ᠠᠯᠠᠱᠠ ᠵᠡᠭᠦᠨ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2021/8/27
       ᠨᠢᠭᠡ ᠳᠤ᠂ ᠠᠯᠠᠱᠠ ᠵᠡᠭᠦᠨ ᠬᠤᠰᠢᠭᠤᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂     ︽︿ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠠᠷᠢᠭᠤ ᠰᠤᠷᠪᠤᠯᠵᠢᠯᠠᠭ᠎ᠠ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ﹀ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠪᠠ᠃ ᠬᠤᠶᠠᠷ ᠲᠤ᠂ ᠤᠷᠢᠳ ᠬᠤᠵᠢᠳ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ 10 ᠲᠥᠷᠥᠯ ᠵᠦᠢᠯ ᠢ ᠠᠯᠠᠱᠠ ᠠᠶᠢᠮᠠᠭ ᠤᠨ ᠬᠠᠲᠤᠨ ᠭᠤᠤᠯ ᠤᠨ ᠰᠠᠪᠠ ᠭᠠᠵᠠᠷ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠪᠠ᠃ ᠭᠤᠷᠪᠠ ᠳᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶ ᠨᠢ ᠠᠯᠠᠱᠠ ᠠᠶᠢᠮᠠᠭ ᠤᠨ 2021 ᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠤᠶᠠᠳᠤᠭᠠᠷ ᠪᠦᠯᠦᠭ ᠤᠨ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ ᠲᠥᠷᠥᠯ ᠵᠦᠢᠯ ᠢ 4 ᠭᠤᠶᠤᠴᠢᠯᠠᠨ ᠮᠡᠳᠡᠭᠦᠯᠪᠡ᠃ ᠣᠳᠣᠬᠠᠨ ᠳᠤ᠂ ᠠᠯᠠᠱᠠ ᠵᠡᠭᠦᠨ ᠬᠤᠰᠢᠭᠤᠨ ᠤ ᠪᠠᠶᠠᠠᠮᠣᠳᠣ ᠲᠠᠷᠢᠶᠠᠯᠠᠩ ᠤᠨ ᠲᠠᠯᠠᠪᠠᠶ ᠶᠢᠨ ᠤᠰᠤ ᠠᠷᠪᠢᠯᠠᠬᠤ ᠤᠰᠤᠯᠠᠯᠲᠠ ᠶᠢᠨ ᠲᠥᠷᠥᠯ ᠵᠦᠢᠯ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ᠶᠢ ᠥᠩᠭᠡᠷᠡᠭᠡᠵᠦ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠪᠡ᠃ ᠪᠤᠰᠤᠳ ᠲᠥᠷᠥᠯ ᠵᠦᠢᠯ ᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号