8 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ — | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ | ᠦᠢᠯᠡᠰ ᠤᠨ ᠶᠠᠷᠢᠶᠠᠨ ᠤ ᠲᠠᠪᠴᠠᠩ᠂ 2021 ᠳᠤᠮᠳᠠᠳᠤ ᠤᠯᠤᠰ ᠤᠨ ᠤᠯᠠᠨ ᠤᠯᠤᠰ ᠤᠨ ᠤᠶᠤᠨᠲᠤ ᠠᠵᠤ | ᠦᠢᠯᠡᠰ ᠤᠨ ᠦᠵᠡᠰᠬᠦᠯᠡᠩ ᠤᠨ ᠴᠤᠬᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠡᠯᠡᠬᠡᠶ ᠨᠡᠶᠢᠬᠡᠮ ᠶᠠᠭ ᠲᠣᠭᠠᠴᠢᠯᠠᠭᠰᠠᠨ ᠠᠵᠤ ᠠᠬᠤᠶ ᠶᠢᠨ ᠲᠦᠷᠭᠡᠨ ᠬᠥᠭᠵᠢᠯᠲᠡ ᠶᠢᠨ | ᠴᠠᠭ ᠦᠶ᠎ᠡ ᠳᠤ ᠣᠷᠣᠵᠤ ᠪᠠᠶᠢᠨ᠎ᠠ᠂ 5G᠂ ᠵᠣᠬᠢᠶᠠᠮᠠᠯ ᠣᠶᠤᠨ᠂ ᠤᠶᠤᠨᠲᠤ ᠬᠤᠲᠠ ᠵᠡᠷᠭᠡ ᠰᠢᠨ᠎ᠡ ᠮᠡᠷᠭᠡᠵᠢᠯ᠂ | ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠲᠠᠪᠴᠠᠩ ᠥᠷᠨᠢᠨ ᠬᠥᠭᠵᠢᠵᠦ᠂ ᠪᠥᠬᠦ ᠪᠥᠮᠪᠥᠷᠴᠡᠭ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ | ᠠᠵᠤ ᠠᠬᠤᠶ ᠨᠡᠶᠢᠭᠡᠮ ᠤᠨ ᠬᠥᠭᠵᠢᠯᠲᠡ ᠶᠢ ᠭᠦᠨᠵᠡᠭᠡᠶ ᠨᠥᠯᠥᠭᠡᠯᠡᠵᠦ ᠪᠠᠶᠢᠨ᠎ᠠ᠃ ᠤᠢᠢᠷ᠎ᠠ ᠶᠢᠨ ᠵᠢᠯ ᠠᠴᠠ᠂ | ᠳᠤᠮᠳᠠᠳᠤ ᠤᠯᠤᠰ ᠲᠣᠭᠠᠴᠢᠯᠠᠯᠲᠠ ᠶᠢ ᠠᠵᠤ ᠦᠢᠯᠡᠰᠵᠢᠬᠦᠯᠬᠦ᠂ ᠠᠵᠤ ᠦᠢᠯᠡᠰ ᠢ ᠲᠣᠭᠠᠴᠢᠯᠠᠬᠤ ᠶᠢ ᠢᠳᠡᠪᠬᠢᠲᠡᠢ | ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠭᠦᠨᠵᠡᠭᠡᠢ | ᠠᠭᠤᠰᠤᠯᠴᠠᠭᠤᠯᠬᠤ ᠶᠢ ᠠᠬᠢᠭᠤᠯᠪᠠ ᠬᠡᠵᠦ ᠵᠢᠭᠠᠵᠤ ᠭᠠᠷᠭᠠᠪᠠ᠃ | ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 20 | ᠵᠢᠯ ᠤᠨ ᠤᠢ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠭᠡᠰᠢᠭᠦᠨ ᠤᠯᠤᠰ ᠲᠠᠢ ᠬᠠᠮᠲᠤ | ︽ᠱᠠᠩᠬᠠᠢ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠤᠯᠠᠨ ᠤᠯᠤᠰ ᠤᠨ | ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠲᠣᠭᠠᠴᠢᠯᠠᠯᠳᠠ᠂ ᠰᠦᠯᠵᠢᠶᠡᠵᠢᠯᠲᠡ᠂ ᠤᠶᠤᠨᠴᠢᠯᠠᠯᠳᠠ ᠪᠠᠷ ᠠᠵᠤ | ᠠᠬᠤᠢ ᠨᠡᠶᠢᠭᠡᠮ ᠤᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠲᠣᠭᠠᠴᠢᠯᠠᠭᠰᠠᠨ ᠠᠵᠤ ᠠᠬᠤᠢ ᠶᠢᠨ | ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠦᠨ᠎ᠡ ᠭᠡᠵᠦ ᠴᠢᠬᠤᠯᠠᠴᠢᠯᠠᠪᠠ᠃ | ᠳᠤᠮᠳᠠᠳᠤ ᠤᠯᠤᠰ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ | ᠠᠵᠤ ᠠᠬᠤᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ᠂ 2021 ᠣᠨ ᠤ ᠳᠤᠮᠳᠠᠳᠤ ᠤᠯᠤᠰ ᠤᠨ ᠤᠯᠠᠨ | ᠤᠯᠤᠰ ᠤᠨ ᠤᠶᠤᠨᠲᠤ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠠᠳᠠᠯᠢ ᠬᠤᠭᠤᠴᠠᠭᠠᠨ ᠳᠤ ᠶᠠᠪᠤᠭᠳᠠᠵᠤ᠂ | ᠲᠤᠰ ᠡᠳᠦᠷ ᠴᠦᠩᠴᠢᠩ ᠬᠤᠳᠠ ᠳᠤ ᠡᠬᠢᠯᠡᠪᠡ᠃ | |