ᠯᠢ ᠺᠧ ᠴᠢᠶᠠᠩ ᠾᠧᠨᠠᠨ ᠳᠤ ᠠᠵᠢᠯ ᠤᠨ ᠪᠠᠶᠢᠴᠠᠭᠠᠯᠲᠠ ᠬᠢᠭᠰᠡᠨ ᠪᠥᠭᠡᠳ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠥᠲᠥᠭᠡᠨ ᠪᠠᠶᠢᠭᠤᠯᠬᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/23
     ᠯᠢ ᠺᠧ ᠴᠢᠶᠠᠩ ᠾᠧᠨᠠᠨ ᠳᠤ ᠠᠵᠢᠯ ᠤᠨ ᠪᠠᠶᠢᠴᠠᠭᠠᠯᠲᠠ ᠬᠢᠭᠰᠡᠨ ᠪᠥᠭᠡᠳ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠬᠤ ᠳᠤ ᠪᠠᠨ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠢ ᠰᠠᠶᠢᠲᠤᠷ ᠪᠠᠲᠤᠯᠠᠵᠤ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ      8 ᠳ᠋ᠤᠭᠠᠷ ᠰᠠᠷ᠎ᠠ ᠶᠢᠨ 18 ᠠᠴᠠ 19 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠾᠧᠨᠠᠨ ᠮᠤᠵᠢ ᠶᠢᠨ ᠨᠠᠮ ᠤᠨ ᠬᠤᠷᠢᠶᠠᠨ ᠤ ᠱᠦᠵᠢ ᠯᠧᠦ ᠶᠠᠩ ᠱᠧᠩ ᠪᠣᠯᠤᠨ ᠮᠤᠵᠢ ᠶᠢᠨ ᠳᠠᠷᠤᠭ᠎ᠠ ᠸᠠᠩ ᠺᠠᠶ ᠶᠢᠨ ᠪᠠᠷ᠎ᠠ ᠪᠣᠯᠣᠯᠭ᠎ᠠ ᠲᠠᠢ ᠪᠠᠷ ᠾᠧ ᠪᠢ᠂ ᠰᠢᠨ ᠰᠢᠶᠠᠩ᠂ ᠵᠧᠩᠵᠧᠤ ᠳᠤ ᠠᠵᠢᠯ ᠤᠨ ᠪᠠᠶᠢᠴᠠᠭᠠᠯᠲᠠ ᠬᠢᠵᠦ᠂ ᠭᠠᠮᠰᠢᠭᠳᠠᠭᠰᠠᠨ ᠣᠯᠠᠨ ᠲᠦᠮᠡᠨ ᠢ ᠡᠷᠭᠢᠨ ᠦᠵᠡᠵᠦ᠂ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠲᠡᠷᠡ ᠴᠢᠬᠤᠯᠠᠴᠢᠯᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠷᠭ᠎ᠠ ᠬᠡᠮᠵᠢᠶ᠎ᠡ ᠶᠢ ᠪᠣᠳᠠᠲᠠᠶ ᠪᠠᠷ ᠠᠳᠬᠤᠵᠤ᠂ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠠᠵᠢᠯ ᠢ ᠲᠦᠷᠭᠡᠳᠬᠡᠬᠦ ᠬᠡᠷᠡᠭᠲᠡᠶ ᠭᠡᠵᠡᠶ᠃      ᠯᠢ ᠺᠧ ᠴᠢᠶᠠᠩ ᠡᡁᠧ ᠪᠢ ᠬᠤᠳᠠ ᠶᠢᠨ ᠶᠤᠸᠠᠨ ᠵᠤᠸᠠᠩ ᠲᠣᠰᠬᠤᠨ ᠤ ᠭᠠᠮᠰᠢᠭᠳᠠᠭᠰᠠᠨ ᠤᠯᠠᠨ ᠲᠦᠮᠡᠨ ᠤ ᠭᠡᠷ ᠲᠤ ᠬᠦᠷᠴᠦ᠂ ᠭᠡᠷ ᠳᠣᠲᠣᠷᠠᠬᠢ ᠠᠮᠤ ᠪᠤᠳᠠᠭ᠎ᠠ ᠪᠣᠯᠤᠨ ᠡᠳ᠋ ᠪᠣᠳᠠᠰ ᠴᠥᠮ ᠤᠰᠤᠨ ᠳᠤ ᠠᠪᠲᠠᠭᠰᠠᠨ ᠢ ᠦᠵᠡᠭᠡᠳ᠂ ᠢᠳᠡᠵᠦ ᠤᠤᠭᠤᠬᠤ ᠬᠤᠨᠣᠵᠤ ᠬᠡᠪᠲᠡᠬᠦ ᠠᠰᠠᠭᠤᠳᠠᠯ ᠢ ᠬᠡᠷᠬᠢᠨ ᠰᠢᠢᠳᠪᠦᠷᠢᠯᠡᠬᠦ᠂ ᠨᠥᠬᠦᠪᠥᠷᠢ ᠣᠯᠤᠭᠰᠠᠨ ᠡᠰᠡᠬᠦ ᠲᠤᠬᠠᠢ ᠬᠠᠯᠠᠮᠵᠢᠯᠠᠨ ᠠᠰᠠᠭᠤᠪᠠ᠃ ᠤᠯᠠᠨ ᠲᠦᠮᠡᠨ ᠤ ᠠᠮᠢᠳᠤᠷᠠᠯ ᠢ ᠲᠥᠪᠬᠢᠨᠡᠭᠦᠯᠦᠭᠰᠡᠨ ᠢ ᠰᠣᠨᠣᠰᠤᠭᠠᠳ᠂ ᠲᠡᠷᠡ ᠣᠷᠣᠨ ᠨᠤᠲᠤᠭ ᠤᠨ ᠨᠥᠬᠦᠳ ᠲᠤ ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠢ ᠠᠷᠢᠭᠤᠳᠬᠠᠨ ᠪᠠᠺᠲ᠋ᠧᠷᠢ ᠤᠰᠠᠳᠬᠠᠬᠤ ᠠᠵᠢᠯ ᠢ ᠲᠤᠶᠢᠯᠪᠤᠷᠢᠲᠠᠢ ᠥᠷᠨᠢᠭᠦᠯᠵᠦ᠂ ᠦᠬᠦᠵᠦ ᠰᠦᠢᠳᠦᠭᠰᠡᠨ ᠮᠠᠯ ᠵᠢᠭᠦᠷᠲᠡᠨ ᠢ  ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠥᠨᠳᠥ ᠨᠣᠴᠢᠲᠠᠢ ᠭᠠᠮᠰᠢᠭ ᠤᠨ ᠳᠠᠷᠠᠭ᠎ᠠ ᠶᠡᠭᠡ ᠬᠢᠵᠢᠭ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃ ᠲᠡᠷᠡ ᠪᠠᠰᠠ ᠨᠤᠲᠤᠭ ᠤᠨ ᠠᠬ᠎ᠠ ᠳᠡᠭᠦᠦ ᠨᠡᠷ ᠲᠤ᠂ ᠡᠾᠧᠨᠠᠨ ᠤ ᠬᠤᠶᠢᠲᠤ ᠬᠡᠰᠡᠭ ᠤᠯᠠᠨ ᠵᠢᠯ ᠳᠤ ᠬᠤᠪᠣᠷ ᠲᠣᠬᠢᠶᠠᠯᠳᠤᠬᠤ ᠬᠥᠨᠳᠥ ᠭᠠᠮᠰᠢᠭ ᠲᠤ ᠤᠴᠠᠷᠠᠪᠠ᠂ ᠲᠤᠰ ᠭᠠᠵᠠᠷ ᠪᠣᠯ ᠦᠶᠡᠷ ᠢ ᠲᠣᠭᠲᠠᠭᠠᠨ ᠬᠤᠷᠠᠭᠤᠯᠬᠤ ᠣᠷᠣᠨ ᠪᠣᠯᠤᠨ᠎ᠠ᠂ ᠲᠠ ᠨᠠᠷ ᠦᠶᠡᠷ ᠢ ᠰᠡᠷᠭᠡᠶᠢᠯᠡᠬᠦ ᠳᠤ ᠬᠤᠪᠢ ᠨᠡᠮᠡᠷᠢ ᠦᠵᠡᠭᠦᠯᠪᠡ᠂ ᠨᠠᠮ ᠪᠣᠯᠤᠨ ᠵᠠᠰᠠᠭ ᠤᠨ ᠣᠷᠳᠣᠨ ᠠᠴᠠ ᠲᠠ ᠨᠠᠷ ᠢ ᠬᠠᠪᠰᠤᠷᠤᠨ ᠬᠦᠴᠢᠷ ᠪᠡᠷᠬᠡ ᠶᠢ ᠲᠤᠭᠤᠯᠬᠤ ᠪᠠᠷ ᠲᠥᠪ ᠤᠨ ᠪᠡᠯᠡᠳᠬᠡᠯ ᠵᠠᠷᠤᠳᠠᠯ ᠢ ᠨᠢᠭᠡᠨᠲᠡ ᠪᠠᠭᠤᠯᠭᠠᠨ ᠥᠭᠴᠦ᠂ ᠭᠠᠮᠰᠢᠭ ᠠᠴᠠ ᠠᠪᠤᠷᠠᠬᠤ ᠪᠠ ᠰᠡᠷᠭᠦᠭᠡᠵᠦ ᠲᠠᠬᠢᠨ ᠪᠦᠳᠦᠭᠡᠨ ᠪᠠᠶᠢᠭᠤᠯᠬᠤ ᠶᠢ ᠳᠡᠮᠵᠢᠵᠦ᠂ ᠭᠡᠷ ᠪᠠᠶᠢᠰᠢᠩ ᠵᠡᠷᠭᠡ ᠡᠳ᠋ ᠬᠦᠷᠦᠩᠭᠡ ᠶᠢᠨ ᠬᠤᠬᠢᠷᠠᠯ ᠳᠤ ᠴᠤ ᠨᠥᠬᠦᠪᠥᠷᠢ ᠥᠭᠴᠦ᠂ ᠤᠯᠠᠨ ᠢᠶᠠᠷ ᠢᠶᠠᠨ ᠭᠡᠷ ᠣᠷᠣᠨ ᠢᠶᠠᠨ ᠲᠠᠬᠢᠨ ᠪᠠᠶᠢᠭᠤᠯᠬᠤ ᠪᠠᠷ ᠴᠢᠷᠮᠠᠶᠢᠵᠠᠭᠠᠶ᠎ᠠ ᠭᠡᠵᠦ ᠬᠡᠯᠡᠪᠡ᠃ ᠯᠢ ᠺᠧ ᠴᠢᠶᠠᠩ ᠤᠰᠤ ᠬᠤᠷᠠᠵᠤ ᠪᠠᠶᠢᠭ᠎ᠠ ᠲᠠᠷᠢᠶᠠᠨ ᠭᠠᠵᠠᠷ ᠲᠤ ᠬᠦᠷᠴᠦ᠂ ᠲᠠᠷᠢᠮᠠᠯ ᠤᠨ ᠰᠦᠢᠳᠦᠯ ᠬᠦᠨᠳᠦ ᠨᠣᠴᠢᠲᠠᠢ ᠪᠠᠶᠢᠬᠤ ᠶᠢ ᠬᠠᠷᠠᠭᠠᠳ᠂ ᠲᠤᠰ ᠭᠠᠵᠠᠷ ᠪᠣᠯ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠪᠣᠯᠤᠨ᠎ᠠ᠂ ᠤᠯᠤᠰ ᠠᠴᠠ ᠳᠡᠮᠵᠢᠯᠭᠡ ᠦᠵᠡᠭᠦᠯᠬᠦ ᠪᠠᠨ ᠴᠢᠩᠭᠠᠳᠬᠠᠵᠤ᠂ ᠤᠯᠠᠨ ᠲᠦᠮᠡᠨ ᠢ ᠬᠠᠪᠰᠤᠷᠤᠨ ᠦᠢᠯᠡᠳᠪᠦᠷᠢᠯᠡᠯ ᠢ ᠨᠢ ᠰᠡᠷᠭᠦᠭᠡᠵᠦ᠂ ᠬᠤᠬᠢᠷᠠᠯ ᠢ ᠨᠢ ᠪᠠᠭᠠᠰᠬᠠᠬᠤ ᠪᠣᠯᠤᠨ᠎ᠠ ᠭᠡᠪᠡ᠃      ᠰᠢᠨ ᠰᠢᠶᠠᠩ ᠤᠨ ᠸᠧᠢ ᠬᠤᠢ ᠬᠤᠳᠠ ᠳᠤ᠂ ᠯᠢ ᠺᠧ ᠴᠢᠶᠠᠩ ᠸᠧᠢ ᠡᡁᠧ ᠭᠤᠣᠯ ᠤᠨ ᠰᠡᠲᠡᠷᠬᠡᠢ ᠬᠠᠰᠢᠯᠭ᠎ᠠ ᠶᠢ ᠰᠡᠯᠪᠢᠨ ᠵᠠᠰᠠᠭᠰᠠᠨ ᠠᠬᠢᠴᠠ ᠶᠢ ᠪᠠᠶᠢᠴᠠᠭᠠᠨ ᠦᠵᠡᠬᠦ ᠳᠤ ᠪᠠᠨ᠂ ᠳᠤᠮᠳᠠ ᠵᠢᠵᠢᠭ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠳᠠᠯᠳᠠ ᠬᠡᠮ ᠢ ᠪᠠᠶᠢᠴᠠᠭᠠᠨ ᠵᠠᠰᠠᠬᠤ ᠠᠵᠢᠯ ᠢ ᠲᠦᠷᠭᠡᠳᠬᠡᠵᠦ᠂ ᠭᠤᠣᠯ ᠤᠨ ᠵᠠᠮ ᠪᠣᠯᠤᠨ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠯᠢ ᠺᠧ ᠴᠢᠶᠠᠩ ᠵᠧᠩᠵᠧᠦ ᠶᠢᠨ ᠭᠠᠵᠠᠷ ᠳᠣᠣᠷᠠᠬᠢ ᠲᠡᠮᠦᠷ ᠵᠠᠮ ᠤᠨ 5 ᠳ᠋ᠤᠭᠠᠷ ᠱᠤᠭᠤᠮ ᠤᠨ ᠨᠦᠬᠡᠨ ᠵᠠᠮ ᠤᠨ ᠭᠠᠮᠰᠢᠭᠳᠠᠭᠰᠠᠨ ᠲᠤᠬᠠᠢ ᠶᠢᠨ ᠲᠠᠯᠠᠪᠤᠷ ᠲᠤ ᠬᠦᠷᠴᠦ ᠰᠢᠨᠵᠢᠯᠡᠨ ᠪᠠᠶᠢᠴᠠᠭᠠᠪᠠ᠃ ᠲᠡᠷᠡ ᠵᠢᠭᠠᠬᠤ ᠳᠤ ᠪᠠᠨ᠂ ᠬᠤᠲᠠ ᠶᠢᠨ ᠪᠦᠲᠦᠭᠡᠨ ᠪᠠᠶᠢᠭᠤᠯᠤᠯᠲᠠ ᠳᠤ ︽ᠳᠣᠲᠣᠷ ᠢᠨᠵᠧᠨᠧᠷᠢᠩ︾ ᠢ ᠰᠠᠶᠢᠲᠤᠷ ᠬᠢᠬᠦ ᠶᠠᠪᠤᠳᠠᠯ ᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠶᠠᠭᠤᠨ ᠤ ᠡᠮᠦᠨ᠎ᠡ ᠠᠶᠤᠯ ᠦᠭᠡᠢ ᠢᠨᠵᠧᠨᠧᠷᠢᠩ ᠪᠣᠯᠭᠠᠬᠤ ᠬᠡᠷᠡᠭᠲᠡᠶ᠃ ᠬᠤᠲᠠ ᠶᠢᠨ ᠪᠡᠯᠡᠳᠬᠡᠮᠵᠢ ᠶᠢᠨ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠵᠠᠰᠠᠵᠤ᠂ ᠪᠥᠲᠥᠭᠡᠨ ᠪᠠᠶᠢᠭᠤᠯᠤᠯᠲᠠ ᠪᠠ ᠠᠮᠤᠷ ᠲᠦᠪᠰᠢᠨ ᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠳᠤᠨ ᠳᠠᠭᠠᠬᠤ ᠲᠣᠭᠲᠠᠴᠠ ᠶᠢ ᠴᠢᠩᠭᠠᠳᠬᠠᠵᠤ᠂ ᠠᠶᠤᠯ ᠠᠴᠠ ᠵᠠᠶᠢᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ ᠨᠡᠩ ᠭᠦᠢᠴᠡᠳ ᠪᠠᠶᠢᠯᠭᠠᠵᠤ᠂ ᠠᠮᠢ ᠨᠠᠰᠤ ᠶᠢ ᠳᠡᠭᠡᠳᠦᠯᠡᠨ᠂ ᠠᠶᠤᠯ ᠠᠴᠠ ᠵᠠᠶᠢᠯᠠᠭᠤᠯᠬᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ ᠂ ᠪᠠᠴᠢᠮ ᠪᠠᠶᠢᠳᠠᠯ ᠳᠣᠣᠷ᠎ᠠ ᠭᠠᠵᠠᠷ ᠳᠣᠣᠷᠠᠬᠢ ᠲᠡᠮᠦᠷ ᠵᠠᠮ᠂ ᠨᠦᠬᠡᠨ ᠵᠠᠮ ᠵᠡᠷᠭᠡ ᠶᠢᠨ ᠵᠣᠭᠰᠣᠭᠠᠬᠤ ᠶᠣᠰᠣᠲᠠᠢ ᠶᠢ ᠨᠢ ᠵᠣᠭᠰᠣᠭᠠᠵᠤ᠂ ᠪᠢᠲᠡᠭᠦᠮᠵᠢᠯᠡᠬᠦ ᠶᠣᠰᠣᠲᠠᠢ ᠶᠢ ᠨᠢ ᠪᠢᠲᠡᠭᠦᠮᠵᠢᠯᠡᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃ ᠯᠢ ᠺᠧ ᠴᠢᠶᠠᠩ ᠪᠠᠰᠠ᠂ ᠡᠨᠡ ᠤᠳᠠᠭ᠎ᠠ ᠶᠢᠨ ᠣᠨᠴᠠ ᠰᠢᠷᠦᠭᠦᠨ ᠪᠣᠷᠣᠭᠠᠨ ᠳᠤ ᠬᠥᠮᠦᠨ ᠬᠠᠷ᠎ᠠ ᠦᠬᠦᠵᠦ ᠰᠢᠷᠬᠠᠲᠤᠭᠰᠠᠨ ᠨᠢ ᠵᠢᠷᠦᠬᠡ ᠰᠡᠳᠬᠢᠯ ᠢ ᠰᠢᠮᠰᠢᠷᠡᠭᠦᠯᠵᠦ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠾᠧᠨᠠᠨ ᠤ ᠵᠧᠩᠵᠧᠤ ᠶᠢᠨ ︽7.20︾ ᠤ ᠣᠨᠴᠠ ᠰᠢᠷᠦᠭᠦᠨ ᠪᠣᠷᠣᠭᠠᠨ ᠤ ᠭᠠᠮᠰᠢᠭ ᠢ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠪᠠᠶᠢᠳᠠᠯ ᠢ ᠪᠠᠶᠢᠴᠠᠭᠠᠨ ᠳᠣᠲᠣᠯᠠᠬᠤ ᠠᠵᠢᠯ ᠢ ᠱᠠᠯᠠᠪᠳᠠᠨ ᠬᠢᠵᠦ᠂ ᠬᠠᠷᠢᠭᠤᠴᠠᠯᠭ᠎ᠠ ᠲᠤᠰᠢᠶᠠᠯ ᠳᠤ ᠪᠠᠨ ᠣᠰᠣᠯᠳᠤᠭᠰᠠᠨ ᠠᠵᠢᠯᠯᠠᠭ᠎ᠠ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠬᠤᠵᠢᠮ ᠤᠨ ᠬᠥᠮᠦᠰ ᠲᠤ ᠰᠡᠷᠡᠮᠵᠢᠯᠡᠭᠦᠯᠦᠯ ᠪᠣᠯᠭᠠᠨ᠎ᠠ ᠭᠡᠵᠡᠢ᠃      ᠰᠠᠭᠤᠭᠠᠯᠢ ᠠᠷᠠᠳ ᠤᠨ ᠲᠣᠭᠤᠷᠢᠭ ᠲᠤ᠂ ᠯᠢ ᠺᠧ ᠴᠢᠶᠠᠩ ᠭᠠᠮᠰᠢᠭᠳᠠᠭᠰᠠᠨ ᠤᠯᠠᠨ ᠲᠦᠮᠡᠨ ᠢ ᠡᠷᠬᠢᠨ ᠦᠵᠡᠵᠦ᠂ ᠭᠡᠷ ᠣᠷᠣᠨ ᠨᠢ ᠤᠰᠤᠨ ᠳᠤ ᠠᠪᠲᠠᠭᠰᠠᠨ ᠰᠠᠭᠤᠭᠠᠯᠢ ᠠᠷᠠᠳ ᠢ ᠪᠦᠬᠦ ᠲᠠᠯ᠎ᠠ ᠪᠠᠷ ᠢᠯᠭᠠᠨ ᠪᠠᠶᠢᠴᠠᠭᠠᠬᠤ ᠶᠢᠨ ᠬᠠᠮᠲᠤ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠳ ᠲᠤ ᠵᠠᠬᠢᠪᠠ᠃ ᠲᠡᠷᠡ ᠪᠠᠰᠠ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ᠂ ᠠᠮᠢᠳᠤᠷᠠᠯ ᠤᠨ ᠴᠢᠬᠤᠯᠠ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠭᠤᠨ ᠪᠠᠶᠢᠯᠭᠠᠬᠤ ᠶᠢ ᠰᠠᠶᠢᠲᠤᠷ ᠠᠳᠬᠤᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠡᠮᠵᠢᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢ ᠺᠧ ᠴᠢᠶᠠᠩ ᠵᠧᠩᠵᠧᠤ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠬᠦᠷᠴᠦ᠂ ᠾᠧᠨᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠨ ᠨᠤᠲᠤᠭ ᠤᠨ ᠨᠥᠬᠦᠳ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯᠲᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠮᠰᠢᠭ ᠤᠨ ᠳᠠᠷᠠᠭᠠᠬᠢ ᠬᠢᠵᠢᠭ ᠢ ᠰᠡᠷᠭᠡᠶᠢᠯᠡᠬᠦ ᠬᠤᠶᠠᠷ ᠤᠳᠠᠭᠠᠨ ᠤ ᠬᠠᠲᠠᠭᠤ ᠳᠠᠶᠢᠯᠠᠯᠳᠤᠭᠠᠨ ᠢ ᠥᠴᠦᠬᠡᠨ ᠴᠦ ᠰᠤᠯᠠᠷᠠᠭᠤᠯᠤᠯ ᠦᠭᠡᠶ ᠪᠠᠷ ᠰᠠᠶᠢᠲᠤᠷ ᠬᠢᠵᠦ᠂ ᠦᠨᠡᠨ ᠠᠴᠠ ᠵᠥᠪ ᠢ ᠡᠷᠢᠵᠦ᠂ ᠮᠡᠳᠡᠭᠡ ᠵᠠᠩᠭᠢ ᠶᠢ ᠢᠯᠡ ᠲᠣᠳᠣᠷᠬᠠᠶ ᠨᠡᠶᠢᠲᠡᠯᠡᠬᠦ ᠬᠡᠷᠡᠭᠲᠡᠶ ᠭᠡᠵᠦ ᠱᠠᠭᠠᠷᠳᠠᠪᠠ᠃      ᠲᠤᠰᠬᠠᠶ ᠰᠡᠳᠦᠪᠲᠦ ᠬᠤᠷᠠᠯ ᠳᠡᠭᠡᠷ᠎ᠡ ᠯᠢ ᠺᠧ ᠴᠢᠶᠠᠩ ᠬᠡᠯᠡᠬᠦ ᠳᠤ ᠪᠠᠨ᠂ ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠬᠤ ᠡᠭᠦᠷᠭᠡ ᠬᠠᠲᠠᠭᠤ ᠪᠡᠷᠬᠡᠰᠢᠶᠡᠯᠲᠡᠢ ᠶᠤᠮ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠡᠨᠡ ᠬᠦ ᠠᠵᠢᠯ ᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠣᠷᠣᠨ ᠨᠤᠲᠤᠭ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠨᠳᠦ ᠨᠣᠴᠢᠲᠠᠢ ᠭᠠᠮᠰᠢᠭᠳᠠᠭᠰᠠᠨ ᠭᠠᠵᠠᠷ ᠣᠷᠣᠨ ᠢ ᠲᠠᠬᠢᠨ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢ ᠰᠠᠶᠢᠲᠤᠷ ᠬᠢᠵᠦ᠂ ᠤᠰᠤᠨ ᠳᠤ ᠠᠪᠲᠠᠭᠰᠠᠨ ᠲᠠᠷᠢᠶᠠᠨ ᠭᠠᠵᠠᠷ ᠢ ᠵᠠᠰᠠᠨ ᠰᠠᠶᠢᠵᠢᠷᠠᠭᠤᠯᠬᠤ᠂ ᠨᠠᠮᠤᠷ ᠡᠪᠦᠯ ᠤᠨ ᠲᠠᠷᠢᠶᠠᠯᠠᠭ᠎ᠠ᠂ ᠭᠡᠷ ᠪᠠᠶᠢᠰᠢᠩ ᠢ ᠲᠠᠬᠢᠨ ᠪᠠᠶᠢᠭᠤᠯᠬᠤ ᠪᠠ ᠪᠠᠬᠢᠵᠢᠭᠦᠯᠬᠦ ᠠᠵᠢᠯ ᠢ ᠰᠠᠶᠢᠲᠤᠷ ᠠᠳᠬᠤᠵᠤ᠂ ᠤᠰᠤᠨ ᠳᠤ ᠡᠪᠳᠡᠭᠳᠡᠭᠰᠡᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠶᠢ ᠵᠠᠰᠠᠨ ᠰᠡᠷᠭᠦᠭᠡᠬᠦ ᠠᠬᠢᠴᠠ ᠶᠢ ᠲᠦᠷᠭᠡᠳᠬᠡᠵᠦ᠂ ᠠᠵᠤ ᠠᠬᠤᠶᠢᠯᠠᠯ᠂ ᠬᠤᠳᠠᠯᠳᠤᠭᠠᠨ ᠤ ᠡᠷᠦᠭᠡ ᠶᠢ ᠬᠠᠪᠰᠤᠷᠤᠨ ᠲᠡᠳᠬᠦᠵᠦ ᠠᠵᠢᠯ ᠦᠢᠯᠡᠰ ᠢ ᠨᠢ ᠰᠡᠷᠭᠦᠭᠡᠬᠦ ᠬᠡᠷᠡᠭᠲᠡᠢ᠃ ᠡᠭᠦᠨ ᠤ ᠬᠠᠮᠲᠤ ᠢᠨᠵᠧᠨᠧᠷᠢᠩ ᠤᠨ ᠴᠢᠨᠠᠷᠲᠠᠶ ᠠᠷᠭ᠎ᠠ ᠬᠡᠮᠵᠢᠶ᠎ᠡ ᠪᠠᠷ ᠳᠠᠮᠵᠢᠭᠤᠯᠤᠨ ᠳᠤᠲᠠᠭᠤᠳᠠᠯ ᠢ ᠨᠥᠬᠦᠪᠥᠷᠢᠯᠡᠵᠦ᠂ ᠰᠠᠭᠤᠷᠢ ᠶᠢ ᠴᠢᠩᠭᠠᠳᠬᠠᠨ᠂ ᠬᠤᠲᠠ ᠶᠢᠨ ᠳᠣᠲᠣᠭᠠᠳᠤ ᠤᠰᠤᠲᠤᠯ ᠵᠡᠷᠭᠡ ᠲᠣᠪᠤᠶᠢᠮ᠎ᠠ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠬᠦ ᠬᠡᠷᠡᠭᠲᠡᠶ᠃ ᠲᠥᠪ ᠤᠨ ᠪᠡᠯᠡᠳᠬᠡᠯ ᠵᠠᠷᠤᠳᠠᠯ ᠵᠡᠷᠭᠡ ᠪᠡᠯᠡ ᠮᠥᠩᠭᠦ᠂ ᠮᠥᠩᠭᠦᠨ ᠭᠦᠢᠯᠭᠡᠭᠡ ᠵᠡᠷᠭᠡ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠬᠦ ᠬᠡᠷᠡᠭᠲᠡᠢ᠃ ᠣᠳᠣᠬᠠᠨ ᠳᠤ ᠦᠶᠡᠷ ᠤᠨ ᠬᠤᠭᠤᠴᠠᠭ᠎ᠠ ᠪᠠᠰᠠ ᠥᠩᠭᠡᠷᠡᠭᠡ ᠦᠭᠡᠢ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ ᠾᠧᠨᠠᠨ ᠵᠡᠷᠭᠡ ᠬᠡᠰᠡᠭ ᠭᠠᠵᠠᠷ ᠣᠷᠣᠨ ᠳᠤ ᠮᠥᠨ ᠰᠢᠷᠦᠭᠦᠨ ᠪᠣᠷᠣᠭᠠᠨ ᠣᠷᠣᠵᠤ ᠮᠡᠳᠡᠨ᠎ᠠ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠡᠯᠡᠳᠬᠡᠯ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠦᠷᠭᠦᠯᠵᠢᠯᠡᠨ ᠴᠥᠬᠦᠷᠡᠰᠢ ᠦᠭᠡᠢ ᠰᠠᠶᠢᠲᠤᠷ ᠬᠢᠬᠦ ᠬᠡᠷᠡᠭᠲᠡᠶ ᠭᠡᠵᠡᠢ᠃      ᠸᠠᠩ ᠶᠦᠩ᠂ ᠰᠢᠶᠤᠤ ᠵᠢᠶᠧ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号