠡᠬᠦ᠂ ᠨᠤᠷᠠᠭᠠᠵᠤ ᠲᠠᠬᠢᠨ ᠪᠠᠶᠢᠭᠤᠯᠬᠤ᠂ ᠭᠠᠵᠠᠷ ᠰᠤᠩᠭᠤᠨ ᠰᠢᠨ᠎ᠡ ᠪᠠᠷ ᠪᠠᠶᠢᠭᠤᠯᠬᠤ ᠪᠤᠶᠤ ᠬᠦᠳᠡᠭᠡ ᠲᠤᠰᠬᠤᠨ ᠤ ᠬᠠᠮᠳᠤ ᠶᠢᠨ ᠲᠦᠷᠢᠶᠠᠰᠤᠨ ᠭᠡᠷ ᠢ ᠨᠢᠭᠡᠳᠤᠯᠳᠠᠢ ᠪᠠᠶᠢᠭᠤᠯᠬᠤ᠂ ᠤᠳᠤ ᠶᠢᠨ ᠪᠠᠶᠢᠭ᠎ᠠ ᠰᠤᠯᠠ ᠬᠠᠶᠠᠬᠳᠠᠬᠰᠡᠨ ᠭᠡᠷ ᠪᠠᠶᠢᠰᠢᠩ ᠢ ᠵᠠᠰᠠᠨ ᠰᠢᠨᠡᠳᠭᠡᠵᠤ ᠪᠠᠬᠢᠵᠢᠬᠦᠯᠬᠦ ᠵᠡᠷᠭᠡ ᠠᠷᠭ᠎ᠠ ᠬᠡᠯᠪᠡᠷᠢ ᠪᠠᠷ ᠤᠷᠤᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠵᠦ ᠪᠤᠯᠤᠨ᠎ᠠ᠃ ᠭᠠᠵᠠᠷ ᠬᠦᠳᠡᠯᠦᠯᠳᠠ ᠶᠢ ᠲᠠᠭᠠᠭᠠᠬᠤ ᠪᠠᠷᠢᠮᠵᠢᠶ᠎ᠡ ᠳᠤ ᠦᠯᠤ ᠬᠦᠷᠬᠦ ᠪᠦᠭᠡᠳ ᠨᠦᠬᠦᠴᠡᠯ ᠳᠤ ᠨᠠᠶᠢᠴᠡᠬᠦ ᠲᠠᠷᠢᠶᠠᠯᠠᠬᠤ ᠡᠷᠤᠭᠡ ᠶᠢᠨ ᠭᠡᠷ ᠪᠠᠶᠢᠰᠢᠩ ᠢ ᠪᠠᠰᠠ ᠦᠭᠡᠷᠡᠴᠢᠯᠡᠨ ᠰᠢᠨᠡᠳᠭᠡᠵᠦ ᠪᠤᠯᠤᠨ᠎ᠡ ᠭᠡᠵᠤ ᠴᠢᠬᠤᠯᠠᠴᠢᠯᠠᠪᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号