︽ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ ᠨᠢ ᠮᠠᠨ ᠤ ᠬᠠᠷᠢᠭᠤᠴᠠᠯᠭ᠎ᠠ︾
ᠨᠡᠶᠢᠲᠡᠯᠡᠭᠰᠡᠨ ᠴᠠᠭ᠄
2021/8/3
    — ᠠᠯᠠᠱᠠ ᠠᠶᠢᠮᠠᠭ ᠤᠨ ᠰᠢᠯᠢᠳᠡᠭ ᠨᠠᠮ ᠤᠨ ᠭᠡᠰᠢᠭᠦᠨ ᠦᠯᠵᠡᠢ ᠰᠤᠮᠤᠨ ᠤ ᠥᠨᠳᠥᠷᠮᠣᠳᠣ ᠭᠠᠴᠠᠭ᠎ᠠ ᠶᠢᠨ ᠬᠢᠯᠢ ᠬᠢᠵᠠᠭᠠᠷ ᠢ ᠰᠠᠬᠢᠨ ᠬᠠᠮᠠᠭᠠᠯᠠᠵᠤ ᠪᠠᠶᠢᠭ᠎ᠠ ᠮᠦᠡᠭᠭᠦᠬᠠᠭᠤᠯᠠ ᠶᠢ ᠲᠡᠮᠳᠡᠭᠯᠡᠪᠡ           ᠡᠨᠡ ᠵᠢᠯ 46 ᠨᠠᠰᠤᠲᠠᠶ ᠮᠦᠡᠭᠭᠦᠬᠠᠭᠤᠯᠠ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠦᠯᠵᠡᠢ ᠰᠤᠮᠤᠨ ᠤ ᠥᠨᠳᠥᠷᠮᠣᠳᠣ ᠭᠠᠴᠠᠭ᠎ᠠ ᠶᠢᠨ ᠡᠩ ᠤᠨ ᠮᠠᠯᠴᠢᠨ ᠤ ᠭᠡᠷ ᠲᠤ ᠲᠦᠷᠦᠵᠡᠢ᠃ 2005 ᠣᠨ ᠤ 7 ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠣᠷᠣᠵᠤ᠂ ᠤᠳᠤ ᠦᠯᠵᠡᠢ ᠰᠤᠮᠤᠨ ᠤ ᠥᠨᠳᠥᠷᠮᠣᠳᠣ ᠭᠠᠴᠠᠭ᠎ᠠ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠤᠢ᠃     ᠳᠡᠭᠡᠷ᠎ᠡ ᠵᠠᠭᠤᠨ ᠤ ᠳᠠᠯᠠᠭᠠᠳ ᠣᠨ ᠤ ᠦᠶ᠎ᠡ ᠳᠤ᠂ ᠬᠢᠯᠢ ᠬᠢᠵᠠᠭᠠᠷ ᠤᠨ ᠠᠮᠤᠷ ᠲᠦᠪᠰᠢᠨ ᠵᠢᠴᠢ ᠡᠬᠡ ᠤᠯᠤᠰ ᠤᠨ ᠨᠤᠲᠤᠭ ᠳᠡᠪᠢᠰᠬᠡᠷ ᠤᠨ ᠪᠦᠷᠢᠨ ᠪᠦᠲᠦᠨ ᠢ ᠬᠠᠮᠠᠭᠠᠯᠠᠬᠤ ᠶᠢᠨ ᠲᠤᠯᠠᠳᠠ ᠮᠦᠡᠭᠭᠦᠬᠠᠭᠤᠯᠠ ᠶᠢᠨ ᠡᠵᠢ ᠨᠢ ᠪᠤᠰᠤᠳ ᠠᠷᠪᠠᠨ ᠬᠡᠳᠦᠨ ᠮᠠᠯᠴᠢᠨ ᠡᠷᠦᠭᠡ ᠲᠠᠢ ᠬᠠᠮᠳᠤ ᠰᠠᠶᠢᠨ ᠳᠤᠷ᠎ᠠ ᠠᠴᠠ ᠪᠠᠨ ᠦᠯᠵᠡᠢ ᠶᠢᠨ ᠬᠢᠯᠢ ᠶᠢᠨ ᠡᠮᠦᠨ᠎ᠡ ᠹᠷᠣᠨᠲ ᠲᠤ ᠨᠡᠭᠦᠵᠦ᠂ ᠡᠷᠦᠬᠡ ᠶᠢᠨ ᠴᠡᠷᠢᠭ ᠤᠨ ᠴᠢᠭ ᠪᠠᠶᠢᠭᠤᠯᠵᠡᠢ᠃ ᠡ᠊ᠨᠳᠡᠬᠢ ᠨᠢ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠠᠴᠠ 4.8 ᠺᠢᠯᠤᠮᠧᠲᠷ ᠵᠠᠶᠢᠲᠠᠢ᠂ ᠭᠠᠵᠠᠷ ᠠᠭᠤᠳᠠᠮ ᠬᠥᠮᠦᠨ ᠴᠦᠬᠡᠠ᠂ ᠠᠮᠢ ᠠᠬᠤᠢ ᠬᠡᠪᠡᠷᠡᠭ᠂ ᠵᠢᠯ ᠲᠤᠷᠰᠢ ᠭᠠᠩ ᠬᠠᠭᠤᠷᠠᠢ ᠪᠣᠷᠣᠭᠠᠨ ᠪᠠᠭ᠎ᠠ᠂ ᠪᠦᠬᠦᠯᠢ ᠵᠢᠯ ᠤᠨ 200 ᠭᠠᠷᠤᠢ ᠡᠳᠦᠷ ᠨᠢ ᠰᠠᠯᠬᠢ ᠰᠢᠭᠤᠷᠭ᠎ᠠ ᠲᠠᠢ ᠪᠠᠶᠢᠳᠠᠭ᠃ ᠮᠦᠡᠭᠭᠦᠬᠠᠭᠤᠯᠠ ᠶᠢᠨ ᠡᠵᠢ ᠨᠢ ᠲᠤᠬᠠᠢ ᠶᠢᠨ ᠵᠢᠯ ᠳᠤ ᠳᠤᠮᠳᠠᠳᠤ ᠮᠣᠩᠭᠤᠯ ᠤᠨ ᠬᠢᠯᠢ ᠳᠠᠭᠠᠤ ᠭᠠᠵᠠᠷ ᠤᠨ ᠠᠮᠤᠷ ᠲᠣᠭᠲᠠᠭᠤᠨ ᠤ ᠲᠥᠯᠥᠭᠡ ᠫᠤᠤ ᠡᠭᠦᠷᠴᠦ᠂ ᠬᠠᠷᠠᠭᠤᠯ ᠵᠣᠭᠰᠣᠠ᠂ ᠬᠢᠯᠢ ᠬᠢᠵᠠᠭᠠᠷ ᠢ ᠲᠣᠭᠤᠷᠢᠨ ᠦᠵᠡᠵᠦ᠂ ᠬᠥᠰᠢᠶ᠎ᠠ ᠳᠤᠷᠠᠰᠬᠠᠯ ᠢ ᠰᠠᠬᠢᠨ ᠬᠠᠮᠠᠭᠠᠯᠠᠵᠤ᠂ ᠪᠦᠬᠦ᠋ᠢᠯᠡ ᠵᠠᠯᠠᠭᠤ ᠨᠠᠰᠤ ᠪᠠᠨ ᠬᠢᠯᠢ ᠬᠢᠵᠠᠭᠠᠷ ᠲᠤ ᠵᠣᠷᠢᠭᠤᠯᠵᠠᠢ᠃ ᠬᠠᠷᠠᠬᠠᠨ ᠪᠠᠭ᠎ᠠ ᠠᠴᠠ ᠪᠠᠨ ᠡᠵᠢ ᠶᠢᠨ ᠢᠶᠠᠨ ᠦᠵᠡᠯ ᠰᠠᠨᠠᠭᠠᠨ ᠤ ᠨᠥᠯᠥᠭᠡ ᠶᠢ ᠬᠦᠷᠳᠡᠭᠰᠡᠨ ᠮᠦᠡᠭᠭᠦᠬᠠᠭᠤᠯᠠ ᠡᠵᠢ ᠶᠢᠨ ᠢᠶᠠᠨ ᠬᠢᠯᠢ ᠬᠢᠵᠠᠭᠠᠷ ᠢᠶᠠᠨ ᠰᠠᠬᠢᠬᠤ ᠬᠦᠰᠡᠯ ᠡᠷᠡᠮᠡᠯᠵᠡᠯ ᠢ ᠵᠠᠯᠭᠠᠮᠵᠢᠯᠠᠵᠤ᠂ ᠡᠬᠡᠨᠡᠷ ᠨᠢ ᠴᠤ ᠬᠠᠳᠠᠮ ᠡᠵᠢ ᠶᠢᠨ ᠢᠶᠠᠨ ᠤᠯᠤᠰ ᠢᠶᠠᠨ ᠬᠠᠶᠢᠷᠠᠯᠠᠬᠤ ᠦᠵᠡᠯ ᠰᠠᠨᠠᠭᠠᠨ ᠤ ᠨᠥᠯᠥᠭᠡᠯᠡᠯ ᠳᠣᠣᠷ᠎ᠠ᠂ ᠳᠤᠷᠠᠲᠠᠶ᠎ᠠ ᠬᠢᠯᠢ ᠬᠢᠵᠠᠭᠠᠷ ᠲᠤ ᠦᠨᠳᠦᠰᠦᠯᠡᠵᠦ᠂ ᠡᠷ᠎ᠠ ᠨᠦᠬᠦᠷ ᠲᠠᠢ ᠪᠠᠨ ᠨᠤᠲᠤᠭ ᠤᠰᠤ ᠪᠠᠨ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠶᠢ ᠬᠦᠢᠴᠡᠳᠭᠡᠬᠦ ᠳᠠᠷᠬᠠᠠ ᠦᠢᠯᠠ ᠳᠤ ᠬᠦᠴᠦ ᠬᠦᠯᠦᠰᠤ ᠪᠠᠨ ᠡᠷᠬᠦᠬᠦ ᠪᠤᠯᠵᠠᠢ᠃
      ᠵᠢᠷᠤᠭ ᠪᠤᠯ᠂ ᠮᠦᠡᠭᠭᠦᠬᠠᠭᠤᠯᠠ ︵ᠪᠠᠷᠠᠭᠤᠨᠳᠠᠬᠢ︶ ᠮᠠᠯᠴᠢᠳ ᠤᠨ ᠭᠡᠷ ᠲᠤ ᠦᠢᠯᠠᠴᠢᠯᠡᠭᠡ ᠬᠢᠵᠤ ᠪᠠᠶᠢᠨ᠎ᠠ ᠃ ︵ᠡᠷᠳᠠᠨᠢᠴᠢᠮᠡᠭ ᠬᠠᠨᠭ᠍ᠭᠠᠪᠠ︶          ᠮᠦᠡᠭᠭᠦᠬᠠᠭᠤᠯᠠ ᠤᠷᠢᠳ ᠬᠤᠵᠢᠳ ᠥᠨᠳᠥᠷᠮᠣᠲᠤ ᠭᠠᠴᠠᠭᠠᠨ ᠤ ᠵᠥᠪᠯᠡᠯ ᠤᠨ ᠳᠡᠳ᠋ ᠡᠷᠬᠢᠯᠡᠭᠴᠢ᠂ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠡᠨᠡ ᠬᠤᠭᠤᠴᠠᠭᠠᠨ ᠳᠤ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠨ᠂ ᠯᠠᠪᠳᠠᠭᠤᠨ ᠪᠠᠲᠤᠲᠠᠢ ᠠᠵᠢᠯᠯᠠᠵᠤ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠭᠰᠡᠭᠡᠷ ᠢᠷᠡᠭᠰᠡᠠ ᠪᠠᠶᠢᠨ᠎ᠠ᠃ ᠡᠭᠦᠨ ᠢᠶᠠᠷ ᠪᠠᠷᠠᠬᠤ ᠦᠭᠡᠢ᠂ ᠲᠡᠷᠡ ᠪᠠᠰᠠ ᠨᠢᠭᠡᠨ ᠪᠠᠶᠠᠵᠢᠯ ᠤᠨ ᠴᠢᠳᠠᠪᠤᠷᠢᠲᠠᠨ᠂ ᠮᠠᠯᠴᠢᠳ ᠤᠨ ᠬᠤᠣᠰ ᠪᠥᠬᠦᠲᠦ ᠲᠡᠮᠡᠭᠡ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠵᠤ᠂ ᠡᠯᠡᠰᠦᠨ ᠤ ᠠᠵᠤ ᠦᠢᠯᠡᠰ ᠢ ᠬᠥᠭᠵᠢᠭᠦᠯᠤᠨ᠂ ᠪᠦᠬᠦ ᠭᠠᠴᠠᠭᠠᠨ ᠤ 141 ᠡᠷᠤᠬᠡ ᠶᠢᠨ 362 ᠬᠥᠮᠦᠨ ᠢ ᠲᠠᠶᠢᠴᠢᠯᠠᠵᠦ᠂ ᠥᠷᠭᠡᠨ ᠤᠯᠠᠨ ᠮᠠᠯᠴᠢᠨ ᠲᠠᠷᠢᠶᠠᠴᠢᠨ ᠢ ᠬᠠᠪᠰᠤᠷᠤᠨ ᠪᠠᠶᠠᠵᠢᠯ ᠤᠨ ᠵᠠᠮ ᠢ ᠡᠷᠢᠯᠬᠢᠯᠡᠬᠦ ᠪᠠᠷ ᠴᠢᠷᠮᠠᠶᠢᠵᠠᠢ᠃     ᠮᠦᠡᠭᠭᠦᠬᠠᠭᠤᠯᠠ ᠶᠢᠨ ᠬᠢ ᠪᠣᠯ ᠬᠢᠯᠢ ᠬᠢᠵᠠᠭᠠᠷ ᠤᠨ ᠨᠠᠮ ᠤᠨ ᠭᠡᠰᠢᠭᠦᠨ ᠤ ᠭᠤᠣᠯ ᠡᠷᠦᠬᠡ ᠪᠣᠯᠤᠨ᠎ᠠ᠂ ︽ᠤᠮᠠᠷᠠᠲᠤ ᠬᠢᠯᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠤᠷᠳᠤ ᠬᠤᠩᠬᠢᠯ︾ ᠪᠣᠯᠤᠨ ︽ᠬᠢᠯᠢ ᠬᠢᠵᠠᠭᠠᠷ ᠣᠷᠣᠨ ᠢ ᠪᠠᠬᠢᠵᠢᠭᠦᠯᠬᠦ ᠨᠠᠮ ᠤᠨ ᠪᠠᠶᠢᠭᠤᠯᠤᠯᠲᠠ︾ ᠶᠢᠨ ᠠᠵᠢᠯ ᠡᠬᠢᠯᠡᠭᠰᠡᠨ ᠤ ᠳᠠᠷᠠᠭ᠎ᠠ᠂ ᠮᠦᠡᠭᠭᠦᠬᠠᠭᠤᠯᠠ ᠤᠢᠢᠷ᠎ᠠ ᠤᠷᠴᠢᠮ ᠤᠨ ᠨᠠᠮ ᠤᠨ ᠭᠡᠰᠢᠭᠦᠨ ᠵᠢᠴᠢ ᠤᠯᠠᠨ ᠲᠦᠮᠡᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠳᠠᠳᠠᠠ ᠢ ᠭᠡᠷ ᠲᠡᠭᠡᠨ ᠴᠤᠭᠯᠠᠭᠤᠯᠤᠨ ᠠᠯᠤᠰ ᠡᠵᠡᠮᠳᠡᠬᠦᠷ ᠢᠶᠠᠷ ᠵᠢᠭᠠᠬᠤ ᠰᠤᠷᠭᠠᠨ ᠬᠥᠮᠦᠵᠢᠯ ᠤᠨ ᠹᠢᠯᠢᠮ ᠢ ᠦᠵᠡᠬᠦᠯᠵᠤ᠂ ᠨᠠᠮ ᠤᠨ ᠡᠭᠦᠷ ᠤᠨ ᠰᠤᠷᠤᠯᠴᠠᠯᠭ᠎ᠠ ᠶᠢᠨ ᠠᠭᠤᠯᠭ᠎ᠠ ᠪᠣᠯᠤᠨ ᠭᠠᠴᠠᠭᠠᠨ ᠤ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠤᠯᠠᠮᠵᠢᠯᠠᠳᠠᠭ᠃ ᠡᠳᠦᠷ ᠪᠦᠷᠢ ᠭᠠᠴᠠᠭᠠᠨ ᠤ ᠬᠡᠷᠡᠭ ᠶᠠᠪᠤᠳᠠᠯ ᠢ ᠰᠢᠢᠳᠪᠦᠷᠢᠯᠡᠬᠦ ᠪᠠ ᠮᠠᠯᠴᠢᠨ ᠲᠦᠮᠡᠨ ᠤ ᠬᠦᠰᠡᠯ ᠱᠠᠭᠠᠷᠳᠠᠯᠭ᠎ᠠ ᠶᠢ ᠵᠣᠬᠢᠴᠠᠭᠤᠯᠬᠤ ᠪᠠᠷ ᠶᠠᠭᠠᠷᠠᠳᠠᠭ ᠠᠴᠠ ᠵᠢᠯ ᠤᠨ ᠬᠠᠭᠠᠰ ᠰᠢᠬᠠᠭᠤ ᠴᠠᠭ ᠢ ᠭᠠᠴᠠᠭᠠᠠ ᠳᠠᠭᠠᠨ ᠦᠡᠭᠭᠡᠷᠡᠬᠦᠯᠦᠠ ᠲᠡᠮᠡᠭᠡ ᠮᠠᠯ ᠢᠶᠠᠨ ᠬᠠᠷᠠᠵᠤ ᠲᠤᠳᠤᠮᠳᠠᠬᠤ ᠵᠡᠪ ᠦᠬᠡᠢ ᠲᠡᠭᠡᠷ᠎ᠠ ᠪᠠᠨ ᠪᠠᠶᠢᠭᠠᠯᠢ ᠶᠢᠨ ᠭᠠᠮᠰᠢᠭ ᠠᠴᠠ ᠪᠣᠯᠵᠣ᠂ ᠣᠶᠢᠷ᠎ᠠ ᠶᠢᠨ 20 ᠵᠢᠯ ᠳᠤ ᠲᠡᠳᠡᠨ ᠤ ᠠᠯᠠᠭ᠎ᠠ ᠪᠣᠯᠤᠭᠰᠠᠨ ᠲᠡᠮᠡᠭᠡ ᠨᠢ ᠠᠳᠠᠭ ᠪᠠᠭ᠎ᠠ ᠳᠠᠭᠠᠨ 200 ᠳᠤ ᠬᠦᠷᠴᠦ᠂ ᠠᠯᠳᠠᠭᠰᠠᠨ ᠲᠡᠮᠡᠭᠡ ᠨᠢ ᠮᠣᠩᠭᠤᠯ ᠤᠨ ᠬᠢᠯᠢ ᠳᠤ ᠤᠷᠤᠵᠤ ᠴᠢᠨ᠋ᠸ᠎ᠠ ᠶᠢᠨ ᠰᠦᠷᠦᠭ ᠲᠤ ᠳᠠᠭᠠᠷᠢᠭᠳᠠᠵᠤ ᠥᠭᠦᠭᠰᠡᠨ ᠪᠠᠶᠢᠨ᠎ᠠ᠃ ᠣᠶᠢᠷ᠎ᠠ ᠳᠤ᠂ ᠲᠡᠳᠡᠨ ᠤ ᠬᠡᠷ ᠤᠨ ᠬᠤᠨᠢᠨ ᠰᠦᠷᠦᠭ ᠪᠠᠰᠠ ᠴᠢᠨ᠋ᠸ᠎ᠠ ᠶᠢᠨ ᠰᠦᠷᠦᠭ ᠤᠨ ᠳᠠᠭᠠᠷᠢᠯᠲᠠ ᠳᠤ ᠤᠴᠠᠷᠠᠵᠤ ᠂ ᠬᠤᠷᠢ ᠭᠠᠷᠤᠢ ᠬᠤᠨᠢ ᠶᠢ ᠨᠢ ᠬᠤᠬᠢᠷᠠᠭᠤᠯᠤᠬᠰᠠᠠ ᠪᠠᠶᠢᠨ᠎ᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠢᠮᠡᠭᠡ ᠶᠢ ᠣᠯᠤᠭᠰᠠᠨ ᠤ ᠲᠠᠷᠠᠭ᠎ᠠ ᠲᠡᠭᠦᠨ ᠠᠴᠠ ᠭᠠᠮᠰᠢᠭ ᠤᠨ ᠪᠠᠶᠢᠳᠠᠯ ᠢ ᠨᠢ ᠣᠶᠢᠯᠠᠭᠠᠬᠤ ᠳᠤ ᠲᠡᠷᠡ᠂ ᠭᠠᠮᠰᠢᠭᠳᠠᠭᠰᠠᠨ ᠨᠢ ᠭᠠᠭᠴᠠᠬᠠᠨ ᠪᠢ ᠪᠢᠰᠢ᠂ ᠪᠤᠰᠤᠳ ᠮᠠᠯᠴᠢᠳ ᠤᠨ ᠮᠠᠯ ᠴᠤ ᠬᠦᠨᠳᠦ ᠨᠣᠴᠢᠲᠠᠢ ᠭᠠᠮᠰᠢᠭᠳᠠᠵᠠᠢ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠯᠢ ᠬᠢᠵᠠᠭᠠᠷ ᠤᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠢᠯᠡᠭᠦᠬᠡᠨ ᠬᠠᠯᠠᠮᠵᠢᠯᠠᠬᠤ ᠶᠢ ᠬᠦᠰᠡᠵᠤ ᠪᠠᠶᠢᠨ᠎ᠠ ᠬᠡᠰᠡᠠ ᠪᠠᠶᠢᠨ᠎ᠠ᠃     ᠤᠯᠠᠨ ᠵᠢᠯ ᠤᠨ ᠲᠤᠷᠰᠢ ᠴᠥᠭᠡᠨ ᠪᠤᠰᠤ ᠬᠥᠮᠦᠰ ᠲᠡᠭᠦᠨ ᠢ ᠠᠮᠢ ᠠᠬᠤᠢ᠂ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ ᠶᠢᠨ ᠨᠥᠬᠦᠴᠡᠯ ᠢᠶᠠᠷ ᠰᠠᠶᠢᠨ ᠭᠠᠵᠠᠷ ᠲᠤ ᠠᠮᠢᠳᠤᠷᠠᠬᠤ ᠶᠢ ᠢᠳᠬᠠᠵᠡᠢ᠃ ᠮᠦᠡᠭᠭᠦᠬᠠᠭᠤᠯᠠ᠄ ︽ᠡᠨᠡ ᠤᠴᠢᠷ ᠢ ᠶᠠᠷᠢᠬᠤ ᠪᠣᠯᠭᠠᠨ ᠪᠢ ᠠᠪᠤ ᠶᠢᠨ ᠢᠶᠠᠨ ᠦᠭᠡ ᠶᠢ ᠪᠤᠳᠤᠵᠤ ᠤᠯᠳᠠᠭ ︿ᠪᠢᠳᠡ ᠡ᠊ᠨᠳᠡ ᠬᠢᠯᠢ ᠬᠢᠵᠠᠭᠠᠷ ᠢᠶᠠᠨ ᠰᠠᠬᠢᠵᠤ ᠠᠮᠢᠳᠤᠷᠠᠵᠤ ᠪᠠᠶᠢᠬᠤ ᠨᠢ ᠬᠡᠳᠦᠢ ᠵᠣᠭᠤᠰ ᠤᠯᠬᠤ ᠶᠢᠨ ᠲᠥᠯᠥᠭᠡ ᠪᠢᠰᠢ᠂ ᠶᠠᠮᠠᠷ ᠰᠠᠶᠢᠬᠠᠨ ᠠᠮᠢᠳᠤᠷᠠᠯ ᠢ ᠡᠳ᠋ᠯᠡᠬᠦ ᠶᠢᠨ ᠲᠥᠯᠥᠭᠡ ᠴᠤ ᠪᠢᠰᠢ᠂ ᠤᠯᠤᠰ ᠤᠷᠤᠠ ᠤ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠲᠤᠯᠠᠵᠤ᠂ ᠡᠬᠡ ᠤᠯᠤᠰ ᠤᠨ ᠢᠶᠠᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠶᠢᠨ ᠲᠥᠯᠥᠭᠡ ᠶᠤᠮ᠂ ᠡᠨᠡ ᠪᠣᠯ ᠮᠠᠨ ᠤ ᠨᠢᠭᠡ ᠭᠡᠷ ᠤᠨ ᠢᠷᠠᠭᠤ ᠠᠯᠳᠠᠷᠲᠤ ᠡᠭᠦᠷᠭᠡ᠂ ᠨᠡᠩ ᠴᠤ ᠠᠷᠢᠭᠤᠨ ᠲᠠᠷᠬᠠᠨ ᠡᠭᠦᠷᠭᠡ ᠮᠥᠨ﹀᠂ ᠪᠢ ᠡᠨᠠ ᠦᠬᠡ ᠶᠢ ᠮᠠᠷᠳᠠᠵᠤ ᠴᠢᠳᠠᠬᠤ ᠦᠬᠡᠢ᠂ ᠮᠦᠨᠴᠤ ᠡᠬᠦᠠ ᠤ ᠳᠦᠯᠦᠬᠡ ᠵᠢᠳᠬᠦᠵᠤ ᠴᠢᠷᠮᠠᠶᠢᠵᠤ ᠶᠠᠪᠤᠨ᠎ᠠ︾ ᠭᠡᠵᠦ ᠬᠡᠯᠡᠪᠡ᠃     ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠢᠶᠠᠨ ᠮᠦᠡᠭᠭᠦᠬᠠᠭᠤᠯᠠ ᠡᠬᠡ ᠤᠯᠤᠰ ᠤᠨ ᠢᠶᠠᠨ ᠬᠢᠯᠢ ᠶᠢ ᠰᠠᠬᠢᠨ ᠬᠠᠮᠠᠭᠠᠯᠠᠬᠤ ᠳᠠᠩᠭᠠᠷᠢᠭ ᠢᠶᠠᠨ ᠪᠠᠳᠤ ᠰᠠᠬᠢᠬᠰᠠᠭᠠᠷ ᠪᠠᠶᠢᠭ᠎ᠠ ᠪᠢᠯᠠ᠃
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号