ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠣᠨᠴᠠᠯᠢᠭᠲᠤ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠮᠣᠩᠭᠤᠯ ᠡᠮ ᠡᠮᠨᠡᠯᠭᠡ ᠶᠢᠨ ᠣᠨᠴᠠᠯᠢᠭᠲᠤ ᠮᠡᠷᠭᠡᠵᠢᠯ ᠢ ᠳᠡᠯᠭᠡᠷᠡᠭᠦᠯᠬᠦ ᠭᠠᠷᠴᠠᠭ ᠲᠤ ᠵᠢᠭᠰᠠᠭᠠᠭᠳᠡᠯ᠎ᠠ
ᠨᠡᠶᠢᠲᠡᠯᠡᠭᠰᠡᠨ ᠴᠠᠭ᠄
2021/8/31
     ᠤᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠮᠣᠩᠭᠤᠯ ᠡᠮ ᠡᠮᠨᠡᠯᠭᠡ ᠶᠢᠨ ᠤᠨᠴᠠᠯᠢᠭᠲᠤ ᠮᠡᠷᠭᠡᠵᠢᠯ ᠤᠨ ᠨᠡᠷᠡᠰ ᠢ ᠨᠡᠶᠢᠲᠡᠯᠡᠵᠦ᠂ ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠤᠨᠴᠠᠯᠢᠭᠲᠤ ᠮᠡᠷᠭᠡᠵᠢᠯ ᠪᠤᠯᠬᠤ ︽ᠴᠤᠷᠯᠠᠬᠤ︾ ᠵᠠᠰᠠᠯ ᠵᠢᠠᠠᠰᠠᠭᠠᠭᠳᠠᠭᠰᠠᠨ ᠪᠠᠶᠢᠨ᠎ᠠ᠃      ︽ᠴᠤᠷᠯᠠᠬᠤ︾ ᠵᠠᠰᠠᠯ ᠪᠣᠯ ᠮᠣᠩᠭᠤᠯ ᠡᠮᠨᠡᠯᠭᠡ ᠶᠢᠨ ᠤᠯᠠᠮᠵᠢᠯᠠᠯᠲᠤ ᠵᠠᠰᠠᠯ ᠤᠨ ᠨᠢᠭᠡ ᠪᠣᠯᠤᠨ᠎ᠠ᠂ ᠣᠳᠣᠬᠠᠨ ᠳᠤ ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠳᠤ ᠲᠤᠰᠠᠭᠠᠷ ᠥᠷᠨᠢᠭᠦᠯᠵᠦ ᠪᠤᠢ᠃ ᠲᠤᠰ ᠵᠠᠰᠠᠯ ᠨᠢ ᠮᠣᠩᠭᠤᠯ ᠡᠮᠨᠡᠯᠭᠡ ᠶᠢᠨ ᠠᠷᠭ᠎ᠠ ᠪᠢᠯᠢᠭ ᠪᠠ ᠬᠦᠢᠲᠡᠨ ᠬᠠᠯᠠᠭᠤᠨ ᠤ ᠣᠨᠣᠯ ᠢᠶᠠᠷ ᠵᠢᠯᠣᠭᠤᠳᠤᠯᠭ᠎ᠠ ᠪᠣᠯᠭᠠᠵᠤ᠂ ᠡᠪᠡᠳᠴᠢᠨ ᠤ ᠪᠠᠶᠢᠳᠠᠯ ᠢ ᠦᠨᠳᠦᠰᠦᠯᠡᠨ ᠡᠮ ᠪᠤᠶᠤ ᠶᠠᠮᠠᠷ ᠨᠢᠭᠡᠨ ᠵᠦᠢᠯ ᠤᠨ ᠪᠣᠳᠠᠰ ᠢᠶᠠᠷ ᠨᠠᠶᠢᠷᠠᠭᠤᠯᠤᠭᠰᠠᠨ ᠡᠮ ᠢ ᠬᠥᠮᠦᠨ ᠤ ᠪᠡᠶ᠎ᠡ ᠶᠢᠨ ᠭᠠᠳᠠᠷᠭᠤ ᠶᠢᠨ ᠬᠡᠰᠡᠭ ᠲᠤ ᠲᠦᠷᠬᠢᠬᠦ᠂ ᠨᠠᠭᠠᠬᠤ᠂ ᠡᠮᠴᠢᠯᠡᠬᠦ᠂ ᠰᠣᠷᠣᠬᠤ ᠵᠡᠷᠭᠡ ᠠᠳᠠᠯᠢ ᠪᠤᠰᠤ ᠠᠷᠭ᠎ᠠ ᠪᠠᠷ ᠬᠥᠮᠦᠨ ᠤ ᠪᠡᠶ᠎ᠡ ᠶᠢᠨ ᠬᠦᠢᠲᠡᠨ ᠬᠠᠯᠠᠭᠤᠨ ᠤ ᠲᠡᠩᠴᠡᠭᠦᠷᠢ ᠶᠢ ᠵᠣᠬᠢᠴᠠᠭᠤᠯᠵᠤ᠂ ᠬᠠᠯᠠᠭᠤᠨ ᠢ ᠠᠷᠢᠯᠭᠠᠵᠤ ᠬᠤᠣᠷ ᠢ ᠲᠠᠶᠢᠯᠬᠤ᠂ ᠡᠪᠡᠳᠬᠦ ᠶᠢ ᠵᠣᠭᠰᠣᠭᠠᠬᠤ᠂ ᠬᠠᠪᠤᠳᠠᠷ ᠢ ᠠᠷᠢᠯᠭᠠᠬᠤ᠂ ᠲᠠᠶᠢᠪᠤᠰᠢᠷᠠᠭᠤᠯᠬᠤ᠂ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠬᠦ ᠵᠡᠷᠭᠡ ᠦᠢᠯᠡᠳᠦᠯ ᠲᠠᠢ᠃ ᠠᠭᠤᠰᠬᠢᠨ ᠬᠠᠯᠠᠭᠤᠨ᠂ ᠵᠢᠷᠦᠬᠡᠨ ᠬᠠᠯᠠᠭᠤᠨ᠂ ᠬᠠᠯᠠᠭᠤᠷᠠᠬᠤ ᠶᠢ ᠵᠤᠭᠰᠤᠭᠠᠬᠤ᠂ ᠬᠠᠨᠢᠶᠠᠬᠤ᠂ ᠬᠠᠮᠠᠷ ᠤᠨ ᠦᠷᠪᠢᠰᠦᠯ᠂ ᠠᠮᠠ ᠬᠡᠯᠨ ᠲᠡᠬᠡᠷ᠎ᠠ ᠶᠠᠷ᠎ᠠ ᠭᠠᠷᠬᠤ᠂ ᠬᠤᠭᠤᠯᠠᠢ ᠬᠠᠪᠤᠳᠬᠤ᠂ ᠬᠥᠬᠦ ᠤᠯᠠᠶᠢᠵᠤ ᠬᠠᠪᠤᠳᠬᠤ᠂ ᠰᠢᠲᠠᠭᠳᠠᠵᠤ ᠰᠢᠷᠬᠠᠲᠤᠬᠤ᠂ ᠡᠮᠡᠭᠲᠡᠢ ᠬᠥᠮᠦᠨ ᠳᠠᠭᠠᠷᠠᠳᠠᠰᠤ ᠬᠦᠷᠬᠦ᠂ ᠰᠠᠷ᠎ᠠ ᠶᠢᠨ ᠭᠬᠢᠷ ᠢᠶᠠᠷ ᠡᠪᠡᠳᠬᠦ ᠵᠡᠷᠭᠡ ᠣᠯᠠᠨ ᠵᠦᠢᠯ ᠤᠨ ᠡᠪᠡᠳᠬᠦ ᠡᠪᠡᠳᠴᠢᠨ ᠳᠤ ᠢᠯᠡᠷᠬᠡᠢ ᠠᠴᠢ ᠲᠤᠰᠠ ᠲᠠᠢ ᠶᠤᠮ᠃ ᠲᠤᠰ ᠵᠠᠰᠠᠯ ᠪᠣᠯ ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠠᠬᠦᠯᠵᠢᠯ ᠤᠨ ᠬᠤᠷᠢᠶᠠᠨ ᠤ ᠮᠣᠩᠭᠤᠯ ᠡᠮᠨᠡᠯᠭᠡ ᠶᠢᠨ ᠳᠡᠳ᠋ ᠡᠷᠬᠢᠯᠡᠭᠴᠢ ᠡᠮᠴᠢ ᠬᠥᠭᠵᠢᠯ ᠣᠯᠠᠨ ᠵᠢᠯ ᠤᠨ ᠡᠮᠴᠢᠯᠡᠭᠡᠨ ᠤ ᠲᠤᠷᠰᠢᠯᠭ᠎ᠠ ᠶᠢᠨ ᠳᠤᠮᠳᠠ ᠳ᠋ᠦᠩᠨᠡᠵᠦ ᠣᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠵᠣᠷ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠲᠣᠰ ᠡᠮᠨᠡᠯᠭᠡ ᠶᠢᠨ ᠬᠤᠷᠢᠶᠠᠨ ᠤ ᠬᠢᠨ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡ ᠡᠷᠡᠭᠦᠯᠵᠢᠯ ᠤᠨ ᠰᠢᠰᠲ᠋ᠧᠮ ᠤᠨ ᠪᠠᠶᠢᠭᠤᠯᠤᠯᠲᠠ ᠬᠢᠭᠡᠳ ᠬᠥᠭᠵᠢᠯᠲᠡ ᠶᠢ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠬᠢᠭᠡᠳ ᠡᠬᠡ ᠨᠢᠯᠬᠠᠰ ᠤᠨ ᠡᠷᠡᠭᠦᠯᠵᠢᠯ ᠤᠨ ᠮᠡᠷᠭᠡᠵᠢᠯ ᠤᠨ ᠠᠭᠤᠰᠤᠯᠴᠠᠯ ᠢ ᠠᠬᠢᠭᠤᠯᠤᠨ᠂ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭᠲᠤ ᠡᠮᠴᠢᠯᠡᠭᠡ ᠶᠢ ᠬᠥᠭᠵᠢᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠠ ᠶᠢ ᠦᠷᠬᠦᠯᠵᠢᠯᠡᠨ ᠲᠡᠬᠡᠭᠰᠢᠯᠡᠬᠦᠯᠬᠦ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号