ᠰᠢ ᠶᠢᠨ ᠫᠢᠩ ᠶᠦᠨᠨᠠᠠ ᠮᠤᠵᠢ ᠶᠢᠨ ᠼᠠᠩ ᠶᠤᠸᠠᠠ ᠰᠢᠶᠠᠠ ᠤ ᠬᠢᠯᠢ ᠬᠢᠵᠠᠭᠠᠷ ᠤᠨ ᠲᠤᠰᠬᠤᠨ ᠤ ᠠᠬᠠᠮᠠᠳ ᠨᠠᠮ ᠤᠨ ᠡᠭᠦᠷ ᠤᠨ ᠱᠦᠵᠢ ᠨᠠᠷ ᠲᠤ ᠬᠠᠷᠢᠭᠤ ᠵᠠᠬᠢᠲᠠᠯ ᠢᠯᠡᠬᠡᠵᠤ ᠵᠤᠷᠢᠠᠠᠵᠢᠭᠤᠯᠪᠠ
ᠨᠡᠶᠢᠲᠡᠯᠡᠭᠰᠡᠨ ᠴᠠᠭ᠄
2021/8/26
     ᠰᠢ ᠶᠢᠨ ᠫᠢᠩ ᠶᠦᠨᠨᠠᠠ ᠮᠤᠵᠢ ᠶᠢᠨ ᠼᠠᠩ ᠶᠤᠸᠠᠠ ᠰᠢᠶᠠᠠ ᠤ ᠬᠢᠯᠢ ᠬᠢᠵᠠᠭᠠᠷ ᠤᠨ ᠲᠤᠰᠬᠤᠨ ᠤ ᠠᠬᠠᠮᠠᠳ ᠨᠠᠮ ᠤᠨ ᠡᠭᠦᠷ ᠤᠨ ᠱᠦᠵᠢ ᠨᠠᠷ ᠲᠤ ᠬᠠᠷᠢᠭᠤ ᠵᠠᠬᠢᠲᠠᠯ ᠢᠯᠡᠬᠡᠵᠤ ᠨᠤᠲᠤᠭ ᠤᠨ ᠠᠬ᠎ᠠ ᠲᠡᠭᠦᠦ ᠨᠠᠷ ᠢᠶᠠᠨ ᠲᠠᠭᠠᠭᠤᠯᠵᠦ ᠡᠭᠦᠷᠢᠲᠡ ᠨᠠᠮ ᠤᠨ ᠦᠭᠡ ᠶᠢ ᠰᠤᠨᠤᠰᠴᠤ ᠨᠠᠮ ᠢᠶᠠᠨ ᠲᠠᠭᠠᠵᠦ ᠰᠢᠨ᠎ᠠ ᠴᠠᠭ ᠦᠶ᠎ᠠ ᠶᠢᠨ ᠠᠸᠠ ᠶᠢᠨ ᠠᠷᠠᠳ ᠲᠦᠮᠠᠠ ᠤ ᠵᠤᠯ ᠵᠢᠷᠭᠠᠯ ᠤᠨ ᠲᠠᠭᠤᠤ ᠶᠢ ᠬᠠᠩᠭᠢᠨᠠᠭᠤᠯᠤᠭᠠᠷᠠᠢ ᠭᠡᠵᠦ ᠵᠤᠷᠢᠠᠠᠵᠢᠭᠤᠯᠪᠠ      ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 20 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 19 ᠤ ᠡᠳᠦᠷ ᠶᠦᠨᠨᠠᠨ ᠮᠤᠵᠢ ᠶᠢᠨ ᠼᠠᠩ ᠶᠤᠸᠠᠨ ᠤ ᠸᠠ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠬᠢᠯᠢ ᠬᠢᠵᠠᠭᠠᠷ ᠤᠨ ᠲᠣᠰᠬᠤᠨ ᠤ ᠠᠬᠠᠮᠠᠳ ᠨᠠᠮ ᠤᠨ ᠡᠭᠦᠷ ᠤᠨ ᠱᠦᠵᠢ ᠨᠡᠷ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠰᠠᠶᠢᠲᠤᠷ ᠪᠦᠳᠦᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠢ ᠰᠠᠶᠢᠲᠤᠷ ᠬᠠᠮᠠᠭᠠᠯᠠᠵᠤ᠂ ᠠᠷᠢᠭᠤᠨ ᠲᠠᠷᠬᠠᠨ ᠨᠤᠲᠤᠭ ᠳᠡᠪᠢᠰᠬᠡᠷ ᠢᠶᠠᠨ ᠰᠠᠶᠢᠲᠤᠷ ᠰᠠᠬᠢᠨ ᠬᠠᠮᠠᠭᠠᠯᠠᠭᠠᠷᠠᠢ ᠭᠡᠵᠦ ᠵᠣᠷᠢᠭᠵᠢᠭᠤᠯᠪᠠ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠢᠷᠡᠭᠦᠯᠦᠭᠰᠡᠨ ᠵᠠᠬᠢᠳᠠᠯ ᠢ ᠴᠢᠨᠢ ᠤᠩᠰᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠸᠠ ᠠᠭᠤᠯᠠᠨ ᠳᠤ ᠠᠪᠴᠢᠷᠠᠭᠰᠠᠨ ᠭᠦᠨᠵᠡᠭᠡᠢ ᠬᠤᠪᠢᠷᠠᠯᠲᠠ ᠶᠢ ᠣᠶᠢᠯᠠᠭᠠᠵᠤ᠂ ᠠᠸᠠ ᠶᠢᠨ ᠠᠷᠠᠳ ᠲᠦᠮᠡᠨ ᠤ ᠨᠠᠮ ᠢᠶᠠᠨ ᠲᠠᠭᠠᠬᠤ᠂ ᠤᠯᠤᠰ ᠢᠶᠠᠨ ᠲᠠᠭᠠᠬᠤ ᠴᠢᠩ ᠦᠨᠡᠨᠴᠢ ᠬᠠᠶᠢᠷ᠎ᠠ ᠰᠡᠳᠬᠢᠯᠭᠡ ᠶᠢ ᠮᠡᠲᠡᠭᠡᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ᠃      ᠰᠢ ᠶᠢᠨ ᠫᠢᠩ᠂ ᠲᠠ ᠨᠠᠷ ᠪᠣᠯ ᠴᠥᠮ ᠠᠬᠠᠮᠠᠳ ᠨᠠᠮ ᠤᠨ ᠡᠭᠦᠷ ᠤᠨ ᠱᠦᠵᠢ ᠮᠥᠨ᠂ ᠤᠷᠳᠤ ᠬᠤᠭᠤᠴᠠᠭ᠎ᠠ ᠪᠠᠷ ᠬᠢᠯᠢ ᠬᠢᠵᠠᠭᠠᠷ ᠣᠷᠣᠨ ᠳᠤ ᠠᠵᠢᠯᠯᠠᠵᠤ ᠠᠮᠢᠳᠤᠷᠠᠵᠤ ᠪᠠᠶᠢᠬᠤ ᠪᠤᠯᠬᠤᠷ᠂ ᠬᠢᠯᠢ ᠶᠢᠨ ᠠᠷᠠᠳ ᠤᠨ ᠪᠠᠶᠠᠨ ᠴᠢᠨᠡᠭᠡᠯᠢᠭ ᠠᠮᠢᠲᠤᠷᠠᠬᠤ᠂ ᠬᠢᠯᠢ ᠬᠢᠵᠠᠭᠠᠷ ᠲᠣᠭᠲᠠᠭᠤᠨ ᠪᠠᠶᠢᠬᠤ ᠶᠢᠨ ᠠᠴᠢ ᠬᠤᠯᠪᠣᠭᠳᠠᠯ ᠢ ᠨᠡᠩ ᠢᠯᠡᠭᠦᠦ ᠣᠶᠢᠯᠠᠭᠠᠨ᠎ᠠ᠃ ᠶᠠᠳᠠᠭᠤ ᠠᠴᠠ ᠠᠩᠭᠢᠵᠢᠷᠠᠬᠤ ᠪᠣᠯ ᠵᠣᠯ ᠵᠢᠷᠭᠠᠯᠲᠤ ᠠᠮᠢᠳᠤᠷᠠᠯ ᠲᠡᠶᠢᠰᠢ ᠤᠷᠤᠭᠰᠢᠯᠠᠬᠤ ᠴᠢᠬᠤᠯᠠ ᠨᠢᠭᠡ ᠠᠯᠬᠤᠮ ᠪᠣᠯᠤᠨ᠎ᠠ᠂ ᠪᠢᠳᠡ ᠦᠷᠬᠦᠯᠵᠢᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠬᠢᠯᠢ ᠬᠢᠵᠠᠭᠠᠷ ᠤᠨ ᠬᠥᠭᠵᠢᠯ ᠴᠡᠴᠡᠭᠯᠡᠯ ᠲᠣᠭᠲᠠᠭᠤᠨ ᠢ ᠠᠬᠢᠭᠤᠯᠬᠤ ᠬᠡᠷᠡᠭᠲᠡᠢ᠃ ᠲᠠ ᠨᠠᠷ ᠤᠨ ᠵᠢᠱᠢᠶᠡᠴᠢ ᠳᠠᠭᠠᠭᠤᠯᠬᠤ ᠦᠶᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠤᠲᠤᠭ ᠤᠨ ᠠᠬ᠎ᠠ ᠳᠡᠭᠦᠦ ᠨᠡᠷ ᠢ ᠬᠥᠲᠥᠯᠥᠨ ᠳᠠᠭᠠᠭᠤᠯᠵᠤ ᠡᠭᠦᠷᠢᠳᠡ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠰᠠᠶᠢᠲᠤᠷ ᠪᠥᠲᠥᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠢ ᠰᠠᠶᠢᠲᠤᠷ ᠬᠠᠮᠠᠭᠠᠯᠠᠵᠤ᠂ ᠠᠷᠢᠭᠤᠨ ᠳᠠᠷᠬᠠᠨ ᠨᠤᠲᠤᠭ ᠳᠡᠪᠢᠰᠬᠡᠷ ᠢᠶᠠᠨ ᠰᠠᠶᠢᠲᠤᠷ ᠰᠠᠬᠢᠨ ᠬᠠᠮᠠᠭᠠᠯᠠᠵᠤ᠂ ᠰᠢᠨ᠎ᠡ ᠴᠠᠭ ᠦᠶ᠎ᠡ ᠶᠢᠨ ᠠᠸᠠ ᠶᠢᠨ ᠠᠷᠠᠳ ᠲᠦᠮᠡᠨ ᠤ ᠵᠣᠯ ᠵᠢᠷᠭᠠᠯ ᠤᠨ ᠳᠠᠭᠤᠤ ᠶᠢ ᠬᠠᠩᠭᠢᠨᠠᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠶᠦᠨᠨᠠᠨ ᠮᠤᠵᠢ ᠶᠢᠨ ᠼᠠᠩ ᠶᠤᠸᠠᠨ ᠤ ᠸᠠ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠪᠤᠯ ᠡᠭᠡ ᠤᠯᠤᠰ ᠤᠨ ᠪᠠᠷᠠᠭᠤᠨ ᠡᠮᠦᠨᠡᠲᠦ ᠶᠢᠨ ᠬᠢᠯᠢ ᠬᠢᠵᠠᠭᠠᠷ ᠲᠤ ᠪᠠᠶᠢᠷᠢᠯᠠᠵᠤ᠂ ᠪᠦᠬᠦ ᠤᠯᠤᠰ ᠤᠨ ᠸᠠ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠬᠠᠮᠤᠭ ᠤᠨ ᠲᠤᠮᠤ ᠰᠢᠶᠠᠨ ᠪᠣᠯᠤᠨ᠎ᠠ᠂ ᠲᠤᠬᠠᠢ ᠶᠢᠨ ᠭᠠᠵᠠᠷ ᠤᠨ ᠸᠠ ᠦᠨᠳᠦᠰᠦᠲᠡᠨ ᠤ ᠤᠯᠠᠨ ᠲᠦᠮᠡᠨ ᠶᠡᠷᠦ ᠠᠴᠠ ᠤᠯᠤᠰ ᠢᠶᠠᠨ ᠬᠠᠶᠢᠷᠠᠯᠠᠵᠤ ᠬᠢᠯᠢ ᠪᠠᠨ ᠰᠠᠬᠢᠬᠤ ᠢᠷᠠᠭᠤ ᠠᠯᠳᠠᠷᠲᠤ ᠤᠯᠠᠮᠵᠢᠯᠠᠯ ᠲᠠᠢ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠤᠬᠠᠢ ᠶᠢᠨ ᠭᠠᠵᠠᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠯᠬᠤᠭ᠎ᠠ ᠪᠠᠨ ᠲᠦᠷᠭᠡᠳᠬᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠵᠤ᠂ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ᠂ ᠡᠪᠡᠳᠴᠢᠨ ᠦᠵᠡᠭᠦᠯᠵᠦ ᠡᠮᠨᠡᠯᠭᠡ ᠳᠤ ᠰᠠᠭᠤᠬᠤ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠰᠠᠭᠤᠬᠤ ᠵᠡᠷᠭᠡ ᠲᠠᠯ᠎ᠠ ᠪᠠᠷ ᠴᠥᠮ ᠪᠠᠲᠤᠯᠠᠭ᠎ᠠ ᠲᠠᠢ ᠪᠣᠯᠪᠠ᠃ 2019 ᠣᠨ ᠤ ᠡᠴᠤᠰ ᠪᠣᠯᠬᠤ ᠳᠤ᠂ ᠲᠤᠰ ᠰᠢᠶᠠᠨ ᠤ 67 ᠶᠠᠳᠠᠭᠤ ᠬᠦᠴᠢᠷᠳᠡᠯᠲᠡᠢ ᠲᠣᠰᠬᠤᠨ᠂ 4 ᠲᠦᠮᠡ ᠭᠠᠷᠤᠢ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠤᠶᠢᠷ᠎ᠠ ᠶᠢᠨ ᠡᠳᠦᠷ᠂ ᠲᠤᠰ ᠰᠢᠶᠠᠨ ᠤ ᠪᠠᠨ ᠬᠤᠩ ᠰᠢᠶᠠᠩ᠂ ᠪᠠᠨ ᠯᠤᠤ ᠰᠢᠶᠠᠩ ᠤᠨ ᠬᠢᠯᠢ ᠬᠢᠵᠠᠭᠠᠷ ᠤᠨ 9 ᠲᠣᠰᠬᠤᠨ ᠤ 10 ᠠᠬᠠᠮᠠᠳ ᠨᠠᠮ ᠤᠨ ᠡᠭᠦᠷ ᠤᠨ ᠱᠦᠵᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠸᠠ ᠦᠨᠳᠦᠰᠦᠲᠡᠨ ᠤ ᠠᠷᠠᠳ ᠲᠦᠮᠡᠨ ᠤ ᠶᠠᠳᠠᠭᠤ ᠠᠴᠠ ᠠᠩᠭᠢᠵᠢᠷᠠᠵᠤ᠂ ᠰᠠᠶᠢᠨ ᠰᠠᠶᠢᠬᠠᠨ ᠠᠮᠢᠳᠤᠷᠠᠯ ᠢ ᠦᠩᠬᠡᠷᠡᠬᠦᠯᠬᠦ ᠪᠣᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠦᠶ᠎ᠡ ᠶᠢᠨ ᠦᠶ᠎ᠡ ᠳᠡᠭᠡᠨ ᠡᠪ ᠬᠠᠮᠲᠤ ᠨᠠᠮ ᠢᠶᠠᠨ ᠲᠠᠭᠠᠵᠤ᠂ ᠨᠤᠲᠤᠭ ᠤᠰᠤ ᠪᠠᠨ ᠨᠡᠩ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠪᠣᠯᠭᠠᠨ ᠪᠦᠳᠦᠭᠡᠨ ᠪᠠᠶᠢᠭᠤᠯᠬᠤ ᠪᠠᠲᠤ ᠵᠣᠷᠢᠭ ᠢᠶᠠᠨ ᠢᠯᠡᠳᠬᠡᠭᠰᠡᠡ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号