ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/3
     ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ      ᠯᠢ ᠺᠧ ᠴᠢᠶᠠᠩ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ  ᠸᠠᠩ ᠶᠠᠩ  ᠸᠠᠩ ᠬᠤ᠋ ᠨᠢᠩ  ᠬᠠᠨ ᠵᠧᠩ ᠣᠷᠣᠯᠴᠠᠪᠠ      ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠬᠢᠯᠭᠠᠨ ᠮᠡᠳᠡᠭᠡ  7 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠵᠦᠩ ᠨᠠᠨ ᠬᠠᠢ ᠳᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠤᠨ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠨ ᠴᠢᠬᠤᠯᠠ ᠶᠠᠷᠢᠶ᠎ᠠ ᠲᠠᠯᠪᠢᠬᠤ ᠳᠠᠭᠠᠨ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠥᠪ ᠢᠶᠠᠷ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠣᠳᠣᠬᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠵᠠᠳᠠᠯᠤᠯᠲᠠ ᠮᠠᠭᠠᠳᠯᠠᠯᠲᠠ ᠪᠣᠯᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠦᠨᠳᠦᠰᠦᠨ ᠱᠠᠲᠤᠨ ᠳᠤ ᠢᠯᠡᠭᠦᠬᠡᠨ ᠭᠦᠨᠵᠡᠭᠡᠶᠢᠷᠡᠵᠦ ᠠᠷᠭ᠎ᠠ ᠪᠣᠳᠣᠯᠭ᠎ᠠ ᠠᠰᠠᠭᠤᠨ ᠯᠠᠪᠯᠠᠵᠤ᠂ ᠵᠢᠵᠢᠭ ᠰᠠᠵᠢᠭ ᠶᠠᠪᠤᠳᠠᠯ ᠠᠴᠠ ᠶᠡᠭᠡ ᠶᠤᠰᠤ ᠶᠢ ᠡᠷᠢᠵᠤ᠂ ᠢᠯᠡᠬᠦᠭᠡᠨ ᠰᠡᠳᠬᠢᠯ ᠰᠢᠮᠳᠡᠨ ᠭᠦᠨᠵᠡᠭᠡᠶ ᠰᠤᠳᠤᠯᠵᠤ᠂ ᠥᠷᠭᠡᠨ ᠣᠯᠠᠨ ᠭᠡᠰᠢᠬᠦᠨ ᠪᠣᠯᠤᠨ ᠬᠠᠷᠢᠯᠴᠠᠵᠤ ᠪᠠᠶᠢᠭ᠎ᠠ ᠣᠯᠠᠨ ᠲᠦᠮᠡᠨ ᠢᠶᠠᠨ ᠬᠥᠲᠥᠯᠥᠨ ᠵᠢᠯᠣᠭᠤᠳᠴᠤ ᠪᠠᠶᠢᠭᠠᠳ ᠠᠬᠠᠮᠠᠳ ᠨᠢᠭᠡ ᠦᠶ᠎ᠡ ᠶᠢᠨ ᠨᠠᠮ ᠤᠨ ᠭᠠᠳᠠᠨᠠᠬᠢ ᠬᠥᠮᠦᠰ ᠤᠨ ᠳᠤᠮᠳᠠᠳᠤ ᠤᠯᠤᠰ ᠤᠨ ᠡᠪ ᠬᠠᠮᠳᠤ ᠨᠠᠮ ᠯᠤᠭ᠎ᠠ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠳᠣᠲᠣᠨᠣ ᠪᠠᠷ ᠬᠠᠮᠲᠤᠷᠠᠨ ᠠᠵᠢᠯᠯᠠᠭᠰᠠᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠬᠠᠮᠲᠤ ᠪᠠᠷ ᠲᠡᠮᠡᠴᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃      ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠬᠠᠨ ᠵᠧᠩ ᠶᠠᠷᠢᠯᠴᠠᠬᠤ ᠬᠤᠷᠠᠯ ᠳᠤ ᠣᠷᠣᠯᠴᠠᠪᠠ᠃ ᠯᠢ ᠺᠧ ᠴᠢᠶᠠᠩ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠨᠠᠶᠢᠳᠠᠯᠭ᠎ᠠ ᠪᠠᠷ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠬᠤᠯᠪᠣᠭᠳᠠᠯ ᠪᠦᠬᠦᠢ ᠪᠣᠳᠣᠯᠬᠢᠯᠠᠯ ᠢ ᠲᠠᠨᠢᠯᠴᠠᠭᠤᠯᠪᠠ᠃      ᠶᠠᠷᠢᠯᠴᠠᠬᠤ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠸᠠᠨ ᠧ ᠰᠢᠶᠠᠩ᠂ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠬᠤᠤ ᠮᠢᠩ ᠶᠢᠨ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠴᠧᠨ ᠵᠦ᠂ ᡁᠢᠬᠦ᠋ᠩᠳᠠᠩ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠸᠠᠨ ᠭᠠᠩ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠣᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠦ᠋ ᠬᠤᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠯᠢᠦ ᠢ ᠤᠷᠢᠳ ᠬᠤᠵᠢᠳ ᠦᠭᠡ ᠬᠡᠯᠡᠪᠡ᠃ ᠲᠡᠳᠡ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠬᠥᠮᠦᠰ ᠢ ᠤᠷᠮᠠᠰᠢᠭᠤᠯᠵᠤ᠂ ᠤᠷᠤᠬᠰᠢ ᠲᠠᠪᠰᠢᠬᠤ ᠶᠢ ᠵᠣᠷᠢᠭᠵᠢᠭᠤᠯᠤᠨ᠎ᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠵᠥᠪᠯᠡᠭᠴᠢ᠂ ᠰᠠᠶᠢᠨ ᠬᠠᠪᠰᠤᠷᠤᠭᠴᠢ᠂ ᠰᠠᠶᠢᠨ ᠬᠠᠮᠲᠤ ᠠᠵᠢᠯᠯᠠᠭᠴᠢ ᠪᠤᠯᠵᠤ᠂ ᠨᠡᠶᠢᠭᠡᠮ ᠵᠢᠷᠤᠮᠳᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠭᠡᠵᠦ ᠢᠯᠡᠳᠬᠡᠵᠡᠭᠡᠪᠡ᠃ ᠲᠡᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠣᠳᠣᠬᠠᠨ ᠤ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠪᠣᠳᠣᠯᠬᠢᠯᠠᠯ ᠢ ᠵᠥᠪᠰᠢᠶᠡᠷᠡᠵᠦ ᠪᠠᠶᠢᠨ᠎ᠠ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠠᠳ ᠣᠯᠤᠭᠰᠠᠨ ᠯᠤᠲᠤ ᠶᠡᠭᠡ ᠠᠮᠵᠢᠯᠲᠠ ᠶᠢ ᠳᠡᠭᠡᠳᠦ ᠬᠡᠮᠵᠢᠶ᠎ᠡ  ᠪᠠᠷ ᠦᠨᠡᠯᠡᠭᠰᠡᠨ ᠤ ᠬᠠᠮᠲᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠬᠤᠲᠠ ᠪᠠᠯᠭᠠᠰᠤᠨ ᠤ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠬᠦᠴᠢᠷᠳᠡᠯ ᠠᠴᠠ ᠮᠤᠯᠳᠤᠷᠠᠭᠤᠯᠬᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠂ ᠪᠤᠬᠢᠷᠳᠤᠯ ᠦᠭᠡᠢ ᠮᠥᠩᠭᠦᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠤᠰ ᠤᠨ ᠢᠷᠡᠭᠡᠳᠦᠢ ᠶᠢᠨ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠡᠭᠦᠯᠳᠡᠷᠵᠢᠭᠦᠯᠬᠦ᠂ ᠪᠦᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠨᠢᠭᠡ ᠴᠤᠬᠴᠠᠵᠢᠭᠤᠯᠤᠨ ᠲᠦᠯᠦᠪᠵᠢᠬᠦᠯᠬᠦ᠂ ᠤᠯᠤᠰ ᠤᠨ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠬᠤ ᠶᠢ ᠴᠢᠩᠭᠠᠳᠬᠠᠬᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠴᠢᠳᠠᠪᠬᠢ ᠶᠢ ᠳᠡᠭᠡᠭᠰᠢᠯᠡᠭᠦᠯᠬᠦ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃      ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠢᠯ ᠤᠨ ᠡᠬᠢᠨ ᠠᠴᠠ ᠨᠠᠭᠠᠰᠢ ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠤᠷᠸ᠎ᠠ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠬᠡᠷᠡᠭᠵᠢᠭᠦᠯᠵᠦ᠂ ᠠᠵᠤ ᠠᠬᠤᠶ ᠲᠣᠭᠲᠠᠭᠤᠨ ᠤ ᠳᠤᠮᠳᠠ ᠰᠠᠶᠢᠵᠢᠷᠠᠵᠤ᠂ ᠴᠢᠨᠠᠷ ᠰᠠᠶᠢᠲᠠᠶ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠤᠯᠭᠠᠨ ᠦᠭᠴᠦ᠂ ᠪᠥᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠳᠡᠭᠡᠷ᠎ᠡ ᠬᠠᠭᠠᠰ ᠵᠢᠯ ᠳᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠨᠠᠮ ᠪᠣᠯᠤᠨ ᠤᠯᠤᠰ ᠤᠨ ᠭᠤᠣᠯ ᠠᠵᠢᠯ ᠤᠨ ᠲᠣᠭᠤᠷᠢᠨ ᠳᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠥᠭᠵᠢᠯᠲᠡ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ ᠨᠥᠬᠦᠳ ᠨᠡᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠱᠠᠩᠬᠠᠢ᠂ ᠵᠧᠵᠢᠶᠠᠩ ᠤᠨ ᠵᠢᠶᠠ ᠰᠢᠩ ᠳᠤ ᠬᠦᠷᠴᠦ ᠬᠤᠪᠢᠰᠬᠠᠯ ᠤᠨ ᠤᠯᠠ ᠮᠥᠷ ᠢ ᠡᠷᠢᠯᠬᠢᠯᠡᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠵᠡᠷᠭᠡ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 10 ᠭᠠᠷᠤᠢ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠯᠢ ᠤᠯᠠᠨ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠪᠦᠲᠦᠮᠵᠢᠲᠡᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠴᠢᠬᠤᠯᠠ ᠯᠠᠪᠯᠠᠯᠲᠠ ᠬᠠᠩᠭᠠᠪᠠ︔ ᠰᠢᠨ᠎ᠡ ᠨᠢᠭᠡ ᠡᠭᠡᠯᠵᠢ ᠶᠢᠨ ᠲᠤᠰᠬᠠᠶ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠪᠠᠶᠢᠷᠢᠯᠠᠭᠤᠯᠤᠨ ᠡᠬᠢᠯᠡᠭᠦᠯᠵᠦ᠂ ᠬᠥᠬᠡᠮᠥ᠋ᠷᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠤᠷᠢᠨ ᠳᠤ ᠬᠢᠨᠠᠯᠲᠠ ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ︔ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠡᠬᠢᠯᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠬᠠᠷᠢᠶ᠎ᠠ ᠬᠤᠳᠠᠯᠳᠤᠭᠠᠴᠢᠳ ᠤᠨ ᠡᠪᠯᠡᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠠᠢ ᠭᠡᠵᠦ ᠢᠯᠡᠳᠭᠡᠪᠡ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠤᠯᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠰᠢ ᠶᠢᠨ ᠫᠢᠩ᠂ ᠤᠯᠠᠨ ᠢᠶᠠᠷ ᠢᠶᠠᠨ ᠶᠠᠷᠢᠶᠠᠨ ᠳᠠᠭᠠᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠪᠥᠭᠡᠳ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠥᠪ ᠲᠠᠨᠢᠬᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠬᠠᠨᠳᠤᠯᠭᠠᠲᠤ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠂ ᠪᠢᠳᠡ ᠨᠠᠷᠢᠨ ᠬᠢᠨᠠᠮᠠᠭᠠᠢ ᠰᠤᠳᠤᠯᠵᠤ ᠢᠳᠡᠪᠬᠢᠲᠡᠢ ᠰᠢᠩᠭᠡᠭᠡᠨ ᠠᠪᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠥᠭᠵᠢᠯᠲᠡ ᠶᠢᠨ ᠣᠷᠴᠢᠨ ᠲᠣᠭᠤᠷᠢᠨ ᠤ ᠰᠢᠨ᠎ᠡ ᠬᠤᠪᠢᠷᠠᠯᠲᠠ ᠰᠢᠨ᠎ᠡ ᠥᠷᠢᠰᠥᠯᠳᠦᠭᠡᠨ ᠢ ᠣᠨᠣᠪᠴᠢᠲᠠᠢ ᠡᠵᠡᠮᠳᠡᠬᠦ ᠭᠡᠷᠡᠭᠲᠡᠢ᠂ ᠮᠠᠨ ᠤ ᠤᠯᠤᠰ ᠤᠨ ᠠᠵᠤ ᠠᠬᠤᠢ ᠰᠡᠷᠭᠦᠨ ᠬᠥᠭᠵᠢᠬᠦ ᠳᠤᠮᠳᠠ ᠪᠠᠭ᠎ᠠ ᠪᠤᠰᠤ ᠬᠦᠴᠢᠷᠳᠡᠯ ᠪᠣᠯᠤᠨ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠭᠡᠪᠡᠴᠦ ᠳᠠᠯᠳᠠ ᠬᠦᠴᠦᠨ ᠨᠡᠩ ᠶᠡᠭᠡ᠂ ᠳᠠᠪᠠᠭᠤᠯᠢᠭ ᠨᠡᠩ ᠤᠯᠠᠨ ᠪᠠᠶᠢᠵᠤ᠂ ᠳᠡᠭᠡᠷ᠎ᠡ ᠬᠠᠭᠠᠰ ᠵᠢᠯ ᠤᠨ ᠰᠠᠶᠢᠨ ᠰᠠᠶᠢᠬᠠᠨ ᠬᠠᠨᠳᠤᠰᠢ ᠶᠢᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠨᠦᠭᠦᠴᠡᠯ ᠲᠠᠢ ᠪᠠᠶᠢᠨ᠎ᠠ᠃ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠦᠶᠡᠯᠡᠯ ᠠᠯᠤᠰᠯᠠᠭᠰᠠᠨ ᠲᠤᠬᠢᠷᠠᠭᠤᠯᠤᠯᠳᠠ ᠶᠢ ᠰᠠᠶᠢᠲᠤᠷ ᠬᠢᠵᠦ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠲᠠᠯᠳᠠ ᠬᠦᠴᠦᠨ ᠢ ᠠᠭᠤᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠨᠡᠭᠡᠭᠡᠯᠳᠠ ᠬᠢᠬᠦ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠡᠮᠬᠢ ᠴᠡᠭᠴᠡ ᠲᠠᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠬᠢᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠵᠤ ᠪᠣᠯᠬᠤ ᠦᠭᠡᠢ᠂ ᠢᠯᠠᠩᠭᠤᠶ᠎ᠠ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ ᠬᠡᠵᠤ ᠴᠢᠬᠤᠯᠠᠴᠢᠯᠠᠪᠠ᠃      ᠰᠢ ᠶᠢᠨ ᠫᠢᠩ ᠣᠯᠠᠨ ᠳᠤ 3 ᠲᠠᠯ᠎ᠠ ᠶᠢᠨ ᠬᠦᠰᠡᠯ ᠨᠠᠶᠢᠳᠠᠯᠭ᠎ᠠ ᠳᠤᠷᠠᠳᠪᠠ᠃ ᠨᠢᠭᠡ ᠳᠤ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠥᠪ ᠢᠶᠠᠷ ᠲᠠᠨᠢᠵᠤ᠂ ᠣᠳᠣᠬᠠᠨ ᠤ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠨᠠᠷᠢᠨ ᠪᠤᠳᠤᠯᠢᠶᠠᠨᠲᠠᠢ ᠪᠠᠶᠢᠳᠠᠯ ᠳᠣᠣᠷᠠᠬᠢ ᠮᠥᠨ ᠴᠢᠨᠠᠷ ᠢ ᠲᠣᠳᠣᠷᠬᠠᠢ ᠲᠠᠨᠢᠵᠤ᠂ ᠲᠤᠰ ᠪᠡᠶ᠎ᠡ ᠶᠢᠨ ᠳᠠᠪᠠᠭᠤᠯᠢᠭ ᠪᠠ ᠪᠦᠬᠦ ᠲᠠᠯ᠎ᠠ ᠶᠢᠨ ᠠᠵᠢᠯ ᠤᠨ ᠤᠶᠠᠯᠳᠤᠯ ᠴᠡᠭ ᠢ ᠣᠨᠣᠪᠴᠢᠲᠠᠢ ᠡᠷᠢᠵᠦ ᠤᠯᠬᠤ ᠬᠡᠷᠡᠭᠲᠡᠢ᠃ ᠬᠤᠶᠠᠷ ᠲᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠲᠤᠰ ᠤᠨ ᠣᠨᠴᠠᠯᠢᠭ ᠳᠠᠪᠠᠭᠤᠯᠢᠭ ᠢᠶᠠᠨ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ ᠬᠢᠵᠦ᠂ ᠪᠠᠷᠠᠯᠠᠯᠳᠦ ᠴᠢᠨᠠᠷᠲᠠᠢ ᠰᠠᠨᠠᠭᠤᠯᠭ᠎ᠠ ᠳᠤᠷᠠᠳᠬᠤ ᠬᠡᠷᠡᠭᠲᠡᠢ᠃ ᠭᠤᠷᠪᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠲᠤᠰ ᠲᠤᠰ ᠤᠨ ᠭᠡᠰᠢᠬᠦᠨ ᠪᠠ ᠬᠠᠷᠢᠯᠴᠠᠵᠤ ᠪᠠᠶᠢᠭ᠎ᠠ ᠤᠯᠠᠨ ᠲᠦᠮᠡᠨ ᠤ ᠪᠠᠨ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠬᠦᠴᠦᠨ ᠢ ᠨᠡᠩ ᠭᠦᠢᠴᠡᠳ ᠢᠯᠡᠷᠡᠭᠦᠯᠬᠦ ᠬᠡᠷᠡᠭᠲᠡᠢ ᠭᠡᠪᠡ᠃      ᠳ᠋ᠢᠩ ᠰᠢᠤᠸᠠᠢ ᠰᠢᠶᠠᠩ᠂ ᠯᠢᠦ ᠾᠧ᠂ ᠰᠦᠨ ᠴᠦᠨ ᠯᠠᠨ᠂ ᠬᠤ᠋ ᠴᠦᠨ ᠬᠤᠸᠠ᠂ ᠶᠢᠦ ᠴᠢᠤᠸᠠᠨ᠂ ᠸᠠᠩ ᠶᠦᠩ᠂ ᠰᠢᠶᠤᠤ ᠵᠢᠶᠧ᠂ ᠾᠧ ᠯᠢ ᠹᠧᠩ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠤ ᠣᠷᠣᠯᠴᠠᠭᠰᠠᠨ ᠨᠠᠮ ᠤᠨ ᠭᠠᠳᠠᠨᠠᠬᠢ ᠬᠥᠮᠦᠰ ᠲᠤ ᠪᠠᠰᠠ ᠴᠧᠨ ᠰᠢᠶᠤᠤ ᠭᠤᠸᠠᠩ᠂ ᠭᠦ᠋ ᠱᠧᠩ ᠽᠦ᠂ ᠯᠢᠦ ᠰᠢᠨ ᠴᠧᠩ᠂ ᠾᠧ ᠸᠧᠢ᠂ ᠱᠤᠤ ᠬᠤᠩ ᠪᠣᠯᠤᠨ ᠵᠢᠶᠠᠩ ᠽᠦᠸᠧ ᠵᠢᠶᠦ᠋ᠨ᠂ ᠯᠢ ᠶᠤᠸᠠᠢ ᠹᠧᠩ᠂ ᠬᠤᠸᠠᠩ ᠷᠦᠩ᠂ ᠵᠤᠸᠠᠩ ᠢᠦᠢ ᠮᠢᠨ ᠨᠡᠷ ᠪᠤᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号