ᠬᠤᠶᠠᠷ ᠰᠠᠯᠠᠭ᠎ᠠ ᠮᠥᠴᠢᠷ ᠬᠠᠮᠲᠤᠷᠠᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/8/25
      ᠲᠣᠰ ᠲᠥᠰᠦᠯ ᠨᠢ ᠡᠷᠡᠭᠦᠯ ᠡᠩᠬᠡ ᠳᠤᠮᠳᠠᠳᠤ ᠤᠯᠤᠰ ᠪᠣᠯᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠨᠠᠩ ᠥᠨᠳᠥᠷ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠵᠣᠷᠢᠯᠭ᠎ᠠ ᠪᠠᠨ ᠪᠣᠯᠭᠠᠵᠠᠶ᠃ ︽ᠲᠥᠰᠦᠯ︾ ᠢ ᠦᠨᠳᠦᠰᠦᠯᠡᠪᠡᠯ᠂ 2025 ᠤᠨ ᠪᠣᠯᠬᠤ ᠳᠤ ᠮᠠᠨ ᠤ ᠤᠯᠤᠰ ᠬᠠᠩᠭᠠᠯᠭ᠎ᠠ ᠪᠠᠷ ᠡᠯᠪᠡᠭ᠂ ᠪᠠᠶᠢᠷᠢᠰᠢᠯ ᠨᠢ ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠲᠤᠤᠷ ᠢ ᠪᠣᠶ ᠪᠣᠯᠭᠠᠨ᠎ᠠ᠃      ︽ᠲᠥᠰᠦᠯ︾ ᠳᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠣᠯ ᠪᠥᠬᠦ ᠠᠷᠠᠳ ᠲᠦᠮᠡᠨ ᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ᠂ ᠡᠷᠡᠭᠦᠯ ᠰᠠᠷᠠᠭᠤᠯ ᠠᠮᠢᠳᠤᠷᠠᠬᠤ ᠶᠢᠨ ᠰᠠᠭᠤᠷᠢ ᠪᠠ ᠪᠠᠲᠤᠯᠠᠭ᠎ᠠ ᠮᠥᠨ᠃     ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠲᠠ ᠬᠥᠳᠡᠭᠡ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠦᠭᠦᠭᠡᠷᠦᠮᠵᠢ ︵ᠳᠣᠷᠣᠭᠰᠢ ︽ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ︾ ᠭᠡᠵᠦ ᠲᠣᠪᠴᠢᠯᠠᠨ᠎ᠠ︶ ᠢᠯᠡᠳᠲᠡ ᠰᠠᠶᠢᠵᠢᠷᠠᠪᠠ᠃ ᠡᠭᠦᠨ ᠤ ᠬᠠᠮᠲᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠪᠣᠯᠤᠨ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠶᠢᠨ ᠬᠥᠭᠵᠢᠯᠲᠡ ᠶᠢᠨ ᠲᠡᠩᠴᠡᠭᠦᠷᠢ ᠦᠭᠡᠶ ᠭᠦᠢᠴᠡᠳ ᠦᠭᠡᠶ ᠪᠠᠶᠢᠬᠤ ᠵᠥᠷᠢᠴᠡᠯ ᠪᠠᠰᠠ ᠪᠦᠲᠦᠮᠵᠢᠲᠡᠶ ᠰᠢᠢᠳᠪᠦᠷᠢᠯᠡᠭᠳᠡᠭᠡᠳᠦᠢ ᠪᠠᠶᠢᠨ᠎ᠠ ᠭᠡᠵᠤ ᠵᠢᠭᠠᠵᠤ ᠭᠠᠷᠭᠠᠪᠡ᠃      ︽ᠲᠥᠰᠦᠯ︾ ᠳᠤ᠂ ᠮᠠᠨ ᠤ ᠤᠯᠤᠰ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ᠂ ᠭᠤᠤᠯᠳᠠᠯᠭ᠎ᠠ ᠶᠢ ᠳᠣᠪᠤᠶᠢᠯᠭᠠᠬᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠬᠢᠮᠳᠠ ᠪᠥᠭᠡᠳ ᠬᠡᠷᠡᠭᠴᠡᠭᠡᠲᠡᠶ᠂ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠣᠯᠠᠨ ᠲᠠᠯ᠎ᠠ ᠶᠢᠨ ᠬᠢᠨ ᠣᠷᠣᠯᠴᠠᠬᠤ᠂ ᠲᠣᠭᠲᠠᠴᠠ ᠶᠢᠨ ᠰᠢᠨ᠎ᠡ ᠶᠢ ᠡᠭᠦᠳᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ 4 ᠵᠦᠶ᠋ᠯ ᠤᠨ ᠵᠠᠷᠴᠢᠮ ᠶᠣᠰᠣᠭᠠᠷ᠂ ᠳᠤᠤᠷᠠᠬᠢ ᠬᠠᠷᠠᠯᠲᠠ ᠶᠢ ᠲᠣᠭᠲᠠᠭᠠᠪᠠ᠄ 2025 ᠤᠨ ᠪᠣᠯᠬᠤ ᠳᠤ ᠪᠥᠬᠦ ᠤᠯᠤᠰ ᠤᠨ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠲᠠᠯᠠᠪᠠᠶ ᠶᠢ 2.6 ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢ ᠳᠤ ᠬᠦᠷᠭᠡᠵᠦ᠂ ᠲᠦᠮᠡᠨ ᠬᠥᠮᠦᠨ ᠨᠢᠭᠡᠪᠦᠷᠢ ᠳᠤ ᠨᠣᠭᠳᠠᠬᠤ ᠬᠥᠯ ᠪᠥᠮᠪᠦᠭᠡ ᠶᠢᠨ ᠲᠠᠯᠠᠪᠤᠷ ᠤᠨ ᠲᠤᠭ᠎ᠠ ᠶᠢ 0.9 ᠬᠡᠰᠡᠭ ᠲᠤ ᠬᠦᠷᠭᠡᠵᠦ᠂ ᠪᠥᠬᠦ ᠤᠯᠤᠰ ᠤᠨ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠤᠨ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ ᠶᠢ ᠭᠤᠤᠯᠳᠠᠯᠭ᠎ᠠ ᠲᠠᠢ ᠠᠬᠢᠭᠤᠯᠬᠤ ᠬᠤᠲᠠ ᠵᠡᠷᠭᠡ ᠨᠥᠬᠦᠴᠡᠯ ᠲᠠᠢ ᠭᠠᠵᠠᠷ ᠣᠷᠣᠨ ᠤ ᠲᠦᠮᠡᠨ ᠬᠥᠮᠦᠨ ᠨᠢᠭᠡᠪᠦᠷᠢ ᠳᠤ 1 ᠠᠴᠠ ᠳᠡᠭᠡᠭᠰᠢ ᠳᠤ ᠬᠦᠷᠭᠡᠨ᠎ᠠ ᠭᠡᠵᠤ ᠴᠢᠬᠤᠯᠡᠴᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号