ᠠᠯᠠᠱᠠ ᠠᠶᠢᠮᠠᠭ ᠤᠨ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2021/8/24
      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠦᠨ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠬᠦᠯᠵᠦ᠂ ᠵᠠᠬ᠎ᠠ ᠳᠡᠯᠭᠡᠭᠦᠷ ᠪᠠ ᠨᠡᠶᠢᠭᠡᠮ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠭᠦᠭᠵᠢᠬᠡᠬᠦ ᠶᠢᠨ ᠳᠣᠰᠠᠳᠠ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ〔2020〕9 ᠳ᠋ᠦ᠋ᠭᠡᠷ ᠲᠣᠭᠠᠲᠤ︶ ᠪᠠ ︽ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠬᠤᠷᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠥᠪᠥᠷ ᠪᠠᠶᠢᠭᠤᠯᠤᠮᠵᠢ ᠣᠷᠣᠨ ᠠᠯᠪᠠᠨ ᠲᠠᠷᠬᠠᠭᠠᠭᠰᠠᠨ〔 2019〕105 ᠳ᠋ᠤᠭᠠᠷ ᠲᠣᠭᠠᠲᠤ︶ ᠶᠢ ᠦᠨᠳᠦᠰᠦᠯᠡᠨ᠂ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠶᠢᠨ ᠳᠦᠯᠦᠬᠡ᠂ ᠮᠠᠨ ᠤ ᠠᠶᠢᠮᠠᠭ ᠤᠨ ᠪᠣᠳᠠᠲᠠᠶ ᠲᠠᠢ ᠣᠶᠠᠯᠳᠣᠭᠤᠯᠣᠨ᠂ ᠲᠣᠰ ᠲᠥᠰᠦᠯ ᠢ ᠲᠣᠭᠲᠠᠭᠠᠪᠠ᠃      ᠨᠢᠭᠡ᠂ ᠭᠤᠣᠯ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠳᠣᠣᠱᠯᠠᠭᠤᠯᠵᠦ᠂ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠪᠠᠷ ᠭᠠᠷᠳᠠᠴᠠ ᠪᠣᠯᠭᠠᠨ᠂ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢᠨ ᠬᠤᠪᠢᠷᠠᠭᠤᠯᠤᠯᠲᠠ ᠶᠢ ᠢᠳᠡᠪᠬᠢᠲᠡᠶ ᠪᠠᠷ ᠠᠬᠢᠭᠤᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠲᠤ ᠰᠢᠨ᠎ᠡ ᠶᠢ ᠡᠬᠦᠳᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠨ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠬᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠬᠢ ᠪᠠᠶᠠᠯᠢᠭ ᠢ ᠠᠷᠪᠢᠯᠠᠵᠦ᠂ ᠢᠯᠡ ᠪᠠᠷ ᠬᠢᠨᠠᠨ ᠵᠥᠪᠰᠢᠶᠡᠷᠡᠬᠦ ᠪᠠᠷᠢᠮᠵᠢᠶ᠎ᠠ᠂ ᠬᠢᠨᠠᠨ ᠵᠥᠪᠰᠢᠶᠡᠷᠡᠬᠦ ᠠᠵᠢᠯᠯᠠᠭ᠎ᠠ ᠶᠢ ᠳᠦᠷᠢᠮᠵᠢᠬᠦᠯᠵᠦ᠂ ᠴᠢᠩᠭ᠎ᠠ ᠨᠢᠭᠲᠠ ᠪᠦᠷᠢᠨ ᠲᠡᠭᠦᠯᠳᠡᠷ ᠬᠢᠨᠠᠠ ᠬᠠᠮᠢᠶᠠᠷᠤᠯᠲᠠ ᠶᠢᠨ ᠬᠢᠵᠠᠭᠠᠷᠯᠠᠬᠤ ᠲᠣᠭᠲᠠᠴᠠ ᠶᠢ ᠲᠦᠷᠭᠡᠳᠬᠡᠨ  ᠪᠠᠶᠢᠭᠤᠯᠵᠦ᠂ ᠠᠵᠢᠯ ᠶᠠᠪᠣᠳᠠᠯ ᠤᠨ ᠳᠣᠮᠳᠠᠬᠢ᠂ ᠠᠵᠢᠯ ᠶᠠᠪᠣᠳᠠᠯ ᠤᠨ ᠳᠠᠷᠠᠭᠠᠬᠢ ᠬᠢᠨᠠᠠ ᠬᠠᠮᠢᠶᠠᠷᠤᠯᠲᠠ ᠶᠢ ᠴᠢᠩᠭᠠᠷᠠᠭᠤᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠳᠥᠭᠦᠮ ᠦᠵᠡᠬᠦᠯᠵᠦ᠂ ︽ᠳᠦᠬᠦᠮ ᠳᠦᠳᠡ᠂ ᠨᠢᠭᠡᠳᠦᠯᠳᠡᠢ᠂ ᠦᠨᠳᠦᠷ ᠦᠷ᠎ᠡ ᠪᠦᠳᠦᠮᠵᠢᠳᠡᠢ᠂ ᠠᠷᠠᠳ ᠲᠤ ᠲᠥᠬᠦᠮ ᠦᠵᠡᠭᠦᠯᠬᠦ︾ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠲᠣᠭᠲᠠᠴᠠ ᠶᠢ ᠴᠢᠷᠮᠠᠶᠢᠨ ᠪᠠᠶᠢᠭᠤᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠠᠯᠬᠤᠮ ᠢ ᠳᠦᠷᠭᠡᠳᠬᠡᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃      ᠬᠤᠶᠠᠷ᠂ ᠦᠨᠳᠦᠰᠦᠨ ᠵᠠᠷᠴᠢᠮ      ︵ᠨᠢᠭᠡ︶ ᠬᠠᠤᠯᠢ ᠶᠣᠰᠣᠭᠠᠷ ᠥᠭᠡᠷᠡᠴᠢᠯᠡᠯᠲᠡ ᠬᠢᠵᠦ᠂ ᠯᠠᠪᠳᠠᠭᠤᠨ ᠢᠶᠠᠷ ᠠᠬᠢᠭᠤᠯᠣᠨ᠎ᠠ᠃ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠠᠬᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠬᠠᠤᠯᠢ ᠶᠢᠨ ᠦᠨᠳᠦᠰᠦᠯᠡᠯ ᠲᠠᠢ᠂ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠵᠤ᠂ ᠡᠷᠬᠡ ᠲᠤᠰᠢᠶᠠᠯ ᠢ ᠬᠠᠤᠯᠢ ᠪᠠᠷ ᠲᠣᠭᠲᠠᠭᠠᠬᠤ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠵᠢᠴᠢ ᠨᠡᠶᠢᠭᠡᠮ ᠤᠨ ᠬᠡᠷᠡᠭ ᠶᠠᠪᠤᠳᠠᠯ ᠳᠤ ᠵᠠᠰᠠᠭ ᠤᠨ ᠣᠷᠳᠣᠨ ᠤ ᠭᠠᠷ ᠲᠦᠷᠦᠭᠦ ᠶᠢ ᠪᠠᠭᠠᠰᠬᠠᠨ᠎ᠠ᠃ ᠰᠠᠯᠠᠭ᠎ᠠ ᠮᠥᠴᠢᠷ ᠤᠨ ᠡᠭᠦᠷᠭᠡ ᠴᠢᠳᠠᠮᠵᠢ ᠶᠢᠨ ᠲᠣᠬᠢᠷᠠᠭᠤᠯᠤᠯᠲᠠ ᠶᠢ ᠵᠦᠶ ᠵᠣᠬᠢᠰᠲᠠᠶ ᠲᠣᠬᠢᠷᠠᠭᠤᠯᠵᠤ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠠᠵᠢᠯ ᠤᠨ ᠬᠤᠪᠢᠶᠠᠷᠢᠯᠠᠯ ᠵᠦᠶ ᠵᠣᠬᠢᠰᠲᠠᠶ᠂ ᠰᠢᠢᠳᠪᠦᠷᠢᠳᠦ ᠪᠣᠳᠣᠯᠭ᠎ᠠ ᠨᠢ ᠰᠢᠨᠵᠢᠯᠡᠬᠦ ᠤᠬᠠᠭᠠᠨᠴᠢ᠂ ᠬᠡᠷᠡᠭᠵᠢᠭᠦᠯᠦᠯᠲᠡ ᠨᠢ ᠤᠷᠤᠭᠰᠢᠲᠠᠶ᠂ ᠬᠢᠨᠠᠯᠲᠠ ᠲᠠᠯᠪᠢᠯᠲᠠ ᠨᠢ ᠴᠢᠩᠭ᠎ᠠ ᠪᠠᠶᠢᠬᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠪᠠᠶᠢᠭᠤᠯᠤᠯ ᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃      ︵ᠬᠤᠶᠠᠷ︶ ᠠᠵᠢᠯ ᠡᠷᠬᠡ ᠲᠥᠪᠯᠡᠷᠡᠭᠰᠡᠨ᠂ ᠴᠣᠮᠬᠠᠨ ᠪᠥᠭᠡᠳ ᠥᠨᠳᠥᠷ ᠪᠦᠲᠦᠮᠵᠢᠲᠡᠢ ᠪᠠᠶᠢᠯᠭᠠᠨ᠎ᠠ᠃ ᠬᠢᠨᠠᠨ ᠵᠥᠪᠰᠢᠶᠡᠷᠡᠬᠦ ᠡᠷᠬᠡ ᠲᠤᠰᠢᠶᠠᠯ ᠢ ᠡᠮᠬᠢᠯᠡᠨ ᠨᠡᠶᠢᠯᠡᠭᠦᠯᠬᠦ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠬᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠨᠢᠭᠡ ᠰᠠᠯᠠᠭ᠎ᠠ ᠮᠥᠴᠢᠷ ᠲᠤ ᠲᠥᠪᠯᠡᠷᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠡᠬᠢ ᠪᠠᠶᠠᠯᠢᠭ ᠤᠨ ᠲᠥᠪᠯᠡᠷᠡᠯ ᠤᠨ ᠳᠠᠪᠠᠭᠤᠯᠢᠭ ᠢ ᠪᠠᠳᠠᠷᠠᠭᠤᠯᠤᠨ᠂ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠡᠷᠬᠢᠯᠡᠬᠦ ᠳᠡᠰ ᠳᠠᠷᠠᠭᠠᠯᠠᠯ ᠢ ᠳᠥᠭᠦᠮᠴᠢᠯᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠬᠢᠨᠠᠬᠤ ᠪᠠ ᠬᠠᠮᠢᠶᠠᠷᠬᠤ ᠶᠢ ᠰᠠᠯᠭᠠᠵᠤ᠂ ᠬᠢᠨᠠᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃     ︽ᠬᠡᠨ ᠬᠢᠨᠠᠨ ᠵᠥᠪᠰᠢᠶᠡᠷᠡᠪᠡᠯ ᠲᠡᠷᠡ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠪᠠᠯ ᠲᠡᠷᠡ ᠬᠢᠨᠠᠨ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠢᠭᠡᠳ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠢ ᠢᠯᠭᠠᠨ ᠲᠣᠳᠣᠷᠬᠠᠶᠢᠯᠠᠵᠤ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠬᠠᠷᠢᠯᠴᠠᠨ ᠰᠠᠯᠭᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠳᠤ ᠬᠠᠷᠢᠭᠤᠴᠠᠵᠤ᠂ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠵᠥᠪᠰᠢᠶᠡᠷᠡᠭᠰᠡᠨ ᠤ ᠳᠠᠷᠠᠭᠠᠬᠢ ᠬᠢᠨᠠᠠ ᠬᠠᠮᠢᠶᠠᠷᠤᠯᠲᠠ ᠳᠤ ᠬᠠᠷᠢᠭᠤᠴᠠᠵᠤ᠂ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠠᠷᠢᠯᠴᠠᠨ ᠬᠠᠮᠵᠢᠯᠴᠠᠵᠤ᠂ ᠬᠢᠨᠠᠨ ᠬᠠᠮᠢᠶᠠᠷᠬᠤ ᠲᠣᠭᠲᠠᠴᠠ ᠪᠠᠨ ᠲᠡᠭᠦᠯᠳᠡᠷᠵᠢᠭᠦᠯᠦᠨ᠂ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠢᠨᠠᠨ ᠬᠠᠮᠢᠶᠠᠷᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃      ︵ᠳᠥᠷᠪᠡ︶ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠦᠨ ᠠᠰᠢᠭ ᠬᠦᠷᠲᠡᠭᠡᠨ᠎ᠡ᠃ ᠣᠯᠠᠨ ᠲᠦᠮᠡᠨ ᠳᠤ ᠦᠢᠯᠡᠴᠢᠯᠡᠬᠦ᠂ ᠠᠵᠤ ᠠᠬᠤᠶᠢᠯᠠᠯ ᠳᠤ ᠳᠥᠭᠦᠮ ᠦᠵᠡᠭᠦᠯᠬᠦ ᠪᠠᠷ ᠡᠭᠦᠰᠴᠡ ᠪᠣᠯᠭᠠᠨ᠂ ᠬᠢᠨᠠᠨ ᠵᠥᠪᠰᠢᠶᠡᠷᠡᠬᠦ ᠪᠦᠬᠦ ᠶᠠᠪᠤᠴᠠ ᠶᠢ ᠢᠯᠡ ᠨᠡᠶᠢᠲᠡᠯᠡᠵᠦ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ ᠦᠢᠯᠡᠴᠢᠯᠡᠬᠡᠨ ᠤ  ᠵᠦᠢᠯᠡᠰ ᠢ ᠲᠥᠪᠯᠡᠷᠡᠭᠦᠯᠦᠨ ᠬᠦᠢᠴᠡᠳᠬᠡᠬᠦ ᠶᠢ ᠠᠬᠢᠭᠤᠯᠵᠤ᠂ ᠦᠢᠯᠡᠴᠢᠯᠡᠬᠡᠨ ᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠨ᠂ ᠴᠢᠳᠠᠮᠵᠢ ᠨᠢ ᠪᠦᠷᠢᠨ ᠲᠡᠭᠦᠯᠳᠡᠷ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ ᠢ ᠴᠢᠩᠭᠠᠷᠠᠭᠤᠯᠤᠨ᠎ᠠ᠃      ᠭᠤᠷᠪᠠ᠂ ᠭᠤᠣᠯ ᠠᠭᠤᠯᠭ᠎ᠠ      ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠬᠡᠷᠡᠭᠵᠢᠭᠦᠯᠦᠨ᠎ᠡ᠃ ᠤᠤᠯ ᠤᠨ ᠡᠭᠦᠷᠭᠡ ᠴᠢᠳᠠᠮᠵᠢ ᠶᠢᠨ ᠰᠠᠭᠤᠷᠢᠨ ᠳᠡᠭᠡᠷ᠎ᠡ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠴᠢᠳᠠᠮᠵᠢ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠲᠥᠪᠯᠡᠷᠡᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠷᠭᠡ ᠴᠢᠳᠠᠮᠵᠢ ᠶᠢ ᠨᠢᠭᠡᠳᠬᠡᠨ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠭᠤᠣᠯ ᠴᠣᠭᠴᠠ ᠪᠣᠯᠤᠭᠰᠠᠨ ᠤ ᠬᠤᠪᠢ ᠳᠤ᠂ ᠭᠤᠣᠯᠳᠠᠭᠤ ᠬᠤᠪᠢᠶᠠᠷᠢᠯᠠᠨ ᠰᠢᠯᠵᠢᠭᠦᠯᠦᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠲᠡᠭᠦᠨ ᠤ ᠬᠡᠷᠡᠭᠵᠢᠭᠦᠯᠵᠦ ᠪᠦᠬᠦᠢ ᠵᠠᠰᠠᠭ ᠵᠠᠬᠢᠷᠭᠠᠨ ᠤ ᠡᠷᠬᠡ ᠳᠤᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ ᠬᠠᠮᠢᠶᠠᠷᠤᠨ ᠬᠢᠨᠠᠯᠲᠠ ᠲᠠᠯᠪᠢᠵᠤ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠴᠣᠩᠬᠤ ᠵᠢᠴᠢ ᠠᠵᠢᠯᠲᠠᠨ ᠢ ᠵᠣᠬᠢᠶᠠᠨ ᠪᠠᠶᠢᠭᠤᠯᠤᠨ  ᠳᠦᠷᠢᠮᠵᠢᠭᠰᠡᠨ᠂ ᠥᠨᠳᠥᠷ ᠦᠷ᠎ᠡ ᠪᠦᠳᠦᠮᠵᠢᠳᠡᠢ᠂ ᠰᠢᠯᠢᠳᠡᠭ ᠦᠢᠯᠡᠴᠢᠯᠡᠭᠡ ᠬᠠᠩᠭᠠᠨ᠎ᠠ︔ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠲᠣᠭᠲᠠᠭᠠᠬᠤ᠂ ᠠᠵᠢᠯ ᠲᠥᠷᠥᠯ ᠤᠨ ᠬᠠᠮᠢᠶᠠᠷᠤᠯᠲᠠ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠠ ᠬᠠᠮᠢᠶᠠᠷᠤᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠰᠠᠯᠭᠠᠨ᠎ᠠ᠃      ︽ᠣᠷᠣᠨ ᠲᠤᠭ᠎ᠠ ᠨᠢ ᠠᠵᠢᠯ ᠶᠠᠪᠤᠳᠠᠯ ᠢ ᠳᠠᠭᠠᠬᠤ᠂ ᠬᠥᠮᠦᠨ ᠨᠢ ᠣᠷᠣᠨ ᠲᠤᠭ᠎ᠠ ᠶᠢ ᠳᠠᠭᠠᠬᠤ︾ ᠵᠠᠷᠴᠢᠮ ᠶᠣᠰᠣᠭᠠᠷ᠂ ᠬᠤᠪᠢᠶᠠᠷᠢᠯᠠᠨ ᠰᠢᠯᠵᠢᠭᠦᠯᠬᠦ ᠡᠭᠦᠷᠭᠡ  ᠴᠢᠳᠠᠮᠵᠢ ᠲᠠᠢ ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠠᠵᠢᠯᠲᠠᠨ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠷᠢᠯᠠᠨ ᠰᠢᠯᠵᠢᠭᠦᠯᠦᠨ᠎ᠡ᠃      ︵ᠬᠤᠶᠠᠷ︶ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠳᠤ ᠪᠦᠯᠦᠭ ᠬᠤᠪᠢᠶᠠᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠬᠦ᠂ ᠢᠳᠡᠪᠬᠢᠲᠡᠶ ᠪᠥᠭᠡᠳ ᠯᠠᠪᠳᠠᠭᠤᠨ ᠪᠠᠶᠢᠬᠤ ᠵᠠᠷᠴᠢᠮ ᠢ ᠦᠨᠳᠦᠰᠦᠯᠡᠨ᠂ ᠨᠤᠲᠠᠯᠠᠭᠰᠠᠨ ᠤ ᠳᠠᠷᠠᠭ᠎ᠠ ᠬᠤᠪᠢᠶᠠᠷᠢᠯᠠᠨ ᠰᠢᠯᠵᠢᠭᠦᠯᠬᠦ ᠪᠠᠷ ᠲᠣᠭᠲᠠᠭᠠᠭᠰᠠᠨ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠬᠠᠭᠤᠳᠠᠰᠤ ᠶᠢ ᠨᠠᠷᠢᠨ ᠬᠠᠭᠤᠳᠠᠰᠤ ᠳᠤ ᠵᠢᠭᠰᠠᠭᠠᠭᠰᠠᠨ ᠵᠦᠢᠯᠡᠰ ᠤᠨ ᠶᠣᠰᠣᠭᠠᠷ ᠠᠯᠬᠤᠮ ᠠᠯᠬᠤᠮ ᠢᠶᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠷᠢᠯᠠᠨ ᠰᠢᠯᠵᠢᠭᠦᠯᠦᠨ᠎ᠡ᠃ ᠲᠦᠷᠦᠭᠦᠦ ᠪᠦᠯᠦᠭ ᠬᠤᠪᠢᠶᠠᠷᠢᠯᠠᠨ ᠰᠢᠯᠵᠢᠭᠦᠯᠬᠦ ᠶᠢ ᠠᠵᠤ ᠠᠬᠤᠶᠢᠯᠠᠯ ᠪᠠ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠦᠷᠭᠦᠯᠵᠢ ᠡᠭᠦᠰᠬᠦ᠂ ᠭᠤᠶᠤᠴᠢᠯᠠᠬᠤ ᠬᠡᠮᠵᠢᠶ᠎ᠡ ᠶᠡᠭᠡ᠂ ᠲᠣᠳᠣᠷᠬᠠᠶ ᠵᠥᠪᠰᠢᠶᠡᠷᠡᠬᠦ ᠪᠠᠷᠢᠮᠵᠢᠶ᠎ᠠ ᠪᠠ ᠲᠠᠰ ᠳᠠᠷᠠᠭᠠᠯᠠᠯ ᠲᠠᠢ ᠪᠠᠶᠢᠵᠤ᠂ ᠨᠠᠩ ᠠᠷᠠᠳ ᠲᠤ ᠲᠥᠬᠦᠮ ᠥᠨᠳᠥᠷ ᠪᠦᠲᠦᠮᠵᠢᠲᠡᠶ ᠮᠥᠷᠲᠡᠭᠡᠨ ᠬᠤᠪᠢᠶᠠᠷᠢᠯᠠᠨ ᠰᠢᠯᠵᠢᠭᠦᠯᠬᠦ ᠶᠢ ᠬᠡᠷᠡᠭᠵᠢᠭᠦᠯᠬᠦ ᠳᠤ ᠬᠢᠯᠪᠠᠷ ᠵᠦᠢᠯᠡᠰ ᠢ ᠲᠥᠪᠯᠡᠷᠡᠭᠦᠯᠦᠨ ᠬᠦᠢᠴᠡᠳᠬᠡᠵᠦ᠂ ᠬᠤᠪᠢᠶᠠᠷᠢᠯᠠᠨ ᠰᠢᠯᠵᠢᠭᠦᠯᠬᠦ ᠨᠥᠬᠦᠴᠡᠯ ᠢ ᠲᠦᠷ ᠪᠦᠷᠢᠯᠳᠦᠭᠦᠯᠦᠭᠡᠳᠦᠶ ᠵᠦᠢᠯᠡᠰ ᠢ ︽ᠨᠢᠭᠡ ᠪᠦᠯᠦᠭ ᠪᠣᠯᠪᠠᠰᠤᠷᠠᠩᠭᠤᠶ ᠪᠣᠯᠪᠠᠯ᠂ ᠨᠢᠭᠡ ᠪᠦᠯᠦᠭ ᠢ ᠬᠤᠪᠢᠶᠠᠷᠢᠯᠠᠨ ᠰᠢᠯᠵᠢᠭᠦᠯᠬᠦ︾ ᠵᠠᠷᠴᠢᠮ ᠶᠣᠰᠣᠭᠠᠷ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠴᠠᠭ ᠲᠤᠬᠠᠶ ᠳᠤᠨᠢ ᠬᠤᠪᠢᠶᠠᠷᠢᠯᠠᠨ ᠰᠢᠯᠵᠢᠭᠦᠯᠬᠦ ᠬᠡᠷᠡᠭᠲᠡᠶ᠃ ᠲᠥᠪᠯᠡᠷᠡᠭᠦᠯᠦᠨ ᠬᠢᠨᠠᠨ ᠵᠥᠪᠰᠢᠶᠡᠷᠡᠬᠦ ᠪᠠᠷ ᠳᠠᠮᠵᠢᠭᠤᠯᠤᠨ᠂ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠵᠦᠢᠯᠡᠰ ᠢ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭ᠎ᠠ᠂ ᠡᠯ᠎ᠡ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠠᠵᠢᠯ ᠢ ᠥᠷᠨᠢᠭᠦᠯᠬᠦ ᠳᠤ ᠬᠡᠷᠡᠭᠰᠡᠬᠦ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ ᠤᠨ ᠪᠢᠴᠢᠭ ᠬᠠᠷ᠎ᠠ᠂ ᠲᠠᠩᠰᠠ ᠡᠪᠬᠡᠮᠡᠯ ᠤᠨ ᠮᠠᠲ᠋ᠧᠷᠢᠶᠠᠯ ᠵᠡᠷᠭᠡ ᠶᠢ ᠨᠢᠭᠡᠳᠦᠯᠲᠡᠶ ᠰᠢᠯᠵᠢᠭᠦᠯᠦᠨ ᠲᠤᠰᠢᠶᠠᠬᠤ ᠬᠡᠷᠡᠭᠲᠡᠶ᠃ ᠬᠤᠪᠢᠶᠠᠷᠢᠯᠠᠨ ᠰᠢᠯᠵᠢᠭᠦᠯᠬᠦ ᠵᠦᠢᠯᠡᠰ ᠢ ᠨᠢᠭᠡᠨᠲᠡ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠨᠠᠶᠢᠳᠠᠨ ᠬᠡᠷᠡᠭᠵᠢᠭᠦᠯᠦᠭᠰᠡᠨ ᠪᠠᠶᠢᠪᠠᠯ᠂ ᠤᠤᠯ ᠤᠨ ᠨᠠᠶᠢᠳᠠᠭᠰᠠᠨ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠠᠢ ᠬᠠᠮᠵᠢᠯᠴᠠᠨ ᠨᠠᠶᠢᠳᠠᠯᠭ᠎ᠠ ᠶᠢᠨ ᠭᠠᠷᠳᠠᠮ ᠢ ᠳᠠᠭᠢᠵᠤ ᠬᠦᠢᠴᠡᠳᠬᠡᠨ᠎ᠡ᠃ ᠬᠤᠪᠢᠶᠠᠷᠢᠯᠠᠨ ᠰᠢᠯᠵᠢᠭᠦᠯᠦᠭᠡᠳᠦᠶ ᠵᠦᠢᠯᠡᠰ ᠢ ︽ᠰᠠᠯᠠᠭ᠎ᠠ ᠮᠥᠴᠢᠷ ᠤᠨ ᠵᠥᠪᠰᠢᠶᠡᠷᠡᠬᠦ ᠡᠭᠦᠷᠭᠡ ᠴᠢᠳᠠᠮᠵᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠲᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶ᠎ᠡ ᠪᠠᠷ ᠬᠦᠢᠴᠡᠳᠬᠡᠬᠦ ᠳᠤ ᠲᠥᠪᠯᠡᠷᠡᠭᠦᠯᠬᠦ᠂ ᠵᠦᠢᠯᠡᠰ ᠢ ᠲᠢᠩᠬᠢᠮ ᠳᠤ ᠣᠷᠣᠭᠤᠯᠬᠤ᠂ ᠬᠢᠨᠠᠨ ᠵᠥᠪᠰᠢᠶᠡᠷᠡᠬᠦ ᠡᠷᠬᠡ ᠣᠯᠭᠤᠯᠲᠠ ᠶᠢ ᠴᠣᠩᠬᠤᠪᠴᠢ ᠳᠤ ᠳᠣᠬᠢᠷᠠᠭᠤᠯᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠲᠥᠪᠯᠡᠷᠡᠭᠦᠯᠦᠨ ᠬᠦᠢᠴᠡᠳᠬᠡᠵᠦ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ︽ᠵᠥᠪᠬᠡᠨ ᠨᠢᠭᠡ ᠯᠡ ᠡᠭᠦᠳᠡ ᠪᠠᠷ ᠣᠷᠣᠭᠤᠯᠬᠤ︾ ᠶᠢ ᠦᠨᠡᠨᠬᠦ ᠪᠠᠲᠤᠯᠠᠨ᠎ᠠ᠃      ᠵᠦᠢᠯᠡᠰ ᠢ ᠬᠤᠪᠢᠶᠠᠷᠢᠯᠠᠨ ᠰᠢᠯᠵᠢᠭᠦᠯᠬᠦ ᠳᠤᠮᠳᠠ᠂ ᠬᠢᠨᠠᠨ ᠵᠥᠪᠰᠢᠶᠡᠷᠡᠬᠦ ᠠᠴᠠ ᠡᠮᠦᠨᠡᠬᠢ ᠪᠣᠯᠪᠠᠰᠤᠷᠠᠯ᠂ ᠰᠢᠯᠭᠠᠯᠲᠠ ᠵᠢᠴᠢ ᠬᠠᠤᠯᠢ ᠶᠣᠰᠣᠭᠠᠷ ᠲᠤᠬᠠᠶ ᠶᠢᠨ ᠲᠠᠯᠠᠪᠠᠶ ᠳᠤ ᠣᠴᠢᠵᠤ ᠰᠢᠨᠵᠢᠬᠦ᠂ ᠮᠡᠷᠭᠡᠵᠢᠯ ᠢ ᠬᠢᠨᠠᠨ ᠬᠠᠷᠭᠤᠭᠤᠯᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠡᠷᠭᠡ ᠵᠦᠢᠯᠡᠰ ᠲᠤ ᠬᠤᠯᠪᠣᠭᠳᠠᠭᠰᠠᠨ ᠪᠠᠶᠢᠪᠠᠯ᠂ ᠡᠯ᠎ᠡ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷ ᠴᠠᠭ ᠡᠭᠦᠷᠭᠡᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠥᠷᠨᠢᠭᠦᠯᠬᠦ ᠨᠥᠬᠦᠴᠡᠯ ᠢ ᠪᠦᠷᠢᠳᠦᠭᠦᠯᠦᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠲᠤᠰᠢᠶᠠᠵᠤ ᠪᠥᠬᠦ ᠴᠤᠪᠤᠷᠠᠯ ᠢᠶᠠᠷ  ᠬᠦᠢᠴᠡᠳᠬᠡᠵᠦ ᠪᠣᠯᠤᠨ᠎ᠠ᠃      ︵ᠭᠤᠷᠪᠠ︶ ᠰᠠᠯᠠᠭ᠎ᠠ ᠮᠥᠴᠢᠷ ᠤᠨ ᠵᠣᠬᠢᠴᠠᠯᠳᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠤᠷᠤᠭᠰᠢᠲᠠᠶ ᠲᠥᠪᠯᠡᠷᠡᠭᠦᠯᠦᠨ ᠬᠡᠷᠡᠭᠵᠢᠭᠦᠯᠬᠦ ᠶᠢ ᠪᠠᠳᠣᠯᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠡᠷᠭᠡ ᠡᠭᠦᠷᠭᠡ ᠴᠢᠳᠠᠮᠵᠢ ᠶᠢ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠢᠭᠡᠳ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠤᠪᠢᠶᠠᠷᠢᠯᠠᠨ ᠰᠢᠯᠵᠢᠭᠦᠯᠬᠦ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠲᠡᠭᠦᠨ ᠤ ᠬᠡᠷᠡᠭᠵᠢᠭᠦᠯᠬᠦ ᠵᠠᠰᠠᠭ ᠵᠠᠬᠢᠷᠭᠠᠨ ᠤ ᠡᠷᠬᠡ ᠳᠤ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠵᠦᠢᠯᠡᠰ ᠢ ᠬᠦᠢᠴᠡᠳᠬᠡᠬᠦ ᠳᠤ ᠬᠠᠤᠯᠢ ᠴᠠᠭᠠᠵᠠ ᠶᠢᠨ ᠬᠦᠴᠦᠨ ᠲᠠᠢ᠂ ᠤᠤᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠲᠠᠮᠠᠭ᠎ᠠ ᠪᠠᠨ ᠳᠠᠷᠤᠭᠤᠯᠬᠤ ᠪᠠᠷ ᠱᠠᠭᠠᠷᠳᠠᠵᠤ ᠪᠣᠯᠬᠤ ᠥᠬᠡᠶ᠂ ᠳᠠᠪᠬᠤᠷᠳᠠᠭᠤᠯᠤᠨ ᠲᠠᠮᠠᠭ᠎ᠠ ᠳᠠᠷᠤᠬᠤ ᠶᠢ ᠡᠷᠡᠰ ᠬᠤᠷᠢᠭᠯᠠᠬᠤ ᠬᠡᠷᠡᠭᠲᠡᠶ᠃ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠡᠷᠬᠡ ᠲᠤᠰᠢᠶᠠᠯ ᠢᠶᠠᠨ ᠶᠠᠪᠤᠭᠤᠯᠬᠤ ᠦᠭᠡᠶ ᠪᠠᠶᠢᠵᠤ᠂ ᠠᠵᠢᠯ ᠤᠨ ᠭᠤᠣᠯᠳᠠᠯᠭ᠎ᠠ ᠪᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠳᠤᠯᠬᠤ᠂ ᠬᠢᠨᠠᠨ ᠵᠥᠪᠰᠢᠶᠡᠷᠡᠬᠦ ᠪᠠᠷᠢᠮᠵᠢᠶ᠎ᠠ ᠲᠣᠭᠲᠠᠭᠠᠬᠤ᠂ ᠠᠵᠢᠯ ᠶᠠᠪᠣᠳᠠᠯ ᠤᠨ ᠳᠤᠮᠳᠠ ᠪᠠ ᠠᠵᠢᠯ ᠶᠠᠪᠣᠳᠠᠯ ᠤᠨ ᠳᠠᠷᠠᠭ᠎ᠠ ᠬᠢᠨᠠᠨ ᠬᠠᠮᠢᠶᠠᠷᠬᠤ᠂ ᠣᠯᠠᠨ ᠨᠡᠶᠢᠲᠡ ᠶᠢᠨ ᠦᠢᠯᠡᠴᠢᠯᠡᠭᠡᠨ ᠢ ᠪᠦᠲᠦᠮᠵᠢᠲᠡᠶ ᠬᠠᠩᠭᠠᠬᠤ ᠳᠡᠭᠡᠷ᠎ᠡ ᠰᠢᠯᠵᠢᠭᠦᠯᠬᠦ ᠬᠡᠷᠡᠭᠲᠡᠶ᠃      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠢᠭᠡᠳ ᠠᠳᠠᠯᠢ ᠱᠠᠲᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠵᠣᠯᠭᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠠ ᠬᠠᠮᠢᠶᠠᠷᠤᠯᠲᠠ ᠶᠢ ᠴᠢᠩᠭᠠᠳᠬᠠᠵᠤ᠂ ᠨᠢᠭᠲᠠ ᠬᠠᠮᠵᠢᠯᠴᠠᠭᠰᠠᠨ᠂ ᠬᠠᠷᠢᠯᠴᠠᠨ ᠵᠣᠬᠢᠴᠠᠯᠳᠤᠭᠰᠠᠨ ᠠᠵᠢᠯ ᠤᠨ ᠳᠦᠯᠦᠪᠰᠢᠯ ᠢ ᠪᠣᠶ ᠪᠣᠯᠭᠠᠬᠤ ᠬᠡᠷᠡᠭᠲᠡᠶ᠃ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠬᠤᠤᠰ ᠴᠢᠭᠯᠡᠯ ᠢᠶᠠᠷ ᠮᠡᠳᠡᠭᠳᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠬᠠᠷᠢᠯᠴᠠᠨ ᠦᠢᠯᠡᠳᠦᠯᠴᠡᠬᠦ ᠰᠦᠯᠵᠢᠶᠡᠨ ᠤ ᠲᠠᠪᠴᠠᠩ ᠵᠢᠴᠢ ᠠᠯᠪᠠᠨ ᠵᠠᠬᠢᠳᠠᠯ᠂ ᠣᠬᠤᠷ ᠴᠢᠮᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠳᠠᠮᠵᠢᠭᠤᠯᠤᠨ ᠬᠦᠷᠭᠡᠵᠦ᠂ ᠬᠢᠨᠠᠨ ᠬᠠᠮᠢᠶᠠᠷᠬᠤ ᠪᠠ ᠨᠢᠭᠲᠠ ᠵᠣᠯᠭᠠᠭᠤᠯᠬᠤ ᠶᠢ ᠦᠨᠡᠨᠬᠦ ᠪᠠᠲᠤᠯᠠᠨ᠎ᠠ᠃ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠭᠤᠯᠭᠠᠭᠰᠠᠨ ᠪᠤᠶᠤ ᠰᠠᠯᠠᠭ᠎ᠠ ᠮᠥᠴᠢᠷ ᠤᠨ ᠰᠢᠨ᠎ᠡ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ᠂ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠴᠠᠭ ᠲᠤᠬᠠᠶ ᠳᠤᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠦᠷᠭᠡᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠶ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠢᠨᠠᠨ ᠵᠥᠪᠰᠢᠶᠡᠷᠡᠬᠦ ᠶᠠᠪᠤᠴᠠ ᠳᠤ ᠪᠤᠶ ᠪᠣᠯᠤᠭᠰᠠᠨ ᠡᠯ᠎ᠡ ᠲᠥᠷᠥᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠡᠯ᠎ᠡ ᠡᠭᠦᠷᠭᠡ ᠴᠢᠳᠠᠮᠵᠢᠳᠦ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠳᠤ ᠳᠥᠭᠦᠮ ᠦᠵᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠴᠢᠳᠠᠮᠵᠢ ᠶᠢ ᠲᠦᠷ ᠬᠤᠪᠢᠶᠠᠷᠢᠯᠠᠨ ᠰᠢᠯᠵᠢᠭᠦᠯᠬᠦ ᠦᠭᠡᠶ ᠪᠠᠶᠢᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠲᠦᠷᠦᠭᠦᠯᠡᠬᠦ ᠰᠠᠯᠠᠭ᠎ᠠ ᠮᠥᠴᠢᠷ ᠵᠢᠴᠢ ᠵᠣᠬᠢᠴᠠᠭᠤᠯᠬᠤ ᠵᠦᠢᠯᠡᠰ ᠤᠨ ᠴᠠᠭ ᠬᠤᠭᠤᠴᠠᠭ᠎ᠠ ᠪᠣᠯᠤᠨ ᠶᠠᠪᠤᠴᠠ ᠶᠢ ᠲᠣᠳᠣᠷᠬᠠᠶᠢᠯᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠬᠡᠬᠦ ᠶᠠᠪᠤᠴᠠ ᠳᠤ ᠰᠠᠯᠤᠩᠭᠢᠷᠠᠬᠤ ᠪᠤᠶᠤ ᠬᠠᠮᠢᠶᠠᠷᠤᠯᠲᠠ ᠶᠢᠨ ᠲᠠᠯ᠎ᠠ ᠪᠠᠷ ᠬᠤᠭᠤᠰᠣᠳᠠᠬᠤ ᠠᠴᠠ ᠵᠠᠶᠢᠯᠠᠰᠬᠢᠬᠦ ᠬᠡᠷᠡᠭᠲᠡᠶ᠃      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠢᠭᠡᠳ ᠳᠡᠭᠡᠳᠦ ᠱᠠᠲᠤᠨ ᠤ ᠡᠯ᠎ᠡ ᠠᠵᠢᠯ ᠲᠥᠷᠥᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠦᠨ᠂ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠᠶᠢᠭᠤᠯᠤᠮᠵᠢ ᠳᠠᠬᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠣᠯᠤᠨ ᠵᠣᠬᠢᠴᠠᠭᠤᠯᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠳᠡᠭᠡᠳᠦ ᠳᠣᠤᠷᠠᠳᠤ ᠱᠠᠲᠤᠨ ᠤ ᠬᠢ ᠶᠢ ᠵᠣᠯᠭᠠᠯᠳᠣᠭᠤᠯᠣᠨ ᠰᠠᠭᠠᠳ ᠦᠭᠡᠶ ᠨᠡᠪᠲᠡᠷᠡᠬᠦ᠂ ᠵᠠᠰᠠᠭ ᠤᠨ ᠵᠠᠷᠯᠢᠭ ᠤᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠳᠥᠷᠪᠡ︶ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠢᠨ᠎ᠡ ᠶᠢ ᠡᠭᠦᠳᠴᠦ᠂ ᠡᠷᠴᠢᠮᠯᠢᠭ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠎ᠠ᠃ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠳᠡᠰ ᠳᠠᠷᠠᠭᠠᠵᠢᠭᠤᠯᠬᠤ᠂ ᠪᠠᠷᠢᠮᠵᠢᠶᠠᠵᠢᠭᠤᠯᠬᠤ᠂ ᠰᠢᠨᠵᠢᠯᠡᠬᠦ ᠤᠬᠠᠭᠠᠨᠵᠢᠭᠤᠯᠬᠤ᠂ ᠮᠡᠳᠡᠭᠡ ᠵᠠᠩᠭᠢᠵᠢᠭᠤᠯᠬᠤ ᠥᠭᠡᠷᠡᠴᠢᠯᠡᠯᠲᠡ ᠶᠢᠨ ᠬᠠᠷᠠᠯᠲᠠ ᠶᠣᠰᠣᠭᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ ᠳᠦᠷᠢᠮᠵᠢᠬᠦᠯᠦᠨ ᠠᠵᠢᠯᠯᠠᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠣᠷᠣᠨ ᠪᠦᠰᠡ ᠪᠠᠷ ᠦᠨᠡᠯᠡᠨ ᠵᠢᠱᠢᠬᠦ᠂ ᠶᠡᠷᠦᠩᠬᠡᠶᠢᠯᠡᠨ ᠬᠠᠶᠢᠨ ᠰᠢᠨᠵᠢᠬᠦ᠂ ᠲᠥᠪᠯᠡᠷᠡᠭᠦᠯᠦᠨ ᠵᠢᠷᠤᠭ ᠵᠢᠷᠤᠵᠤ ᠬᠢᠨᠠᠬᠤ᠂ ᠨᠢᠭᠡᠨ ᠵᠢᠷᠤᠭ ᠲᠥᠯᠥᠪᠯᠡᠭᠡ ᠭᠠᠷᠭᠠᠬᠤ᠂ ᠬᠠᠮᠲᠤᠷᠠᠨ ᠰᠢᠯᠭᠠᠨ ᠠᠪᠬᠤ ᠵᠡᠷᠭᠡ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ︽ᠴᠤᠪᠤᠷᠠᠯ ᠢᠶᠠᠷ ᠬᠠᠮᠤᠭ ᠤᠨ ᠰᠢᠯᠢᠳᠡᠭ᠂ ᠬᠤᠭᠤᠴᠠᠭ᠎ᠠ ᠬᠢᠵᠠᠭᠠᠷ ᠢᠶᠠᠷ ᠬᠠᠮᠤᠭ ᠤᠨ ᠣᠬᠤᠷ᠂ ᠥᠪᠡᠷ ᠤᠨ ᠥᠷᠲᠡᠭ ᠢᠶᠠᠷ ᠬᠠᠮᠤᠭ ᠤᠨ ᠳᠤᠤᠷ᠎ᠠ᠂ ᠦᠢᠯᠡᠴᠢᠯᠡᠬᠡᠨ ᠢᠶᠠᠷ ᠬᠠᠮᠤᠭ ᠤᠨ ᠰᠠᠶᠢᠨ︾ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭᠠᠨ ᠤ ᠲᠣᠭᠲᠠᠴᠠ ᠶᠢ ᠬᠦᠴᠦᠯᠡᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ ᠪᠠᠷᠢᠮᠵᠢᠶᠠᠵᠢᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠴᠣᠩᠬᠤᠪᠴᠢ ᠶᠢᠨ ᠪᠠᠶᠢᠭᠤᠯᠤᠯᠲᠠ᠂ ᠴᠣᠩᠬᠤᠪᠴᠢ ᠶᠢᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ᠂ ᠦᠢᠯᠡᠴᠢᠯᠡᠭᠡᠨ ᠤ ᠦᠢᠯᠡ ᠠᠵᠢᠯᠯᠠᠭ᠎ᠠ ᠵᠢᠴᠢ ᠦᠢᠯᠡᠴᠢᠯᠡᠭᠡᠨ ᠤ ᠶᠠᠰᠤ ᠴᠢᠨᠠᠷ ᠲᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠪᠠᠷᠢᠮᠵᠢᠶᠠᠵᠢᠭᠤᠯᠬᠤ ᠪᠠᠷ ᠠᠵᠢᠯ ᠤᠨ ᠳᠦᠷᠢᠮᠵᠢᠯᠳᠡ ᠶᠢ ᠠᠬᠢᠭᠤᠯᠤᠨ᠂ ᠳᠦᠷᠢᠮᠵᠢᠬᠦᠯᠬᠦ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷᠵᠢᠭᠤᠨ ᠪᠣᠯᠬᠤ ᠶᠢ ᠪᠡᠶᠡᠯᠡᠭᠦᠯᠦᠨ᠎ᠡ᠃ ᠬᠢᠨᠠᠨ ᠵᠥᠪᠰᠢᠶᠡᠷᠡᠬᠦ ᠲᠤᠯᠭᠠᠭᠤᠷᠢᠯᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠮᠵᠢ ᠨᠢ ᠪᠦᠷᠢᠨ ᠲᠡᠭᠦᠯᠳᠡᠷ ᠣᠶᠤᠨᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ ᠶᠢᠨ ᠠᠯᠬᠤᠴᠠ ᠶᠢ ᠠᠬᠢᠭᠤᠯᠤᠨ᠂ ᠪᠣᠳᠠᠲᠤ ᠴᠣᠭᠴᠠᠲᠤ ᠠᠵᠢᠯ ᠶᠠᠪᠤᠳᠠᠯ ᠬᠦᠢᠴᠡᠳᠬᠡᠬᠦ ᠲᠢᠩᠬᠢᠮ ᠬᠢᠭᠡᠳ ᠰᠦᠯᠵᠢᠶ᠎ᠡ ᠪᠠᠷ ᠠᠵᠢᠯ ᠶᠠᠪᠤᠳᠠᠯ ᠬᠦᠢᠴᠡᠳᠬᠡᠬᠦ ᠲᠢᠩᠬᠢᠮ ᠢ ᠵᠡᠷᠭᠡᠪᠡᠷ ᠬᠠᠷᠢᠯᠴᠠᠨ ᠨᠥᠬᠦᠪᠥᠷᠢᠯᠡᠬᠦ᠂ ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ  ᠦᠢᠯᠡᠴᠢᠯᠡᠬᠡᠨ ᠢ ᠣᠷᠭᠠᠨᠢᠭ ᠢᠶᠠᠷ ᠠᠭᠤᠰᠤᠯᠴᠠᠭᠤᠯᠬᠤ ᠶᠢ ᠶᠡᠬᠡᠪᠡᠷ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ᠂ ᠴᠢᠨᠠᠷ ᠰᠠᠶᠢᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ᠠᠵᠢᠯ ᠶᠠᠪᠤᠳᠠᠯ ᠬᠦᠢᠴᠡᠳᠭᠡᠬᠦ ᠲᠢᠩᠬᠢᠮ ᠳᠤ ᠲᠥᠪᠯᠡᠷᠡᠭᠦᠯᠦᠨ ᠦᠢᠯᠡᠴᠢᠯᠡᠬᠦ ᠶᠢ ᠲᠡᠭᠦᠯᠳᠡᠷᠵᠢᠭᠦᠯᠵᠦ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠬᠦᠢᠴᠡᠳᠬᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ︽ᠨᠢᠭᠡ ᠴᠣᠩᠬᠤᠪᠴᠢ ᠪᠠᠷ ᠨᠡᠶᠢᠳᠡᠮ ᠬᠦᠢᠴᠡᠳᠬᠡᠬᠦ︾ ᠵᠠᠭᠪᠤᠷ ᠢ ᠳᠣᠭᠢᠷᠠᠭᠤᠯᠵᠤ᠂ ᠳᠦᠷᠢᠮᠵᠢᠭᠰᠡᠨ᠂ ᠪᠠᠷᠢᠮᠵᠢᠶᠠᠵᠢᠭᠰᠠᠨ ᠶᠡᠷᠦᠩᠬᠡᠶᠢᠯᠡᠭᠰᠡᠨ ᠴᠣᠩᠬᠤᠪᠴᠢ ᠪᠠᠷ ᠦᠢᠯᠡᠴᠢᠯᠡᠬᠦ ᠳᠤ ᠲᠦᠰᠢᠭᠯᠡᠨ᠂ ᠤᠴᠢᠷ ᠶᠠᠪᠤᠳᠠᠯ ᠢ ᠵᠥᠷᠢᠶ᠎ᠡ ᠥᠬᠡᠶ ᠬᠦᠢᠴᠡᠳᠬᠡᠬᠦ ᠶᠢ ᠪᠡᠶᠡᠯᠡᠭᠦᠯᠵᠦ᠂ ᠤᠴᠢᠷ ᠶᠠᠪᠤᠳᠠᠯ ᠢ ᠪᠥᠬᠦ ᠠᠶᠢᠮᠠᠭ ᠲᠤ ᠨᠡᠶᠢᠳᠡᠮ ᠬᠦᠢᠴᠡᠳᠬᠡᠬᠦ ᠶᠢ ᠠᠬᠢᠭᠤᠯᠤᠨ᠎ᠠ᠃      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠬᠢᠭᠡᠳ ᠣᠯᠠᠨ ᠨᠡᠶᠢᠲᠡ ᠶᠢᠨ ᠦᠢᠯᠡᠴᠢᠯᠡᠬᠡᠨ ᠤ ᠵᠦᠢᠯᠡᠰ ᠤᠨ ᠮᠡᠳᠡᠭᠡ ᠵᠠᠩᠭᠢ ᠶᠢ ᠬᠠᠮᠲᠤᠪᠠᠷ ᠬᠤᠪᠢᠶᠠᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠢ ᠬᠦᠢᠴᠡᠳ ᠬᠡᠷᠡᠭᠯᠡᠨ᠂ ᠠᠳᠠᠯᠢ ᠪᠤᠰᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ ᠪᠠ ᠠᠷᠠᠳ ᠤᠨ ᠠᠮᠢᠳᠤᠷᠠᠯ ᠤᠨ ᠦᠢᠯᠡᠴᠢᠯᠡᠬᠡᠨ ᠤ ᠤᠲᠠᠰᠤ ᠶᠢ ᠡᠮᠬᠢᠯᠡᠨ ᠨᠡᠶᠢᠯᠡᠭᠦᠯᠵᠦ᠂ ᠠᠵᠢᠯ ᠶᠠᠪᠣᠳᠠᠯ ᠤᠨ ᠡᠮᠦᠨᠡᠬᠢ ᠪᠠ ᠠᠵᠢᠯ ᠶᠠᠪᠣᠳᠠᠯ ᠤᠨ ᠳᠠᠷᠠᠭᠠᠬᠢ ᠮᠡᠳᠡᠭᠡ ᠵᠠᠩᠭᠢ ᠶᠢ ᠨᠢᠭᠲᠠ ᠵᠣᠯᠭᠠᠭᠤᠯᠬᠤ ᠪᠠ ᠠᠳᠠᠯᠢ ᠪᠤᠰᠤ ᠰᠠᠯᠠᠭ᠎ᠠ ᠮᠥᠴᠢᠷ ᠤᠨ ᠳ᠋ᠠᠶᠢᠲ᠋ᠠ ᠪᠠᠨ ᠰᠣᠯᠢᠯᠴᠠᠵᠤ ᠬᠠᠮᠲᠤᠪᠠᠷ ᠭᠥᠷᠳᠡᠬᠦ ᠲᠣᠭᠲᠠᠴᠠ ᠶᠢ ᠪᠦᠷᠢᠨᠰᠢᠬᠦᠯᠵᠦ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠪᠠᠨ ᠳ᠋ᠠᠶᠢᠲ᠋ᠠ ᠪᠠᠨ ᠵᠣᠯᠭᠠᠭᠤᠯᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠲᠠᠰ ᠳᠡᠪᠰᠢᠬᠦ ᠶᠢ ᠠᠬᠢᠭᠤᠯᠤᠨ᠎ᠠ᠃      ︵ᠲᠠᠪᠤ︶ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠴᠢᠩᠭᠠᠷᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠬᠡᠨ ᠳᠤ ᠪᠦᠲᠦᠮᠵᠢᠲᠡᠶ ᠬᠢᠨᠠᠯᠲᠠ ᠲᠠᠯᠪᠢᠬᠤ ᠶᠢ ᠦᠨᠡᠨᠬᠦ ᠪᠠᠳᠣᠯᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠲᠤᠰ ᠲᠤᠰ ᠲᠤᠰᠬᠠᠶᠢᠵᠢᠭᠰᠠᠨ ᠬᠦᠯᠢᠶᠡᠨ ᠠᠪᠬᠤ ᠡᠩᠨᠡᠭᠡ ᠪᠠ ᠬᠢᠨᠠᠨ ᠵᠥᠪᠰᠢᠶᠡᠷᠡᠬᠦ ᠡᠩᠨᠡᠭᠡ ᠶᠢ ᠪᠠᠶᠢᠭᠤᠯᠤᠨ᠂ ︽ᠬᠦᠯᠢᠶᠡᠨ ᠠᠪᠬᠤ ᠪᠠ ᠬᠢᠨᠠᠨ ᠵᠥᠪᠰᠢᠶᠡᠷᠡᠬᠦ ᠶᠢ ᠰᠠᠯᠭᠠᠬᠤ︾ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠵᠦ ᠭᠦᠢᠴᠡᠳᠬᠡᠭᠰᠡᠨ ᠤ ᠳᠠᠷᠠᠭ᠎ᠠ ᠮᠡᠳᠡᠭᠡ ᠵᠠᠩᠭᠢ ᠰᠣᠯᠢᠯᠴᠠᠬᠤ ᠲᠠᠪᠴᠠᠩ ᠢᠶᠠᠷ ᠳᠠᠮᠵᠢᠭᠤᠯᠤᠨ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠵᠦ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ᠬᠡᠪᠰᠢᠭᠰᠡᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠬᠢᠨᠠᠠ ᠬᠠᠮᠢᠶᠠᠷᠤᠯᠲᠠ ᠶᠢᠨ  ᠵᠦᠢᠯᠡᠰ ᠢ ᠦᠨᠳᠦᠰᠦᠯᠡᠨ᠂ ᠡᠳᠦᠷ ᠲᠤᠲᠤᠮ ᠤᠨ ᠬᠢᠨᠠᠠ ᠪᠠᠶᠢᠴᠠᠭᠠᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠶᠢ ᠦᠶ᠎ᠡ ᠵᠠᠢ ᠥᠬᠡᠶ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠶ᠃ ᠡᠯᠧᠺᠲᠷᠣᠨ ᠢᠶᠠᠷ ᠬᠢᠨᠠᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠦᠨᠡᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠴᠣᠩᠬᠤᠪᠴᠢ ᠪᠠᠷ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠢᠯᠡ ᠠᠵᠢᠯᠯᠠᠭ᠎ᠠ ᠳᠤ ᠦᠨᠡᠯᠡᠯᠲᠡ ᠬᠢᠵᠦ ᠬᠢᠨᠠᠯᠲᠠ ᠲᠠᠯᠪᠢᠬᠤ ᠶᠢ ᠴᠢᠩᠭᠠᠷᠠᠭᠤᠯᠬᠤ ᠬᠡᠷᠡᠭᠲᠡᠶ᠃ ᠬᠢᠨᠠᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠠᠯ᠎ᠠ ᠶᠢᠨ ᠬᠢᠨᠠᠯᠲᠠ ᠶᠢ ᠴᠢᠩᠭᠠᠳᠬᠠᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠮᠠᠯᠠᠯᠲᠠ ᠶᠢᠨ ᠬᠠᠷᠢᠭᠤᠴᠠᠯᠭ᠎ᠠ ᠶᠢᠨ ᠳᠦᠷᠢᠮ᠂ ᠬᠤᠪᠢ ᠬᠥᠮᠦᠨ ᠤ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠳᠦᠷᠢᠮ ᠵᠡᠷᠭᠡ ᠳᠦᠷᠢᠮ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠬᠡᠮᠵᠢᠶ᠎ᠡ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠪᠥᠬᠦ ᠶᠠᠪᠤᠴᠠ ᠳᠤ ᠪᠦᠬᠦᠨ ᠢ ᠢᠯᠡ ᠪᠠᠶᠢᠯᠭᠠᠬᠤ ᠶᠢ ᠬᠡᠷᠡᠭᠵᠢᠭᠦᠯᠦᠨ᠂ ᠣᠯᠠᠨ ᠲᠦᠮᠡᠨ ᠪᠠ ᠨᠡᠶᠢᠭᠡᠮ ᠤᠨ ᠬᠢᠨᠠᠯᠲᠠ ᠶᠢ ᠬᠦᠢᠴᠡᠳ ᠬᠦᠯᠢᠶᠡᠵᠦ᠂ ᠣᠯᠠᠨ ᠨᠡᠶᠢᠲᠡ ᠶᠢᠨ ᠬᠢᠨᠠᠯᠲᠠ ᠲᠠᠯᠪᠢᠬᠤ᠂ ᠲᠤᠰᠬᠠᠶ ᠬᠠᠷᠢᠭᠤᠴᠠᠯᠭ᠎ᠠ ᠶᠢᠨ ᠬᠢᠨᠠᠯᠲᠠ ᠲᠠᠯᠪᠢᠬᠤ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠬᠠᠮᠢᠶᠠᠷᠬᠤ ︽ᠭᠤᠷᠪᠠ ᠶᠢ ᠨᠢᠭᠡ ᠴᠣᠭᠴᠠᠵᠢᠭᠤᠯᠬᠤ︾ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃      ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ      ︵ᠨᠢᠭᠡ︶ ᠲᠥᠰᠦᠯ ᠲᠣᠭᠲᠠᠭᠠᠬᠤ ᠱᠠᠲᠤ ᠦᠶ᠎ᠡ ︵2020 ᠣᠨ ᠤ 10 ᠳ᠋ᠤᠭᠠᠷ ᠰᠠᠷ᠎ᠠ — 12 ᠳ᠋ᠤᠭᠠᠷ ᠰᠠᠷ᠎ᠠ︶      ᠠᠯᠠᠱᠠ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠡᠷᠡᠭᠵᠢᠭᠦᠯᠬᠦ ᠲᠥᠰᠦᠯ ᠲᠣᠭᠲᠠᠭᠠᠵᠤ᠂ ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠳᠡᠰ ᠳᠠᠷᠠᠭᠠᠯᠠᠯ ᠤᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃      ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠲᠤ ᠦᠶ᠎ᠡ ︵2021 ᠣᠨ ᠤ 1 ᠳ᠋ᠣᠭᠡᠷ ᠰᠠᠷ᠎ᠠ —2021 ᠣᠨ ᠤ 12 ᠳ᠋ᠤᠭᠠᠷ ᠰᠠᠷ᠎ᠠ︶     1 . ᠲᠥᠰᠦᠯ ᠢᠶᠠᠨ ᠮᠡᠳᠡᠭᠦᠯᠵᠦ ᠬᠢᠨᠠᠨ ᠵᠦᠪᠰᠢᠶᠡᠷᠡᠬᠦᠯᠦᠨ᠎ᠡ᠃ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠭᠤᠯᠤᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ ᠶᠢᠨ ᠨᠡᠷ᠎ᠡ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠴᠣᠬᠤᠯᠠᠪᠤᠷᠢᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃     2 . ᠪᠦᠬᠦ ᠲᠠᠯ᠎ᠠ ᠪᠠᠷ ᠳᠠᠶᠢᠴᠢᠯᠠᠨ ᠪᠠᠶᠢᠷᠢᠯᠠᠭᠤᠯᠣᠨ᠎ᠠ᠃ ᠱᠠᠭᠠᠷᠳᠠᠯᠭ᠎ᠠ ᠳᠤᠷᠠᠳᠴᠤ᠂ ᠡᠭᠦᠷᠭᠡ ᠪᠠᠨ ᠪᠠᠶᠢᠷᠢᠯᠠᠭᠤᠯᠵᠤ᠂ ᠦᠵᠡᠯ ᠰᠠᠨᠠᠭ᠎ᠠ ᠪᠠᠨ ᠨᠢᠭᠲᠠᠷᠠᠭᠤᠯᠵᠤ᠂  ᠬᠠᠮᠳᠣᠷᠠᠯ ᠬᠦᠴᠦᠨ ᠢ ᠪᠦᠷᠢᠯᠳᠦᠬᠦᠯᠦᠨ᠎ᠡ᠃     3 . ᠬᠤᠪᠢᠶᠠᠷᠢᠯᠠᠨ ᠰᠢᠯᠵᠢᠭᠦᠯᠬᠦ ᠪᠠ ᠣᠷᠣᠵᠤ ᠰᠠᠭᠤᠬᠤ ᠵᠦᠢᠯᠡᠰ ᠢ ᠡᠮᠬᠢᠯᠡᠨ ᠲᠣᠭᠲᠠᠭᠠᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠷᠢᠳᠠᠪᠠᠷ ᠬᠢᠯᠪᠠᠷ ᠢ ᠳᠠᠷᠠᠭ᠎ᠠ ᠨᠢ ᠬᠦᠴᠢᠷᠲᠡᠶ ᠶᠢ ᠨᠢ ᠬᠢᠬᠦ ᠵᠠᠷᠴᠢᠮ ᠢ ᠠᠪᠴᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠵᠢᠴᠢ ᠬᠢᠨᠠᠨ ᠵᠥᠪᠰᠢᠶᠡᠷᠡᠬᠦ ᠡᠷᠬᠡ ᠲᠤᠰᠢᠶᠠᠯ ᠤᠨ       ︽ᠪᠣᠳᠠᠳᠣ ᠵᠦᠢᠯᠡᠰ︾ ᠢ ᠡᠮᠬᠢᠯᠡᠨ ᠲᠣᠳᠣᠷᠬᠠᠶ ᠣᠶᠢᠯᠠᠭᠠᠵᠤ᠂ ᠬᠤᠪᠢᠶᠠᠷᠢᠯᠠᠨ ᠰᠢᠯᠵᠢᠭᠦᠯᠬᠦ ᠵᠦᠢᠯᠡᠰ ᠪᠠ ᠣᠷᠣᠵᠤ ᠰᠠᠭᠤᠬᠤ ᠵᠦᠢᠯᠡᠰ ᠢ ᠬᠤᠪᠢᠶᠠᠷᠢᠯᠠᠨ ᠳᠣᠭᠳᠠᠭᠠᠨ᠎ᠠ᠃     4 ᠬᠢᠨᠠᠨ ᠵᠥᠪᠰᠢᠶᠡᠷᠡᠬᠦ ᠡᠭᠦᠷᠭᠡ ᠴᠢᠳᠠᠮᠵᠢ ᠶᠢ ᠬᠤᠪᠢᠶᠠᠷᠢᠯᠠᠨ ᠰᠢᠯᠵᠢᠬᠦᠯᠦᠨ᠎ᠡ᠃ ᠤᠴᠢᠷ ᠶᠠᠪᠤᠳᠠᠯ ᠢ ᠡᠮᠬᠢᠯᠡᠬᠦ ᠪᠠᠷ ᠰᠠᠭᠤᠷᠢ ᠪᠣᠯᠭᠠᠵᠤ᠂ ᠬᠢᠨᠠᠨ ᠵᠥᠪᠰᠢᠶᠡᠷᠡᠬᠦ ᠡᠭᠦᠷᠭᠡ  ᠴᠢᠳᠠᠮᠵᠢ ᠶᠢ ᠨᠢᠭᠡᠳᠦᠯᠲᠡᠶ ᠲᠥᠪᠯᠡᠷᠡᠭᠦᠯᠦᠨ ᠬᠤᠪᠢᠶᠠᠷᠢᠯᠠᠨ ᠰᠢᠯᠵᠢᠭᠦᠯᠦᠨ᠎ᠡ᠃     5 . ᠪᠠᠶᠢᠭᠤᠯᠤᠮᠵᠢ ᠶᠢᠨ ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠡᠭᠦᠷᠭᠡ ᠴᠢᠳᠠᠮᠵᠢᠳᠦ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠢ ᠵᠡᠷᠭᠡ ᠳᠤᠨᠢ ᠲᠣᠬᠢᠷᠠᠭᠤᠯᠤᠨ᠎ᠠ᠃     6 . ᠠᠵᠢᠯᠲᠠᠨ ᠤ ᠣᠷᠣᠨ ᠲᠤᠭ᠎ᠠ ᠶᠢ ᠬᠤᠪᠢᠶᠠᠷᠢᠯᠠᠨ ᠰᠢᠯᠵᠢᠬᠦᠯᠦᠨ᠎ᠡ᠃ ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠪᠠᠷ ᠦᠨᠳᠦᠰᠦᠯᠡᠯ ᠪᠣᠯᠭᠠᠨ᠂ ᠵᠣᠬᠢᠴᠠᠭᠤᠯᠤᠨ ᠨᠢᠭᠡᠳᠬᠡᠵᠦ᠂ ᠠᠵᠢᠯᠲᠠᠨ ᠵᠢᠴᠢ ᠣᠷᠣᠨ ᠲᠤᠭ᠎ᠠ ᠶᠢ ᠨᠢᠭᠡᠳᠦᠯᠲᠡᠶ ᠬᠤᠪᠢᠶᠠᠷᠢᠯᠠᠨ ᠰᠢᠯᠵᠢᠬᠦᠯᠦᠨ᠎ᠡ᠃     7 . ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠰᠢᠨ᠎ᠡ ᠲᠣᠭᠲᠠᠴᠠ ᠶᠢ ᠬᠡᠷᠡᠭᠵᠢᠭᠦᠯᠬᠦ᠂ ᠰᠢᠨ᠎ᠡ ᠦᠷ᠎ᠡ ᠪᠦᠲᠦᠮᠵᠢ ᠶᠢ ᠪᠡᠶᠡᠯᠡᠭᠦᠯᠬᠦ᠂ ᠰᠢᠨ᠎ᠡ ᠳᠦᠷᠢ ᠲᠥᠷᠬᠦ ᠶᠢ ᠢᠯᠡᠷᠡᠭᠦᠯᠬᠦ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠦᠢᠯᠡᠴᠢᠯᠡᠬᠡᠨ ᠤ ᠴᠢᠳᠠᠮᠵᠢ ᠶᠢ ᠳᠡᠭᠡᠭᠰᠢᠯᠡᠭᠦᠯᠦᠨ᠂ ᠰᠢᠨ᠎ᠡ ᠵᠠᠭᠪᠤᠷ ᠤᠨ ᠠᠵᠢᠯᠯᠠᠭᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ︵ᠭᠤᠷᠪᠠ︶ ᠳ᠋ᠦᠩᠨᠡᠵᠦ ᠰᠢᠯᠭᠠᠨ ᠠᠪᠬᠤ ᠱᠠᠲᠤ ᠦᠶ᠎ᠡ ︵2022 ᠤᠨ 1 ᠳ᠋ᠣᠭᠡᠷ ᠰᠠᠷ᠎ᠠ — 2 ᠳ᠋ᠤᠭᠠᠷ ᠰᠠᠷ᠎ᠠ︶      ᠨᠢᠭᠡ ᠳᠤ᠂ ᠥᠪᠡᠰᠦᠪᠡᠨ ᠪᠠᠶᠢᠴᠠᠭᠠᠵᠤ ᠦᠨᠡᠯᠡᠨ ᠵᠢᠱᠢᠬᠦ᠂ ᠨᠡᠶᠢᠭᠡᠮ ᠤᠨ ᠪᠠᠶᠢᠴᠠᠭᠠᠯᠲᠠ ᠬᠢᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠵᠦᠢᠯᠡᠰ ᠢ ᠬᠤᠪᠢᠶᠠᠷᠢᠯᠠᠨ ᠰᠢᠯᠵᠢᠭᠦᠯᠬᠦ᠂ ᠴᠤᠪᠤᠷᠠᠯ ᠢ ᠰᠢᠯᠢᠳᠡᠭᠵᠢᠭᠦᠯᠬᠦ᠂ ᠠᠵᠢᠯ ᠶᠠᠪᠣᠳᠠᠯ ᠤᠨ ᠳᠣᠮᠳᠠᠬᠢ ᠪᠠ ᠠᠵᠢᠯ ᠶᠠᠪᠣᠳᠠᠯ ᠤᠨ ᠳᠠᠷᠠᠭᠠᠬᠢ ᠬᠢᠨᠠᠠ ᠬᠠᠮᠢᠶᠠᠷᠤᠯᠲᠠ ᠵᠡᠷᠭᠡ ᠠᠵᠢᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠨ᠎ᠠ᠃ ᠥᠭᠡᠷᠡᠴᠢᠯᠡᠯᠲᠡ ᠶᠢᠨ ᠳᠠᠷᠠᠭᠠᠬᠢ ᠪᠠᠷᠢᠮᠵᠢᠶ᠎ᠠ᠂ ᠬᠦᠴᠦᠨ ᠵᠦᠢᠯ᠂ ᠶᠠᠪᠤᠴᠠ᠂ ᠭᠤᠭᠴᠤᠭ᠎ᠠ᠂ ᠬᠢᠨᠠᠠ ᠬᠠᠮᠢᠶᠠᠷᠤᠯᠲᠠ ᠵᠡᠷᠭᠡ ᠲᠠᠯ᠎ᠠ ᠶᠢᠨ ᠵᠣᠬᠢᠴᠠᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠣᠯᠤᠨ ᠪᠦᠲᠦᠮᠵᠢᠲᠦ ᠴᠢᠨᠠᠷ ᠢ ᠴᠠᠭ ᠲᠤᠬᠠᠶ ᠳᠤᠨᠢ ᠳ᠋ᠦᠩᠨᠡᠵᠦ᠂ ᠠᠰᠠᠭᠤᠳᠠᠯ ᠪᠣᠯᠤᠨ ᠬᠦᠷᠦᠯᠴᠡᠬᠦ ᠦᠭᠡᠶ ᠲᠠᠯ᠎ᠠ ᠪᠠᠨ ᠡᠷᠢᠵᠦ᠂ ᠲᠠᠰᠤᠷᠠᠯᠲᠠ ᠤᠢᠭᠡᠢ ᠲᠡᠭᠦᠯᠳᠡᠷᠵᠢᠭᠦᠯᠬᠦ ᠬᠡᠷᠡᠭᠲᠡᠶ᠃ ᠬᠤᠶᠠᠷ ᠲᠤ᠂ ᠬᠡᠷᠡᠭᠵᠢᠭᠦᠯᠦᠭᠰᠡᠨ ᠦᠷ᠎ᠡ ᠳ᠋ᠦᠩ ᠢ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠵᠦᠢᠯ ᠳᠠᠷᠠᠭᠠᠯᠠᠨ ᠪᠠᠶᠢᠴᠠᠭᠠᠵᠦ᠂ ᠭᠤᠣᠯᠳᠠᠭᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ᠂ ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ᠂ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ᠂ ᠠᠵᠢᠯᠲᠠᠨ ᠵᠢᠴᠢ ᠣᠷᠣᠨ ᠲᠤᠭ᠎ᠠ ᠶᠢ ᠲᠣᠬᠢᠷᠠᠭᠤᠯᠤᠭᠰᠠᠨ ᠪᠠᠶᠢᠳᠠᠯ᠂ ᠦᠢᠯᠡᠴᠢᠯᠡᠬᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠡᠰᠡᠬᠦ ᠵᠡᠷᠭᠡ ᠪᠠᠶᠢᠳᠠᠯ ᠳᠤ ᠪᠥᠬᠦ ᠲᠠᠯ᠎ᠠ ᠪᠠᠷ ᠰᠢᠯᠭᠠᠨ ᠠᠪᠣᠨ᠎ᠠ᠃ ᠣᠯᠤᠭᠰᠠᠨ ᠠᠮᠵᠢᠯᠲᠠ ᠪᠦᠲᠦᠮᠵᠢ ᠪᠠᠨ ᠴᠠᠭ ᠲᠤᠬᠠᠶ ᠳᠤᠨᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠦᠨ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠬᠦ ᠰᠠᠨᠠᠯ ᠳᠣᠷᠠᠳᠣᠨ᠎ᠠ᠃     ᠲᠠᠪᠤ᠂ ᠠᠵᠢᠯ ᠤᠨ ᠱᠠᠭᠠᠷᠳᠠᠯᠭ᠎ᠠ     ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢ ᠡᠷᠬᠢᠮᠯᠡᠬᠦ᠂ ᠪᠦᠬᠦ ᠲᠠᠯ᠎ᠠ ᠶᠢ ᠬᠠᠷᠠᠭᠠᠯᠵᠠᠬᠤ ᠳᠡᠭᠡᠳᠦ ᠬᠡᠮᠵᠢᠶᠡᠨ ᠠᠴᠠ ᠥᠭᠡᠷᠡᠴᠢᠯᠡᠯᠲᠡ ᠶᠢᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠶ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠦᠨᠡᠨᠬᠦ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ᠃     ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠥᠭᠡᠷᠡᠴᠢᠯᠡᠯᠲᠡ ᠶᠢᠨ ᠠᠵᠢᠯ ᠤᠨ ᠶᠡᠷᠦᠩᠬᠡᠢ ᠵᠢᠷᠤᠭ ᠲᠥᠯᠥᠪᠯᠡᠭᠡ ᠬᠢᠬᠦ᠂ ᠨᠢᠭᠡᠳᠦᠯᠲᠡᠢ ᠳᠤ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠥᠭᠡᠷᠡᠴᠢᠯᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ᠂ ᠵᠣᠬᠢᠴᠠᠭᠤᠯᠤᠨ ᠰᠢᠢᠳᠪᠦᠷᠢᠯᠡᠵᠦ᠂ ᠥᠭᠡᠷᠡᠴᠢᠯᠡᠯᠲᠡ ᠳᠤ ᠬᠤᠯᠪᠣᠭᠳᠠᠭᠰᠠᠨ ᠴᠢᠬᠤᠯᠠ ᠶᠡᠭᠡ ᠵᠦᠢᠯᠡᠰ ᠢ ᠴᠠᠭ ᠲᠤᠬᠠᠢ ᠳᠤᠨᠢ ᠰᠤᠳᠤᠯᠵᠤ᠂ ᠦᠨᠡᠨᠬᠦ ᠬᠡᠷᠡᠭᠵᠢᠭᠦᠯᠦᠭᠦᠰᠢᠲᠡᠢ ᠰᠢᠢᠳᠪᠦᠷᠢᠯᠡᠬᠦ ᠠᠷᠭ᠎ᠠ ᠶᠢ ᠳᠤᠷᠠᠳᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠭᠤᠯᠣᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ ᠲᠤ ᠲᠣᠬᠢᠷᠠᠭᠤᠯᠵᠤ᠂ ᠠᠯᠪᠠᠨ ᠭᠡᠷ ᠤᠨ ᠪᠦᠷᠢᠯᠳᠦᠬᠦᠨ ᠨᠢᠭᠡᠴᠡ ᠳᠤ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠯᠪᠠᠨ ᠭᠡᠷ ᠤᠨ ᠠᠵᠢᠯᠲᠠᠨ ᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠡᠳᠡᠨ ᠠᠪᠴᠤ ᠪᠦᠷᠢᠯᠳᠦᠭᠦᠯᠦᠨ᠎ᠡ᠃      ︵ᠭᠤᠷᠪᠠ︶ ᠰᠠᠯᠠᠭ᠎ᠠ ᠮᠥᠴᠢᠷ ᠤᠳ ᠬᠦᠴᠦ ᠪᠠᠨ ᠨᠢᠭᠡᠳᠬᠡᠨ ᠬᠠᠮᠲᠤᠷᠠᠨ ᠠᠵᠢᠯᠯᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠳ ᠥᠭᠡᠷᠡᠴᠢᠯᠡᠯᠲᠡ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠭᠤᠯᠣᠮᠵᠢ ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ ᠠᠴᠠ ᠡᠯ᠎ᠡ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠬᠦ᠂ ᠣᠷᠣᠨ ᠲᠤᠭ᠎ᠠ ᠶᠢ ᠬᠤᠪᠢᠶᠠᠷᠢᠯᠠᠨ ᠰᠢᠯᠵᠢᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠪᠠ ᠬᠠᠮᠢᠶ᠎ᠠ ᠪᠦᠬᠦᠢ ᠡᠭᠦᠷᠭᠡ  ᠴᠢᠳᠠᠮᠵᠢᠳᠦ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠵᠡᠷᠭᠡ ᠶᠢ ᠲᠣᠬᠢᠷᠠᠭᠤᠯᠬᠤ ᠶᠢ ᠬᠠᠷᠢᠭᠤᠴᠠᠨ᠎ᠠ︔ ᠠᠶᠢᠮᠠᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠲᠣᠪᠴᠢᠶ᠎ᠠ ᠵᠦᠢᠯᠡᠰ ᠢ ᠨᠡᠶᠢᠯᠡᠭᠦᠯᠬᠦ᠂ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ︔ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠥᠭᠡᠷᠡᠴᠢᠯᠡᠯᠲᠡ ᠶᠢᠨ ᠠᠵᠢᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠵᠡᠷᠭᠡ ᠶᠢ ᠬᠠᠷᠢᠭᠤᠴᠠᠨ᠎ᠠ︔ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯᠲᠠᠨ ᠵᠢᠴᠢ ᠵᠠᠯᠭᠠᠮᠵᠢ ᠴᠠᠯᠢᠩ᠂ ᠨᠡᠶᠢᠭᠡᠮ ᠤᠨ ᠪᠠᠲᠤᠯᠠᠭ᠎ᠠ ᠵᠡᠷᠭᠡ ᠳᠤ ᠲᠣᠬᠢᠷᠠᠭᠤᠯᠤᠯᠲᠠ ᠬᠢᠬᠦ ᠠᠵᠢᠯ ᠢ ᠬᠠᠷᠢᠭᠤᠴᠠᠨ᠎ᠠ︔ ᠡᠯ᠎ᠡ ᠡᠭᠦᠷᠭᠡ ᠴᠢᠳᠠᠮᠵᠢᠳᠣ ᠰᠠᠯᠠᠭ᠎ᠠ ᠮᠥᠴᠢᠷ ᠤᠳ ᠲᠤᠰ ᠨᠢᠭᠡᠴᠡ ᠶᠢᠨ ᠢᠶᠠᠨ ᠪᠤᠶ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠴᠢᠩᠭ᠎ᠠ ᠪᠦᠷᠢᠳᠬᠡᠨ ᠳᠡᠭᠡᠭᠰᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠂ ᠣᠷᠬᠢᠭᠳᠠᠭᠤᠯᠤᠨ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠶ ᠪᠠᠶᠢᠵᠤ ᠪᠣᠯᠬᠤ ᠦᠭᠡᠶ᠃      ︵ᠳᠥᠷᠪᠡ︶ ᠵᠣᠬᠢᠴᠠᠭᠤᠯᠤᠨ ᠠᠬᠢᠭᠤᠯᠬᠤ ᠶᠢ ᠴᠢᠩᠭᠠᠷᠠᠭᠤᠯᠬᠤ ᠬᠡᠷᠡᠭᠳᠡᠢ᠃ ᠡᠯ᠎ᠡ ᠰᠠᠯᠠᠭ᠎ᠠ ᠮᠥᠴᠢᠷ ᠤᠳ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠨ᠂ ᠵᠣᠬᠢᠴᠠᠭᠤᠯᠤᠨ ᠬᠠᠮᠵᠢᠯᠴᠠᠬᠤ ᠪᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠨ᠂ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠤᠨ ᠰᠢᠢᠳᠪᠦᠷᠢᠯᠡᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠡᠭᠦᠷᠭᠡ ᠴᠢᠳᠠᠮᠵᠢ᠂ ᠠᠵᠢᠯᠲᠠᠨ᠂ ᠣᠷᠣᠨ ᠲᠤᠭ᠎ᠠ ᠳᠤ ᠲᠣᠬᠢᠷᠠᠭᠤᠯᠤᠯᠲᠠ ᠬᠢᠵᠦ ᠬᠤᠪᠢᠶᠠᠷᠢᠯᠠᠨ ᠰᠢᠯᠵᠢᠭᠦᠯᠬᠦ ᠬᠤᠭᠤᠴᠠᠭᠠᠨ ᠳᠤ ᠣᠳᠣ ᠶᠢᠨ ᠪᠠᠶᠢᠭ᠎ᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ  ᠴᠢᠳᠠᠮᠵᠢ ᠪᠠᠨ ᠰᠠᠶᠢᠲᠤᠷ ᠭᠦᠢᠴᠡᠳᠬᠡᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠤᠨ ᠦᠷᠭᠦᠯᠵᠢᠯᠡᠯᠳᠦ ᠴᠢᠨᠠᠷ ᠪᠠ ᠲᠣᠭᠲᠠᠭᠤᠨ ᠴᠢᠨᠠᠷ ᠢ ᠪᠠᠲᠤᠯᠠᠵᠤ᠂ ᠡᠩᠨᠡᠭᠡ ᠰᠠᠷᠨᠢᠬᠤ ᠦᠭᠡᠶ᠂ ᠠᠵᠢᠯ ᠲᠠᠰᠤᠷᠠᠬᠤ ᠦᠭᠡᠶ᠂ ᠲᠣᠭᠲᠠᠭᠤᠨ ᠢᠶᠠᠷ ᠰᠢᠯᠵᠢᠬᠦ ᠶᠢ ᠦᠨᠡᠨᠬᠦ ᠪᠠᠲᠤᠯᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠳᠤ ᠲᠠᠰᠤᠯᠳᠠᠯ ᠭᠠᠷᠬᠤ ᠶᠢ ᠰᠡᠷᠭᠡᠶᠢᠯᠡᠬᠦ ᠬᠡᠷᠡᠭᠲᠡᠶ᠃      ︵ᠲᠠᠪᠤ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠲᠥᠪᠯᠡᠷᠡᠭᠦᠯᠬᠦ ᠥᠭᠡᠷᠡᠴᠢᠯᠡᠯᠲᠡ ᠶᠢᠨ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠨᠠᠶᠢᠳᠠᠪᠤᠷᠢᠵᠢᠭᠤᠯᠬᠤ ᠬᠡᠷᠡᠭᠲᠡᠶ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠢ ᠪᠥᠬᠦ ᠶᠠᠪᠤᠴᠠ ᠳᠤᠨᠢ ᠮᠥᠷᠳᠡᠵᠦ᠂ ᠬᠠᠮᠢᠶ᠎ᠠ ᠪᠥᠬᠦᠶ ᠡᠭᠦᠷᠭᠡ ᠴᠢᠳᠠᠮᠵᠢᠳᠦ ᠰᠠᠯᠠᠭ᠎ᠠ ᠮᠥᠴᠢᠷ ᠤᠨ ᠠᠵᠢᠯ ᠢ ᠠᠬᠢᠭᠤᠯᠤᠭᠰᠠᠨ ᠨᠢ ᠠᠨᠠᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠪᠦᠬᠦᠯᠢ ᠴᠣᠭᠴᠠ ᠶᠢᠨ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠨᠥᠯᠥᠭᠡᠯᠡᠭᠰᠡᠨ ᠪᠠᠶᠢᠪᠠᠯ᠂ ᠬᠠᠮᠢᠶ᠎ᠠ ᠪᠥᠬᠦᠶ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃      ︵ᠵᠢᠷᠭᠤᠭ᠎ᠠ︶ ᠳ᠋ᠦᠩᠨᠡᠵᠦ ᠤᠬᠠᠭᠤᠯᠬᠤ ᠶᠢ ᠴᠢᠬᠤᠯᠠᠴᠢᠯᠠᠬᠤ ᠬᠡᠷᠡᠭᠲᠡᠶ᠃ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠤᠬᠠᠭᠤᠯᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠣᠶ ᠪᠣᠯᠭᠠᠨ᠂ ᠥᠭᠡᠷᠡᠴᠢᠯᠡᠯᠲᠡ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃ ᠣᠯᠠᠨ ᠨᠡᠶᠢᠲᠡ᠂ ᠠᠵᠤ ᠠᠬᠤᠶᠢᠯᠠᠯ ᠯᠤᠭ᠎ᠠ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠢᠨᠠᠨ ᠵᠥᠪᠰᠢᠶᠡᠷᠡᠬᠦ ᠵᠦᠢᠯ ᠳᠤ ᠨᠤᠲᠠᠯᠠᠯᠲᠠ ᠬᠢᠬᠦ᠂ ᠭᠡᠷᠡᠴᠢᠯᠡᠭᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠨᠠᠯ ᠬᠤᠷᠢᠶᠠᠵᠤ᠂ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠪᠣᠯᠤᠨ ᠣᠷᠣᠯᠴᠠᠬᠤ ᠡᠷᠬᠡ ᠶᠢ ᠪᠠᠲᠤᠯᠠᠨ᠂ ᠺᠠᠳ᠋ᠷ ᠣᠯᠠᠨ ᠲᠦᠮᠡᠨ ᠤ ᠥᠭᠡᠷᠡᠴᠢᠯᠡᠯᠲᠡ ᠶᠢ ᠳᠡᠮᠵᠢᠬᠦ᠂ ᠥᠭᠡᠷᠡᠴᠢᠯᠡᠯᠲᠡ ᠳᠤ ᠣᠷᠣᠯᠴᠠᠬᠤ᠂ ᠥᠭᠡᠷᠡᠴᠢᠯᠡᠯᠲᠡ ᠶᠢ ᠠᠬᠢᠭᠤᠯᠬᠤ ᠨᠡᠶᠢᠭᠡᠮ ᠤᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号