ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠶᠡᠬᠡᠪᠡᠷ ᠪᠤᠷᠤᠯᠠᠭᠤᠯᠤᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2021/8/30
    ᠤᠷᠴᠢᠮ ᠨᠠᠶᠢᠵᠠ ᠶᠢᠨ ᠲᠤᠭᠤᠷᠢᠭ ᠢᠶᠠᠷ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠤ ᠪᠤᠷᠤᠯᠠᠭᠤᠯᠭ᠎ᠠ ᠮᠡᠳᠡᠭᠳᠡᠮ᠎ᠡ ᠠᠷᠪᠢᠳᠴᠦ᠂ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠢ ᠠᠰᠢᠭᠯᠠᠨ ᠡᠴᠡᠵᠦ ᠲᠤᠷᠠᠬᠤ ᠶᠢ ᠵᠤᠷᠢᠭᠰᠠᠨ ᠬᠦᠮᠦᠰ ᠴᠤ ᠤᠯᠠᠰᠢᠷᠠᠵᠦ ᠪᠠᠶᠢᠨ᠎ᠠ᠃ ᠰᠤᠷᠪᠤᠯᠵᠢᠯᠠᠭᠴᠢ ᠮᠠᠷᠢᠶ᠎ᠠ ᠰᠢᠭᠤᠷᠠᠭᠤᠯᠬᠤ ᠡᠮ ᠪᠤᠷᠤᠯᠠᠭᠤᠯᠵᠦ ᠪᠠᠶᠢᠭ᠎ᠠ ᠭᠡᠷᠡᠯ ︵ᠪᠤᠷᠤᠭᠤᠯᠠᠭᠰᠠᠨ ᠨᠡᠷ᠎ᠡ︶ ᠠᠴᠠ ᠤᠶᠢᠯᠠᠭᠠᠭᠰᠠᠨ ᠢᠶᠠᠷ᠂ ᠲᠡᠭᠦᠨ ᠤ ᠪᠤᠷᠤᠯᠠᠭᠤᠯᠵᠦ ᠪᠠᠶᠢᠭ᠎ᠠ ᠨᠢ ᠦᠪᠦᠷ ᠮᠤᠩᠭᠤᠯ ᠤᠨ ᠨᠢᠭᠡᠨ ᠠᠮᠢᠳᠤ ᠪᠤᠳᠠᠰ ᠤᠨ ᠺᠤᠮᠫᠠᠨᠢ ᠪᠠ ᠭᠠᠳᠠᠨ᠎ᠠ ᠮᠤᠵᠢ ᠤᠷᠤᠨ ᠤ ᠺᠤᠮᠫᠠᠨᠢ ᠬᠤᠷᠰᠢᠨ ᠤᠶᠢᠯᠡᠳᠪᠤᠷᠢᠯᠡᠭᠰᠠᠨ ᠵᠢᠮᠢᠰ ᠤᠨ ᠴᠡᠷᠴᠠᠮᠠᠯ ᠬᠡᠯᠪᠡᠷᠢ ᠶᠢᠨ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠪᠠᠶᠢᠵᠦ᠂ ᠡᠨᠡᠬᠦ ᠪᠦᠳᠦᠭᠡᠭᠳᠡᠭᠦᠨ ᠨᠢ ᠦᠪᠤᠷ ᠮᠤᠩᠭᠤᠯ ᠤᠨ ᠡᠯ᠎ᠡ ᠠᠶᠢᠮᠠᠭ ᠬᠤᠲᠠ ᠪᠠᠷ ᠪᠤᠷᠤᠯᠠᠭᠤᠯᠭ᠎ᠠ ᠰᠠᠶᠢᠲᠠᠢ ᠪᠠᠶᠢᠵᠦ᠂ ᠬᠡᠷᠡᠭᠯᠡᠭᠴᠢᠳ ᠲᠤ ᠮᠠᠰᠢ ᠲᠠᠭᠠᠰᠢᠶᠠᠭᠳᠠᠵᠦ ᠪᠠᠶᠢᠨ᠎ᠠ᠃ ᠲᠡᠷᠡ ᠦᠪᠡᠷ ᠲᠡᠭᠡᠨ ᠡᠨᠡ ᠪᠦᠳᠦᠭᠡᠭᠳᠡᠬᠦᠨ ᠢ ᠬᠡᠷᠡᠭᠯᠡᠵᠦ ᠪᠠᠶᠢᠭ᠎ᠠ ᠪᠦᠭᠡᠳ ᠪᠤᠷᠤᠯᠠᠭᠤᠯᠭ᠎ᠠ ᠤᠨ ᠠᠵᠢᠯ ᠳᠤ ᠤᠷᠤᠯᠴᠠᠵᠦ᠂ ᠲᠡᠭᠦᠨ ᠤ ᠡᠳᠤᠷ ᠤᠨ ᠪᠤᠷᠤᠯᠠᠭᠤᠯᠭ᠎ᠠ ᠨᠢ 2000 ᠲᠦᠭᠦᠷᠢᠭ ᠢ ᠲᠠᠪᠠᠵᠦ ᠪᠠᠶᠢᠨ᠎ᠠ᠃     ᠤᠶᠢᠯᠠᠭᠠᠭᠰᠠᠨ ᠢᠶᠠᠷ᠂ ᠤᠳᠣ ᠶᠢᠨ ᠵᠠᠬ᠎ᠠ ᠲᠡᠯᠭᠡᠭᠦᠷ ᠲᠤ ᠪᠤᠷᠤᠯᠠᠭᠤᠯᠤᠭᠳᠠᠵᠦ ᠪᠠᠶᠢᠭ᠎ᠠ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠢ ᠤᠶᠢᠯᠡᠳᠤᠯ ᠠᠴᠠ ᠨᠢ ᠬᠤᠷᠮᠤᠨ ᠤ ᠲᠦᠷᠦᠯ ᠤᠨ ᠮᠠᠷᠢᠶ᠎ᠠ ᠰᠢᠭᠤᠷᠠᠭᠤᠯᠬᠤ᠂ ᠬᠤᠭᠤᠯᠠᠨ ᠤ ᠲᠤᠷᠠᠰᠢᠯ ᠢ ᠪᠠᠭᠤᠷᠠᠭᠤᠯᠬᠤ᠂ ᠲᠤᠭᠤᠯᠭᠠᠬᠤ ᠵᠡᠷᠭᠡ ᠭᠤᠷᠪᠠᠨ ᠲᠦᠷᠦᠯ ᠳᠤ ᠬᠤᠪᠢᠶᠠᠳᠠᠭ᠃ ᠬᠦᠮᠦᠰ ᠴᠤ ᠦᠪᠡᠷ ᠦᠪᠡᠷ ᠤᠨ ᠱᠠᠭᠠᠷᠳᠠᠯᠭ᠎ᠠ ᠳᠠᠭᠠᠨ ᠵᠤᠬᠢᠴᠠᠭᠤᠯᠤᠨ ᠠᠳᠠᠯᠢ ᠪᠤᠰᠤ ᠲᠦᠷᠦᠯ ᠤᠨ ᠪᠦᠳᠦᠭᠡᠭᠳᠡᠭᠦᠨ ᠢ ᠰᠤᠩᠭᠤᠨ ᠠᠪᠴᠦ ᠬᠡᠷᠡᠭᠯᠡᠵᠦ ᠪᠠᠶᠢᠨ᠎ᠠ᠃ ᠲᠤᠭ᠎ᠠ ᠪᠦᠷᠢᠳᠭᠡᠯ ᠢ ᠦᠨᠳᠦᠰᠦᠯᠡᠪᠡᠯ᠂ ᠮᠠᠨ ᠤ ᠤᠯᠤᠰ ᠤᠨ 40% ᠶᠢᠨ ᠬᠦᠮᠦᠰ ᠪᠦᠷ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠢᠳᠡᠵᠦ ᠦᠩᠭᠡᠷᠡᠭᠰᠡᠨ ᠪᠠᠶᠢᠵᠦ᠂ ᠮᠠᠨ ᠤ ᠤᠯᠤᠰ ᠤᠨ ᠬᠦᠮᠦᠨ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠬᠡᠷᠡᠭᠯᠡᠬᠦ ᠬᠠᠷᠢᠴᠠᠯ ᠨᠢ ᠲᠡᠯᠡᠬᠡᠢ ᠶᠢᠨ ᠲᠡᠷᠢᠬᠦᠨ ᠳᠤ ᠪᠠᠶᠢᠷᠢᠯᠠᠵᠦ ᠪᠠᠶᠢᠨ᠎ᠠ᠃ ᠮᠦᠨᠴᠦ ᠡᠨᠡᠬᠦ ᠪᠤᠳᠠᠳᠤ ᠲᠤᠭ᠎ᠠ ᠪᠠᠷᠢᠮᠲᠠ ᠠᠴᠠ ᠡᠬᠦᠰᠴᠦ᠂ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠤ ᠠᠵᠦ ᠠᠬᠤᠶᠢᠯᠠᠯ ᠨᠤᠭᠤᠳ ᠠᠳᠠᠯᠢ ᠪᠤᠰᠤ ᠦᠷᠳᠡᠭ ᠲᠠᠢ᠂ ᠠᠳᠠᠯᠢ ᠪᠤᠰᠤ ᠤᠶᠢᠯᠡᠳᠤᠯ ᠬᠡᠷᠡᠭᠴᠡᠭᠡ ᠲᠠᠢ ᠪᠦᠳᠦᠭᠡᠭᠳᠡᠬᠦᠨ ᠢ ᠶᠡᠬᠡᠪᠡᠷ ᠤᠶᠢᠯᠡᠳᠪᠤᠷᠢᠯᠡᠨ ᠪᠤᠷᠤᠯᠠᠭᠤᠯᠵᠦ ᠪᠤᠢ᠃ ᠲᠡᠭᠦᠨᠴᠢᠯᠡᠨ ᠨᠠᠶᠢᠵᠠ ᠶᠢᠨ ᠲᠤᠭᠤᠷᠢᠭ᠂ ᠸᠢᠴᠠᠲ ᠬᠤᠯᠪᠤᠭ᠎ᠠ ᠪᠠᠷ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠤ ᠪᠤᠷᠤᠯᠠᠭᠤᠯᠭ᠎ᠠ ᠮᠠᠰᠢ ᠰᠠᠶᠢᠨ ᠪᠠᠶᠢᠵᠦ᠂ ᠪᠤᠷᠤᠯᠠᠭᠤᠯᠭ᠎ᠠ ᠤᠨ ᠠᠷᠭ᠎ᠠ ᠲᠦᠷᠦᠯ ᠨᠢ ᠬᠦᠮᠦᠰ ᠤᠨ ᠰᠤᠨᠢᠷᠬᠠᠯ ᠢ ᠲᠠᠳᠠᠵᠦ ᠲᠦᠷᠭᠡᠨ ᠲᠤᠷᠠᠬᠤ ᠶᠢ ᠬᠦᠰᠡᠭᠰᠡᠨ ᠬᠦᠮᠦᠰ ᠤᠨ ᠴᠢᠬᠤᠯᠡ ᠰᠤᠩᠭᠤᠯᠲᠠ ᠪᠤᠯᠵᠦ ᠪᠤᠢ᠃      ᠮᠠᠷᠢᠶ᠎ᠡ ᠰᠢᠭᠤᠷᠠᠭᠤᠯᠬᠤ ᠪᠦᠳᠦᠭᠡᠭᠳᠡᠬᠦᠨ ᠳᠤ ᠤᠬᠠᠭᠠᠯᠢᠭ ᠬᠠᠨᠳᠤᠭᠠᠷᠠᠢ      ᠪᠢᠳᠠᠨ ᠤ ᠤᠶᠢᠷ᠎ᠡ ᠬᠠᠪᠢ ᠪᠠᠷ ᠪᠠᠶᠢᠩᠭᠤ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠪᠤᠷᠤᠯᠠᠭᠤᠯᠳᠠᠭ ᠬᠦᠮᠦᠰ ᠂ ᠮᠦᠨᠴᠦ ᠡᠳᠡᠭᠡᠷ ᠪᠦᠳᠦᠭᠡᠭᠳᠡᠬᠦᠨ ᠢ ᠲᠠᠰᠤᠷᠠᠯᠲᠠ ᠦᠭᠡᠢ ᠲᠤᠷᠰᠢᠨ ᠬᠡᠷᠡᠭᠯᠡᠵᠦ ᠪᠠᠶᠢᠭ᠎ᠠ ᠬᠦᠮᠦᠰ ᠤᠯᠠᠨ ᠬᠠᠷᠠᠭᠳᠠᠵᠦ ᠪᠠᠶᠢᠨ᠎ᠠ᠃     ᠲᠡᠭᠡᠪᠡᠯ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠨᠢ ᠦᠨᠡᠨᠬᠦ ᠬᠡᠷᠡᠭᠴᠡᠭᠡ ᠳᠤ ᠬᠦᠷᠳᠡᠭ ᠤᠤ︖ ᠤᠳᠤ ᠵᠠᠬ᠎ᠠ ᠳᠤ ᠪᠠᠶᠢᠩᠭᠤ ᠬᠠᠷᠠᠭᠳᠠᠳᠠᠭ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠨᠢ ᠶᠡᠭᠡ ᠲᠦᠯᠦᠪ ᠭᠤᠷᠪᠠᠨ ᠲᠦᠷᠦᠯ ᠪᠠᠶᠢᠵᠦ᠂ ᠬᠦᠮᠦᠨ ᠤ ᠪᠠᠶᠠᠨ ᠳᠤ ᠦᠵᠡᠬᠦᠯᠬᠦ ᠤᠶᠢᠯᠡᠳᠤᠯ ᠨᠢ ᠴᠤ ᠠᠳᠠᠯᠢ ᠪᠤᠰᠤ ᠪᠠᠶᠢᠳᠠᠭ᠃ ᠲᠤᠬᠠᠶᠢᠯᠠᠪᠠᠯ᠂ ᠬᠤᠷᠮᠤᠨ ᠤ ᠲᠦᠷᠦᠯ ᠤᠨ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠨᠢ ᠬᠦᠮᠦᠨ ᠤ ᠪᠠᠶᠠᠨ ᠳᠤ ᠬᠤᠷᠮᠤᠨ ᠬᠠᠩᠭᠠᠵᠦ ᠴᠠᠰᠢᠲᠠ ᠪᠡᠶ᠎ᠡ ᠶᠢᠨ ᠦᠭᠡᠬᠦ ᠪᠠ ᠤᠭᠤᠷᠠᠭ ᠢ ᠵᠠᠳᠠᠷᠠᠭᠤᠯᠳᠠᠭ᠂ ᠭᠡᠪᠡᠴᠦ ᠡᠨᠡ ᠲᠦᠷᠦᠯ ᠤᠨ ᠪᠦᠳᠦᠭᠡᠭᠳᠡᠬᠦᠨ ᠨᠢ ᠨᠠᠵᠠᠭᠠᠢ ᠲᠠᠯ᠎ᠠ ᠤᠯᠠᠨᠲᠠᠢ ᠪᠠᠶᠢᠵᠦ᠂ ᠬᠦᠮᠦᠨ ᠤ ᠪᠠᠶ᠎ᠡ ᠶᠢᠨ ᠲᠤᠳᠤᠭᠠᠳᠤ ᠱᠦᠬᠦᠷᠡᠯ ᠢ ᠤᠶᠢᠮᠡᠷᠡᠬᠦᠯᠵᠦ᠂ ᠡᠷᠡᠬᠦᠯ ᠮᠠᠨᠲᠤ ᠳᠤ ᠠᠰᠢᠭ ᠦᠭᠡᠢ ᠪᠠᠶᠢᠳᠠᠭ᠃ ᠬᠤᠭᠤᠯᠠᠨ ᠤ ᠲᠤᠷᠠᠰᠢᠯ ᠢ ᠪᠠᠭᠤᠷᠠᠭᠤᠯᠬᠤ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠨᠢ ᠬᠦᠮᠦᠨ ᠤ ᠪᠡᠶ᠎ᠡ ᠶᠢᠨ ᠮᠡᠳᠡᠷᠡᠯ ᠤᠨ ᠲᠥᠪ ᠢ ᠡᠵᠡᠮᠳᠡᠵᠦ᠂ ᠦᠯᠦᠰᠬᠦ ᠮᠡᠳᠡᠷᠡᠯ ᠢ ᠮᠠᠭᠤᠳᠠᠭᠤᠯᠳᠠᠭ᠃ ᠲᠤᠭᠤᠯᠭᠠᠬᠤ ᠠᠷᠭ᠎ᠠ ᠪᠠᠷ ᠮᠠᠷᠢᠶ᠎ᠠ ᠰᠢᠭᠤᠷᠠᠭᠤᠯᠬᠤ ᠨᠢ ᠬᠦᠮᠦᠨ ᠤ ᠬᠤᠳᠤᠭᠤᠳᠤ ᠬᠡᠳᠡᠰᠤᠨ ᠳᠠᠬᠢ ᠢᠳᠡᠰᠢ ᠤᠤᠭᠤᠰᠢ ᠶᠢᠨ ᠦᠯᠡᠳᠡᠭᠳᠡᠯ ᠢ ᠲᠠᠭᠤᠵᠦ᠂ ᠴᠠᠰᠢᠲᠠ ᠬᠦᠮᠦᠨ ᠤ ᠪᠡᠶ᠎ᠡ ᠶᠢᠨ ᠰᠢᠮ᠎ᠡ ᠲᠡᠵᠢᠭᠡᠯ ᠢ ᠠᠯᠳᠠᠭᠤᠯᠳᠠᠭ ᠪᠦᠭᠡᠳ ᠬᠤᠳᠤᠭᠤᠳᠤ ᠬᠡᠳᠡᠰᠤᠨ ᠤ ᠲᠠᠷᠬᠠᠯᠠᠭ᠎ᠠ ᠶᠢ ᠮᠠᠭᠤᠳᠠᠭᠤᠯᠳᠠᠭ ᠪᠠᠶᠢᠨ᠎ᠠ᠃ ᠡᠳᠡᠭᠡᠷ ᠠᠴᠠ ᠦᠵᠡᠪᠡᠯ᠂ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠨᠢ ᠤᠬᠤᠷᠬᠠᠨ ᠬᠤᠭᠤᠴᠠᠭᠠᠨ ᠳᠤ ᠮᠠᠷᠢᠶ᠎ᠠ ᠰᠢᠭᠤᠷᠠᠭᠤᠯᠬᠤ ᠤᠶᠢᠯᠡᠳᠤᠯ ᠲᠠᠢ ᠴᠤ ᠬᠦᠮᠦᠨ ᠤ ᠪᠡᠶ᠎ᠡ ᠶᠢᠨ ᠡᠷᠡᠬᠦᠯ ᠮᠡᠨᠲᠤ ᠳᠤ ᠨᠠᠵᠠᠭᠠᠢ ᠨᠦᠯᠦᠭᠡ ᠪᠤᠯᠳᠠᠭ ᠶᠤᠮ ᠪᠠᠶᠢᠨ᠎ᠠ᠃ ᠡᠶᠢᠮᠤ ᠠᠴᠠ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠳᠤ ᠤᠬᠠᠭᠠᠯᠢᠭ ᠬᠠᠨᠳᠤᠬᠤ ᠨᠢ ᠮᠠᠰᠢ ᠴᠢᠬᠤᠯᠡ ᠪᠠᠶᠢᠵᠦ᠂ ᠤᠬᠤᠷᠬᠠᠨ ᠬᠤᠭᠤᠴᠠᠭᠠᠨ ᠳᠤ ᠬᠢᠯᠪᠡᠷ ᠲᠤᠷᠠᠬᠤ ᠶᠢ ᠬᠦᠭᠡᠭᠡᠴᠡᠯᠳᠤᠬᠦ ᠦᠬᠡᠢ᠂ ᠬᠠᠷᠢᠨ ᠡᠳᠤᠷ ᠲᠤᠳᠤᠮ ᠤᠨ ᠢᠳᠡᠭᠡᠨ ᠤᠮᠳᠠᠭᠠᠨ ᠢᠶᠠᠨ ᠵᠤᠬᠢᠰᠲᠠᠢ ᠲᠤᠬᠢᠷᠠᠭᠤᠯᠵᠦ᠂ ᠵᠤᠬᠢᠬᠤ ᠬᠦᠳᠡᠯᠭᠡᠭᠡᠨ ᠬᠢᠬᠦ ᠨᠢ ᠲᠡᠷᠢᠬᠦᠨ ᠰᠤᠩᠭᠤᠯᠲᠠ ᠪᠤᠯᠬᠤ ᠶᠤᠮ ᠪᠠᠶᠢᠨ᠎ᠠ᠃     ᠶᠡᠷᠤᠨᠢ ᠲᠡᠯᠡᠬᠡᠢ ᠨᠡᠶᠢᠳᠡ ᠪᠠᠷ ᠢᠶᠠᠨ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠤ ᠬᠤᠤᠷ ᠨᠦᠯᠦᠭᠡ ᠶᠢ ᠡᠷᠳᠡᠨ ᠠᠴᠠ ᠤᠬᠠᠭᠤᠯᠵᠦ᠂ ᠬᠢᠷᠢ ᠲᠡᠩᠴᠡᠬᠦ ᠦᠭᠡᠢ᠂ ᠬᠦᠮᠦᠰ ᠤᠨ ᠪᠡᠶ᠎ᠡ ᠶᠢᠨ ᠡᠷᠡᠬᠦᠯ ᠮᠡᠨᠲᠤ ᠳᠤ ᠠᠰᠢᠭ ᠦᠭᠡᠢ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠢ ᠴᠠᠭᠠᠵᠠᠯᠠᠵᠦ ᠡᠰᠡᠷᠭᠦᠴᠡᠭᠰᠡᠭᠡᠷ ᠢᠷᠡᠭᠰᠡᠨ ᠶᠤᠮ᠃ ᠲᠡᠭᠦᠨᠴᠢᠯᠡᠨ ᠲᠦᠪ ᠲᠧᠯᠸᠢᠰ ᠤᠨ ᠰᠤᠨᠢᠨ ᠮᠡᠳᠡᠭᠡ᠂ ᠤᠯᠤᠰ ᠤᠨ ᠲᠤᠳᠤᠭᠠᠳᠤ ᠶᠢᠨ ᠡᠯ᠎ᠡ ᠵᠠᠭᠤᠴᠢᠯᠠᠭᠤᠷ ᠤᠨ ᠬᠢᠨ ᠤᠯᠠᠨ ᠤᠳᠠᠭ᠎ᠠ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠠᠴᠠ ᠪᠤᠯᠤᠭᠰᠠᠨ ᠬᠦᠮᠦᠨ ᠤ ᠪᠡᠶ᠎ᠡ ᠶᠢᠨ ᠡᠷᠡᠬᠦᠯ ᠮᠡᠨᠲᠤ᠂ ᠠᠮᠢ ᠨᠠᠰᠤᠨ ᠤ ᠠᠮᠤᠷ ᠲᠦᠪᠰᠢᠨ ᠲᠠᠢ ᠬᠤᠯᠪᠤᠭᠳᠠᠬᠤ ᠪᠤᠳᠠᠳᠤ ᠬᠡᠷᠡᠭ ᠤᠨ ᠵᠢᠱᠢᠶ᠎ᠡ ᠵᠢᠴᠢ ᠤᠶᠢᠯᠡᠳᠪᠤᠷᠢᠯᠡᠬᠦ ᠦᠷᠳᠡᠭ ᠨᠢ ᠬᠡᠳᠤᠨ ᠲᠦᠭᠦᠷᠢᠭ ᠤᠨ ᠪᠦᠳᠦᠭᠡᠭᠳᠡᠭᠦᠨ ᠢ ᠵᠠᠬ᠎ᠠ ᠳᠤ ᠦᠨᠳᠦᠷ ᠦᠨ᠎ᠡ ᠪᠠᠷ ᠪᠤᠷᠤᠯᠠᠭᠤᠯᠵᠦ ᠲᠤᠮᠤ ᠠᠰᠢᠭ ᠬᠤᠨᠵᠢᠵᠦ ᠪᠠᠶᠢᠭ᠎ᠠ ᠶᠠᠪᠤᠳᠠᠯ ᠢ ᠤᠯᠠᠨᠲᠠ ᠮᠡᠳᠡᠭᠡᠯᠡᠵᠦ ᠦᠩᠭᠡᠷᠡᠭᠰᠡᠨ ᠶᠤᠮ᠃ ᠭᠡᠪᠡᠴᠦ ᠮᠦᠨ ᠯᠡ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ ᠢ ᠲᠠᠰᠤᠷᠠᠯᠲᠠ ᠦᠭᠡᠢ ᠲᠤᠷᠰᠢᠵᠦ᠂ ᠴᠠᠰᠢᠲᠠ ᠬᠤᠬᠢᠷᠠᠯ ᠠᠮᠰᠠᠬᠤ ᠬᠦᠮᠦᠰ ᠵᠦᠩᠳᠡᠭᠡᠨ ᠤᠯᠠᠨ ᠪᠤᠢ ᠃ ᠡᠨᠡ ᠨᠢ ᠤᠶᠢᠯᠠᠭᠠᠯᠲᠠ ᠲᠤᠳᠠᠮᠠᠭ᠂ ᠪᠤᠰᠤᠳ ᠢ ᠠᠶᠠᠳᠠᠨ ᠲᠠᠭᠠᠬᠤ ᠰᠡᠳᠬᠢᠯᠭᠡ ᠲᠠᠢ ᠨᠢᠭᠲᠠ ᠬᠤᠯᠪᠤᠭ᠎ᠠ ᠲᠠᠢ᠃ ᠵᠠᠬ᠎ᠠ ᠳᠤ ᠪᠤᠷᠤᠯᠠᠭᠤᠯᠤᠭᠳᠠᠵᠦ ᠪᠠᠶᠢᠭ᠎ᠠ ᠡᠳᠡᠭᠡᠷ ᠪᠦᠳᠦᠭᠡᠭᠳᠡᠭᠦᠨ ᠨᠢ ᠭᠡᠷᠡᠴᠢ ᠦᠨᠳᠦᠰᠦᠯᠡᠯ ᠦᠭᠡᠢ᠂ ᠪᠤᠰᠤᠳ ᠤᠨ ᠨᠢᠳᠤ ᠶᠢ ᠬᠠᠭᠤᠷᠬᠤ᠂ ᠡᠰᠡᠬᠦᠯ᠎ᠡ ᠬᠡᠳᠤᠷᠡᠮᠡᠬᠡᠢ ᠰᠤᠷᠳᠠᠯᠴᠢᠯᠠᠭ᠎ᠠ ᠤᠬᠠᠭᠤᠯᠭ᠎ᠠ ᠬᠢᠬᠦ ᠵᠡᠷᠭᠡ ᠠᠷᠭ᠎ᠠ ᠠᠪᠴᠠᠯ ᠢ ᠦᠷᠭᠦᠯᠵᠢ ᠬᠡᠷᠡᠭᠯᠡᠨ ᠠᠰᠢᠭ ᠤᠯᠬᠤ ᠵᠤᠷᠢᠯᠭ᠎ᠠ ᠳᠠᠭᠠᠨ ᠬᠦᠷᠳᠡᠭ ᠪᠠᠶᠢᠨ᠎ᠠ᠃     ︽ᠦᠷᠢ ᠦᠭᠡᠢ ᠪᠤᠯ ᠪᠠᠶᠠᠨ᠂ ᠡᠪᠡᠳᠴᠢᠨ ᠦᠬᠡᠢ ᠪᠤᠯ ᠵᠢᠷᠭᠠᠯ︾ ᠭᠡᠳᠡᠭᠴᠢᠯᠠᠨ ᠡᠷᠡᠬᠦᠯ ᠮᠡᠨᠲᠤ ᠪᠠᠶᠢᠬᠤ ᠪᠤᠯ ᠬᠠᠮᠤᠭ ᠡᠷᠬᠢᠮ ᠨᠠᠨᠳᠢᠨ ᠤᠴᠢᠷ ᠶᠤᠮ᠃ ᠡ᠊ᠨᠳᠡ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠢ ᠬᠡᠷᠡᠭᠯᠡᠵᠦ ᠪᠠᠶᠢᠭ᠎ᠠ ᠡᠰᠡᠬᠦᠯ᠎ᠡ ᠬᠡᠷᠡᠭᠯᠡᠬᠦ ᠭᠡᠵᠦ ᠪᠠᠶᠢᠭ᠎ᠠ ᠬᠦᠮᠦᠰ ᠲᠤ ᠬᠠᠨᠳᠤᠭᠤᠯᠵᠦ᠂ ᠡᠳᠡᠭᠡᠷ ᠨᠢᠳᠤ ᠬᠠᠭᠤᠷᠤᠭᠰᠠᠨ ᠮᠡᠬᠡᠯᠡᠯ᠂ ᠪᠡᠶ᠎ᠡ ᠳᠤ ᠬᠤᠤᠷ ᠨᠦᠯᠦᠭᠡ ᠲᠠᠢ ᠪᠦᠳᠦᠭᠡᠭᠳᠡᠬᠦᠨ ᠳᠤ ᠤᠬᠠᠭᠠᠯᠢᠭ ᠬᠠᠨᠳᠤᠵᠦ᠂ ᠦᠪᠡᠷ ᠤᠨ ᠡᠷᠡᠬᠦᠯ ᠮᠡᠨᠲᠤ ᠠᠰᠢᠭ ᠲᠤᠰᠠ ᠪᠠᠨ ᠬᠠᠮᠠᠭᠠᠯᠠᠭᠠᠷᠠᠢ ᠭᠡᠵᠦ ᠰᠠᠨᠠᠭᠤᠯᠵᠦ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号