| | | | | | | ᠡᠨᠡ ᠵᠢᠯ᠂ ᠡᠵᠡᠨ᠎ᠡ ᠬᠤᠰᠢᠭᠤ ᠪᠠᠷᠤᠭ 5 ᠲᠦᠮᠠᠨ ᠮᠦ ᠭᠠᠵᠡᠷ ᠲᠤ ᠪᠡᠯᠲᠦ ᠬᠡᠮᠬᠡ ᠲᠠᠷᠢᠵᠦ᠂ ᠨᠢᠳᠤᠨᠤᠨ | ᠵᠢᠯ ᠠᠴᠠ 5000 ᠮᠦ ᠪᠠᠭᠠᠰᠴᠠᠢ᠃ ᠰᠢᠷ᠎ᠠ ᠬᠠᠯᠢᠰᠤᠲᠤ ᠪᠡᠯᠲᠦ ᠬᠡᠮᠬᠡ ᠶᠢᠨ ᠲᠠᠷᠢᠮᠠᠯ ᠤᠨ ᠲᠠᠯᠠᠪᠠᠶ 2020 | ᠣᠨ ᠠᠴᠠ ᠵᠤᠬᠢᠬᠤ ᠬᠡᠮᠵᠢᠶ᠎ᠠ ᠪᠠᠷ ᠨᠡᠮᠡᠭᠳᠡᠵᠦ᠂ ᠪᠥᠬᠦ ᠬᠤᠰᠢᠭᠤᠨ ᠤ ᠶᠡᠷᠦᠩᠬᠡᠶ ᠲᠠᠷᠢᠮᠠᠯ ᠤᠨ ᠲᠠᠯᠠᠪᠠᠶ ᠶᠢᠨ | 50% ᠶᠢ ᠡᠵᠡᠯᠡᠨ᠂ ᠭᠤᠣᠯᠳᠠᠭᠤ ᠪᠡᠭᠡᠵᠢᠩ᠂ ᠱᠠᠩᠬᠠᠶ᠂ ᠱᠧᠨ᠋ᠵᠧᠨ᠂ ᠭᠤᠸᠠᠩᠵᠧᠦ ᠵᠡᠷᠭᠡ ᠭᠠᠵᠠᠷ ᠲᠤ | ᠪᠣᠷᠣᠯᠠᠭᠤᠯᠵᠤ᠂ ᠵᠠᠬ᠎ᠠ ᠳᠡᠯᠭᠡᠭᠦᠷ ᠤᠨ ᠦᠨ᠎ᠡ ᠬᠠᠨᠭ᠍ᠰᠢ ᠴᠦ ᠪᠠᠶᠠᠷᠯᠠᠭᠤᠰᠢᠲᠠᠶ ᠪᠤᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠰᠢ᠂ ᠡᠵᠡᠨ᠎ᠡ ᠬᠤᠰᠢᠭᠤ ᠪᠠᠯᠲᠤ ᠬᠡᠮᠬᠡ ᠶᠢᠨ ᠠᠵᠤ ᠦᠢᠯᠡᠰ ᠢ ᠲᠠᠷᠢᠶᠠᠯᠠᠩ ᠤᠨ | ᠣᠷᠣᠯᠭ᠎ᠠ ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠪᠣᠯᠭᠠᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ | ᠵᠢᠱᠢᠶ᠎ᠡ ᠦᠵᠡᠭᠦᠯᠦᠨ ᠳᠠᠶᠢᠴᠢᠯᠠᠬᠤ᠂ ᠦᠢᠯᠡᠴᠢᠯᠡᠭᠡ ᠪᠠᠷ ᠳᠠᠶᠢᠴᠢᠯᠠᠬᠤ ᠡᠷᠴᠢᠮ ᠢᠶᠠᠨ ᠲᠠᠰᠤᠷᠠᠯᠲᠠ ᠥᠬᠡᠶ | ᠴᠢᠩᠭᠠᠳᠬᠠᠨ᠂ ᠨᠢᠭᠡ ᠪᠦᠯᠦᠭ ᠴᠢᠨᠠᠷ ᠰᠠᠶᠢᠲᠠᠶ ᠬᠡᠷᠡᠭᠯᠡᠭᠡᠨ ᠤ ᠮᠡᠷᠭᠡᠵᠢᠯ ᠢ ᠶᠡᠭᠡ ᠪᠠᠷ ᠳᠡᠯᠭᠡᠷᠡᠭᠦᠯᠤᠨ ᠠᠬᠢᠭᠤᠯᠪᠠ᠃ | 2017 ᠣᠨ ᠳᠤ᠂ ︽ᠡᠵᠡᠨ᠎ᠡ ᠶᠢᠨ ᠪᠠᠯᠲᠤ ᠬᠡᠮᠬᠡ︾ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ | ᠲᠡᠮᠳᠡᠭ ᠤᠨ ᠳᠡᠩᠰᠡᠯᠡᠯᠲᠡ ᠶᠢᠨ ᠦᠨᠡᠮᠯᠡᠯ ᠢ ᠤᠯᠬᠤ ᠶᠢᠨ ᠬᠠᠮᠲᠦ᠂ 2019 ᠤᠨ ᠳᠤ ︽ᠡᠵᠡᠨ᠎ᠡ ᠶᠢᠨ ᠪᠠᠯᠲᠤ | ᠬᠡᠮᠬᠡ︾ ᠶᠢ ᠪᠥᠬᠦ ᠤᠯᠤᠰ ᠤᠨ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ | ᠵᠢᠭᠰᠠᠭᠠᠯᠲᠠ ᠳᠤ ᠲᠡᠮᠳᠡᠭᠯᠡᠪᠡ᠃ ᠡᠵᠡᠨ᠎ᠡ ᠬᠤᠰᠢᠭᠤᠨ ᠤ ᠪᠠᠯᠲᠤ ᠬᠡᠮᠬᠡ ᠶᠢᠨ ᠠᠵᠤ ᠦᠢᠯᠡᠰ ᠤᠨ ᠬᠥᠭᠵᠢᠯᠲᠡ ᠶᠢ | ᠳᠠᠭᠠᠯᠳᠤᠨ᠂ ᠪᠠᠷᠠᠭᠠᠨ ᠤ ᠭᠦᠢᠯᠭᠡᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠠᠵᠤ ᠦᠢᠯᠡᠰ ᠤᠨ | ᠬᠥᠭᠵᠢᠯᠲᠡ ᠶᠢ ᠳᠠᠶᠢᠴᠢᠯᠠᠵᠤ᠂ ᠡᠵᠡᠨ᠎ᠡ ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠲᠥᠪᠯᠡᠷᠡᠭᠦᠯᠵᠦ ᠲᠠᠷᠬᠠᠭᠠᠬᠤ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠨᠢ ᠡᠵᠡᠨ᠎ᠡ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠦᠢᠯᠡᠴᠢᠯᠡᠭᠡᠨ ᠤ | ᠦᠢᠯᠡᠰ ᠤᠨ ᠬᠦᠭᠵᠢᠯᠳᠠ ᠶᠢ ᠤᠯᠠᠮ ᠴᠢᠨᠠᠭᠰᠢᠳᠠ ᠠᠬᠢᠭᠤᠯᠤᠭᠰᠠᠨ ᠪᠠᠶᠢᠨ᠎ᠠ᠃ |