ᠰᠢ ᠶᠢᠨ ᠫᠢᠩ ᠰᠠᠶᠢᠬᠠᠨᠳᠠᠪᠠᠭ᠎ᠠ ᠮᠧᠬᠠᠨᠢᠭᠵᠢᠯ ᠤᠨ ᠤᠢ ᠰᠢᠭᠤᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/8/27
       23 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠾᠧᠪᠸᠢ ᠮᠤᠵᠢ ᠶᠢᠨ ᠰᠠᠶᠢᠬᠠᠨᠳᠠᠪᠠᠭ᠎ᠠ ᠮᠧᠬᠠᠨᠢᠭᠵᠢᠯ ᠤᠨ ᠤᠢ ᠰᠢᠭᠤᠢ ᠶᠢᠨ ᠲᠠᠯᠠᠪᠠᠢ ᠶᠢᠨ ᠶᠤᠸᠠᠢ ᠯᠢᠶᠠᠩ ᠱᠠᠨ ᠠᠭᠤᠯᠠᠨ ᠳᠤ ᠬᠦᠷᠴᠦ᠂ ᠤᠢ ᠰᠢᠭᠤᠢ ᠶᠢᠨ ᠲᠠᠯᠠᠪᠠᠢ ᠶᠢᠨ ᠪᠠᠶᠢᠭᠠᠯᠢ ᠶᠢᠨ ᠦᠵᠡᠮᠵᠢ ᠪᠠᠶᠢᠳᠠᠯ ᠢ ᠪᠠᠶᠢᠴᠠᠭᠠᠨ ᠦᠵᠡᠵᠦ᠂ ᠾᠧᠪᠸᠢ ᠶᠢᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬᠠᠨ ᠤ ᠰᠢᠰᠲ᠋ᠧᠮ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ ᠪᠠ ᠤᠢ ᠰᠢᠭᠤᠢ ᠶᠢᠨ ᠲᠠᠯᠠᠪᠠᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠤᠢ ᠰᠢᠭᠤᠢ ᠶᠢᠨ ᠬᠠᠮᠠᠭᠠᠯᠠᠭᠴᠢ ᠶᠢ ᠪᠣᠯᠭᠤᠭᠠᠨ ᠦᠵᠡᠪᠡ᠃ ᠳᠠᠷᠠᠭ᠎ᠠ ᠳᠤ ᠨᠢ᠂ ᠰᠢ ᠶᠢᠨ ᠫᠢᠩ ᠱᠠᠩ ᠬᠠᠢ ᠳᠤᠷᠠᠰᠬᠠᠯ ᠤᠨ ᠤᠢ ᠳᠤ ᠬᠦᠷᠴᠦ᠂ ᠤᠢ ᠮᠣᠳᠣᠨ ᠤ ᠤᠷᠭᠤᠯᠳᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠤᠢ ᠰᠢᠭᠤᠢ ᠶᠢᠨ ᠲᠠᠯᠠᠪᠠᠢ ᠠᠴᠠ ᠰᠠᠶᠢᠬᠠᠨᠳᠠᠪᠠᠭ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠤᠭᠰᠠᠨ ᠵᠡᠷᠭᠡ ᠪᠠᠶᠢᠳᠠᠯ ᠢ ᠣᠶᠢᠯᠠᠭᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号