ᠰᠢ ᠶᠢᠨ ᠫᠢᠩ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/8/23
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 19 ᠤ ᠴᠠᠬᠢᠯᠭᠠᠨ ᠮᠡᠳᠡᠭᠡ  8 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠳᠤᠮᠳᠠᠳᠤ ᠤᠯᠤᠰ ᠪᠠ ᠠᠷᠠᠪ ᠤᠨ ᠤᠯᠤᠰ ᠤᠳ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ ᠶᠠᠪᠤᠬᠤ ᠳᠤᠳᠤᠮ ᠪᠠᠲᠤᠵᠢᠵᠤ ᠪᠠᠶᠢᠨ᠎ᠠ᠃ ᠣᠶᠢᠷ᠎ᠠ ᠶᠢᠨ ᠵᠢᠯ ᠳᠤ᠂ ᠳᠤᠮᠳᠠᠳᠤ ᠠᠷᠠᠪ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠵᠣᠬᠢᠴᠠᠭᠤᠯᠭ᠎ᠠ ᠪᠤᠯᠤᠨ ᠠᠵᠢᠯᠯᠠᠭ᠎ᠠ ᠶᠢᠨ ᠵᠣᠯᠭᠠᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠬᠠᠮᠲᠤᠷᠠᠯᠴᠠᠭᠠᠨ ᠤ ᠦᠷ᠎ᠠ ᠪᠦᠲᠦᠭᠡᠯ ᠦᠯᠠᠮᠵᠢ ᠪᠠᠶᠢᠵᠤ᠂ ᠳᠤᠮᠳᠠᠳᠤ ᠤᠯᠤᠰ ᠠᠷᠠᠪ ᠤᠨ ᠤᠯᠤᠰ ᠤᠳ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠤᠯᠤᠰ ᠪᠤᠯᠬᠤ ᠪᠠᠶᠢᠷᠢ ᠰᠠᠭᠤᠷᠢ ᠪᠠᠨ ᠦᠷᠭᠦᠯᠵᠢᠯᠡᠨ ᠪᠠᠲᠤᠯᠠᠪᠠ᠃ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠳᠤᠮᠳᠠᠳᠤ ᠤᠯᠤᠰ ᠪᠣᠯᠤᠨ ᠠᠷᠠᠪ ᠤᠨ ᠤᠯᠤᠰ ᠤᠳ ᠭᠠᠷ ᠬᠤᠯᠪᠣᠨ ᠬᠢᠵᠢᠭ ᠲᠠᠢ ᠲᠡᠮᠡᠴᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠬᠡᠪ ᠳᠠᠭᠤᠷᠢᠶᠠᠯ ᠢ ᠪᠤᠢ ᠪᠤᠯᠭᠠᠪᠠ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠠᠷᠠᠪ ᠤᠨ ᠤᠯᠤᠰ ᠤᠳ ᠲᠠᠢ ᠬᠠᠮᠲᠤ ᠪᠠᠷ ᠬᠠᠮᠲᠤᠷᠠᠯᠴᠠᠨ ᠬᠦᠭᠵᠢᠬᠦ ᠶᠢ ᠰᠦᠪᠡᠭᠴᠢᠯᠡᠵᠤ᠂ ᠡᠩᠬᠡ ᠲᠠᠶᠢᠪᠤᠩ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠦ᠂ ᠬᠠᠮᠲᠤ ᠪᠠᠷ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ ᠪᠦᠳᠦᠭᠡᠨ ᠪᠠᠶᠢᠭᠤᠯᠵᠤ᠂ ᠳᠤᠮᠳᠠᠳᠤ ᠤᠯᠤᠰ ᠪᠠ ᠠᠷᠠᠪ ᠤᠨ ᠤᠯᠤᠰ ᠤᠳ ᠤᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠨᠡᠩ ᠥᠨᠳᠥᠷ ᠲᠦᠪᠰᠢᠨ ᠳᠤ ᠭᠠᠷᠬᠤ ᠶᠢ ᠠᠬᠢᠭᠤᠯᠵᠤ᠂ ᠰᠢᠨ᠎ᠠ ᠴᠠᠭ ᠦᠶ᠎ᠠ ᠳᠤ ᠬᠠᠨᠳᠤᠭᠰᠠᠨ ᠳᠤᠮᠳᠠᠳᠤ ᠤᠯᠤᠰ ᠪᠠ ᠠᠷᠠᠪ ᠤᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠴᠤᠭᠴᠠ ᠶᠢ ᠭᠠᠷ ᠬᠤᠯᠪᠣᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃      ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠦᠵᠡᠰᠬᠦᠯᠡᠩ ᠤᠨ ᠴᠤᠭᠯᠠᠭᠠᠨ ᠲᠤᠰ ᠡᠳᠦᠷ ᠨᠢᠩᠰᠢᠶᠠ ᠶᠢᠨ ᠢᠷᠭᠠᠢ ᠳᠤ ᠡᠬᠢᠯᠡᠵᠤ᠂ ᠦᠵᠡᠰᠬᠦᠯᠡᠩ ᠤᠨ ᠴᠤᠬᠯᠠᠭᠠᠨ ᠢ ᠬᠤᠳᠠᠯᠳᠤᠭᠠᠨ ᠤ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠪᠣᠯᠤᠨ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠬᠢᠯᠡᠵᠡᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号