ᠯᠢ ᠺᠧ ᠴᠢᠶᠠᠩ ᠮᠠᠯᠠᠶᠢᠰᠢᠶ᠎ᠠ ᠶᠢᠨ ᠰᠢᠨ᠎ᠡ ᠪᠠᠷ ᠲᠤᠰᠢᠶᠠᠯ ᠳᠤ ᠭᠠᠷᠤᠭᠰᠠᠨ ᠶᠡᠷᠦᠩᠬᠡᠢ ᠰᠠᠶᠢᠳ ᠢᠰᠮᠠᠶᠢᠯ · ᠰᠠᠪᠷᠢ ᠳᠤ ᠪᠠᠶᠠᠷ ᠤᠨ ᠴᠠᠬᠢᠯᠭᠠᠨ ᠮᠡᠳᠡᠭᠡ ᠢᠯᠡᠭᠡᠪᠡ
ᠨᠡᠶᠢᠲᠡᠯᠡᠭᠰᠡᠨ ᠴᠠᠭ᠄
2021/8/26
     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 8 ᠳ᠋ᠤᠭᠠᠷ ᠰᠠᠷ᠎ᠠ ᠶᠢᠨ 23 ᠤ ᠡᠳᠦᠷ ᠢᠰᠮᠠᠶᠢᠯ · ᠰᠠᠪᠷᠢ ᠳᠤ ᠴᠠᠬᠢᠯᠭᠠᠨ ᠮᠡᠳᠡᠭᠡ ᠢᠯᠡᠭᠡᠵᠦ᠂ ᠮᠠᠯᠠᠶᠢᠰᠢᠶ᠎ᠠ ᠶᠢᠨ ᠶᠡᠷᠦᠩᠬᠡᠶ ᠰᠠᠶᠢᠳ ᠪᠣᠯᠤᠭᠰᠠᠨ ᠳᠤ ᠪᠠᠶᠠᠷ ᠬᠦᠷᠭᠡᠪᠡ᠃      ᠯᠢ ᠺᠧ ᠴᠢᠶᠠᠩ ᠪᠠᠶᠠᠷ ᠤᠨ ᠴᠠᠬᠢᠯᠭᠠᠨ ᠮᠡᠳᠡᠭᠡ ᠳᠤ ᠪᠠᠨ᠂ ᠳᠤᠮᠳᠠᠳᠤ ᠤᠯᠤᠰ ᠪᠣᠯᠤᠨ ᠮᠠᠯᠠᠶᠢᠰᠢᠶ᠎ᠠ ᠪᠣᠯ ᠲᠠᠯᠠᠢ ᠠᠯᠤᠰᠯᠠᠨ ᠬᠠᠷᠢᠯᠴᠠᠨ ᠨᠢᠭᠤᠷᠯᠠᠵᠤ ᠪᠠᠶᠢᠭ᠎ᠠ ᠤᠯᠠᠮᠵᠢᠯᠠᠯᠲᠤ ᠨᠥᠬᠦᠷᠰᠡᠭ ᠬᠥᠷᠰᠢ ᠤᠯᠤᠰ ᠪᠣᠯᠤᠨ᠎ᠠ᠂ ᠬᠤᠶᠠᠷ ᠲᠠᠯ᠎ᠠ ᠶᠢᠨ ᠬᠠᠷᠢᠴᠠᠭ᠎ᠠ ᠤᠷᠳᠤ ᠬᠤᠭᠤᠴᠠᠭ᠎ᠠ ᠪᠠᠷ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠨᠢᠭᠲᠠ ᠭᠦᠨᠵᠡᠭᠡᠶᠢᠷᠡᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠵᠦ᠂ ᠭᠠᠵᠠᠷ ᠣᠷᠣᠨ ᠤ ᠠᠮᠤᠷ ᠲᠣᠭᠲᠠᠭᠤᠨ ᠪᠠ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠪᠢ ᠶᠡᠷᠦᠩᠬᠡᠢ ᠰᠠᠶᠢᠳ ᠢᠰᠮᠠᠶᠢᠯ · ᠰᠠᠪᠷᠢ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠬᠢᠵᠢᠭ ᠢ ᠡᠰᠡᠷᠭᠦᠴᠡᠬᠦ ᠪᠠ ᠬᠥᠭᠵᠢᠯᠲᠡ ᠶᠢ ᠠᠬᠢᠭᠤᠯᠬᠤ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠶᠢᠨ ᠲᠠᠰᠤᠷᠠᠯᠳᠡ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号