ᠨᠢᠩᠰᠢᠶᠠ ᠶᠢᠨ ᠯᠢᠩ ᠡᠤ ᠬᠤᠲᠠ ᠪᠡᠯᠴᠢᠭᠡᠷ ᠤᠨ ᠬᠤᠨᠢ ᠶᠢ ᠬᠥᠭᠵᠢᠭᠦᠯᠵᠦ ᠪᠠᠶᠢᠭ᠎ᠠ ᠠᠴᠠ ᠠᠪᠬᠤ ᠲᠤᠷᠰᠢᠯᠭ᠎ᠠ
ᠨᠡᠶᠢᠲᠡᠯᠡᠭᠰᠡᠨ ᠴᠠᠭ᠄
2021/8/31
    ᠯᠢᠩ ᠡᠦ ᠬᠤᠲᠠ ᠶᠢᠨ ᠪᠡᠯᠴᠢᠭᠡᠷ ᠤᠨ ᠬᠤᠨᠢᠨ ᠤ ᠠᠵᠤ ᠦᠢᠯᠡᠰ ᠤᠨ ᠴᠢᠨᠠᠷ ᠴᠢᠨᠰᠠᠭ᠎ᠠ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠪᠡᠯᠴᠢᠭᠡᠷ ᠤᠨ ᠬᠤᠨᠢᠨ ᠤ ᠠᠵᠤ ᠦᠢᠯᠡᠰ ᠢ ᠳᠡᠭᠡᠳᠦ ᠲᠡᠰ ᠤᠨ᠂ ᠪᠣᠬᠢᠷᠲᠤᠯ ᠦᠭᠡᠢ᠂ ᠤᠶᠤᠨᠴᠢᠯᠠᠬᠰᠠᠨ᠂ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠯᠢᠩ ᠦ᠋ ᠬᠤᠳᠠ ᠶᠢᠨ ᠬᠢᠨ ᠪᠡᠯᠴᠢᠭᠡᠷ ᠤᠨ ᠬᠤᠨᠢᠨ ᠤ ᠠᠵᠤ ᠦᠢᠯᠡᠰ ᠢ ᠭᠤᠣᠯᠳᠠᠯᠭ᠎ᠠ ᠲᠠᠢ ᠤᠨᠴᠠᠯᠢᠬᠳᠤ ᠠᠵᠤ ᠦᠢᠯᠡᠰ ᠤᠨ ᠨᠢᠭᠡ ᠳᠤ ᠣᠷᠣᠭᠤᠯᠵᠤ᠂ ᠬᠠᠷᠠᠯᠲᠠ ᠡᠭᠦᠷᠭᠡ ᠪᠠᠨ ᠴᠢᠩᠭ᠎ᠠ ᠠᠳᠬᠤᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠡᠵᠢᠭᠡᠨ ᠦᠷᠡᠵᠢᠭᠦᠯᠬᠦ ᠡᠷᠦᠬᠡ ᠶᠢᠨ ︽ᠬᠠᠰᠢᠶᠠᠨ ᠠᠴᠠ ᠭᠠᠷᠴᠤ ᠠᠭᠤᠯᠠᠨ ᠳᠤ ᠭᠠᠷᠴᠤ ᠬᠦᠷᠢᠶᠡᠯᠡᠩ ᠳᠤ ᠣᠷᠣᠬᠤ︾ ᠶᠢ ᠵᠣᠷᠢᠭᠵᠢᠭᠤᠯᠵᠤ᠂ ᠠᠯᠠᠵᠤ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠢ ᠪᠠᠶᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠡᠯᠴᠢᠭᠡᠷ ᠤᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃     ᠨᠢᠭᠡ ᠳᠤ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠪᠡᠯᠴᠢᠭᠡᠷ ᠤᠨ ᠬᠤᠨᠢ ᠶᠢ ᠲᠡᠵᠢᠭᠡᠨ ᠦᠷᠡᠵᠢᠭᠦᠯᠬᠦ ᠶᠢ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠪᠠ᠃ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢᠶᠠᠷ ᠲᠠᠪᠴᠠᠩ ᠪᠣᠯᠭᠠᠵᠤ᠂ ᠠᠭᠤᠯᠠ ᠳᠠᠭᠠᠤ ᠶᠢᠨ ᠵᠠᠭᠤᠨ ᠺᠢᠯᠣᠮᠧᠳ᠋ᠷ ᠤᠨ ᠮᠠᠯ ᠪᠡᠯᠴᠢᠭᠡᠷ ᠤᠨ ᠠᠵᠤ ᠦᠢᠯᠡᠰ ᠤᠨ ᠪᠦᠰᠡ ᠪᠠᠷ ᠭᠤᠣᠯ ᠲᠡᠩᠭᠡᠯᠢᠭ ᠪᠣᠯᠭᠠᠵᠤ᠂ ᠠᠭᠤᠯᠠ ᠤᠰᠤ ᠶᠢ ᠤᠶᠠᠯᠳᠤᠭᠤᠯᠤᠭᠰᠠᠨ ᠪᠦᠰᠡ ᠪᠠᠷ ᠬᠤᠶᠠᠷ ᠰᠠᠭᠤᠷᠢᠨ ᠪᠣᠯᠭᠠᠵᠤ᠂ ᠪᠡᠯᠴᠢᠭᠡᠷ ᠤᠨ ᠬᠤᠨᠢᠨ ᠤ ᠭᠤᠣᠯ ᠣᠷᠣᠨ᠂ ᠰᠠᠶᠢᠵᠢᠷᠠᠭᠤᠯᠤᠭᠰᠠᠨ ᠣᠷᠣᠨ᠂ ᠬᠠᠳᠤᠨ ᠭᠤᠣᠯ ᠤᠨ ᠤᠰᠤ ᠶᠢ ᠲᠠᠲᠠᠨ ᠪᠠᠶᠢᠭᠤᠯᠵᠤ᠂ ᠣᠳᠣᠬᠠᠨ ᠳᠤ 7 ᠲᠦᠮᠡᠨ ᠪᠡᠯᠴᠢᠭᠡᠷ ᠤᠨ ᠬᠤᠨᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ︵ᠦᠷᠭᠦᠯᠵᠢᠯᠡᠨ 2 ᠪᠠᠶᠢᠭᠤᠯᠤᠨ᠎ᠠ︶ ᠢ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ 6 ᠲᠦᠮᠡᠨ ᠪᠡᠯᠴᠢᠭᠡᠷ ᠤᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠵᠤ᠂ ᠨᠢᠭᠡᠨᠲᠡ ᠪᠠᠷᠢᠯᠭ᠎ᠠ ᠡᠬᠢᠯᠡᠭᠦᠯᠵᠡᠢ᠃     ᠬᠤᠶᠠᠷ ᠲᠤ ᠲᠥᠷᠥᠯ ᠵᠦᠢᠯ ᠢᠶᠠᠷ ᠳᠠᠶᠢᠴᠢᠯᠠᠬᠤ ᠶᠢ ᠴᠢᠩᠭᠠᠳᠬᠠᠵᠤ᠂ ᠪᠡᠯᠴᠢᠭᠡᠷ ᠤᠨ ᠬᠤᠨᠢ ᠲᠡᠵᠢᠭᠡᠨ ᠦᠷᠡᠵᠢᠭᠦᠯᠬᠦ ᠶᠢᠨ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠤᠨ᠎ᠠ᠃ ᠪᠡᠯᠴᠢᠭᠡᠷ ᠤᠨ ᠬᠤᠨᠢ ᠲᠡᠵᠢᠭᠡᠨ ᠦᠷᠡᠵᠢᠭᠦᠯᠬᠦ ︽300︾ ᠶᠢᠨ ᠵᠠᠭᠪᠤᠷᠲᠤ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠭᠠᠷᠭᠠᠬᠤ ᠲᠥᠷᠥᠯ ᠵᠦᠢᠯ ᠢ ᠶᠡᠬᠡᠪᠡᠷ ᠬᠡᠷᠡᠭᠵᠢᠭᠦᠯᠪᠡ᠃ ᠪᠡᠯᠴᠢᠭᠡᠷ ᠤᠨ ᠬᠤᠨᠢ ᠶᠢ ᠬᠡᠪᠴᠢᠶᠡᠵᠢᠭᠦᠯᠦᠨ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢ ᠠᠬᠢᠭᠤᠯᠬᠤ ᠶᠢᠨ ᠲᠥᠯᠥᠭᠡ᠂ ᠪᠡᠯᠴᠢᠭᠡᠷ ᠤᠨ ᠬᠤᠨᠢ ᠶᠢ ᠲᠡᠵᠢᠭᠡᠨ ᠦᠷᠡᠵᠢᠭᠦᠯᠬᠦ ︽300︾ ᠵᠠᠭᠪᠤᠷ ᠤᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠪᠤᠶᠢᠵᠢᠭᠤᠯᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠪᠠᠶᠢᠳᠠᠯ ᠢ ᠣᠶᠢᠯᠠᠭᠠᠬᠤ ᠪᠠᠶᠢᠴᠠᠭᠠᠯᠲᠠ᠂ ᠰᠢᠶᠠᠩ ᠪᠠᠯᠭᠠᠰᠤᠨ ᠤ ᠰᠢᠭᠰᠢᠨ ᠰᠣᠩᠭᠤᠯᠲᠠ ᠪᠠᠷ ᠳᠡᠮᠵᠢᠨ᠂ ᠨᠢᠭᠡᠨᠲᠡ 15 ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠰᠣᠩᠭᠤᠨ ᠲᠣᠭᠲᠠᠭᠠᠵᠤ᠂ ᠣᠲᠣ ᠶᠠᠭ ᠬᠠᠰᠢᠶ᠎ᠠ ᠰᠠᠷᠠᠪᠴᠢ᠂ ᠲᠡᠵᠢᠭᠡᠪᠦᠷᠢ ᠶᠢᠨ ᠨᠡᠪᠲᠡᠷᠡᠬᠦ ᠵᠠᠮ ᠢ ᠥᠭᠡᠷᠡᠴᠢᠯᠡᠨ ︵ᠥᠷᠭᠡᠳᠬᠡᠨ︶ ᠪᠠᠶᠢᠭᠤᠯᠵᠤ᠂ ᠠᠮᠤ ᠪᠤᠳᠠᠭᠠᠨ ᠤ ᠮᠠᠰᠢᠨ᠂ ᠴᠠᠬᠢᠯᠭᠠᠨ ᠬᠥᠳᠡᠯᠭᠡᠭᠦᠷᠲᠦ ᠮᠠᠲ᠋ᠧᠷᠢᠶᠠᠯ ᠣᠷᠣᠭᠤᠯᠬᠤ ᠲᠡᠷᠭᠡ ᠵᠡᠷᠭᠡ ᠲᠥᠬᠦᠭᠡᠷᠦᠮᠵᠢ ᠶᠢ ᠢᠵᠢ ᠪᠥᠷᠢᠳᠦᠭᠦᠯᠪᠡ︔ 2021 ᠣᠨ ᠤ ᠪᠡᠯᠴᠢᠭᠡᠷ ᠤᠨ ᠬᠤᠨᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠬᠦ ᠲᠥᠷᠥᠯ ᠵᠦᠢᠯ ᠢ ᠶᠡᠬᠡᠪᠡᠷ ᠬᠡᠷᠡᠭᠵᠢᠭᠦᠯᠦᠨ᠎ᠡ᠃ 1 ᠪᠡᠯᠴᠢᠭᠡᠷ ᠤᠨ ᠬᠤᠨᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢ ᠰᠢᠯᠢᠨ ᠰᠣᠩᠭᠤᠬᠤ ᠪᠠᠷ ᠳᠠᠮᠵᠢᠭᠤᠯᠤᠨ ᠬᠡᠷᠡᠭᠵᠢᠭᠦᠯᠬᠦ ᠭᠤᠤᠯ ᠴᠣᠭᠴᠠ ᠪᠣᠯᠭᠠᠵᠤ᠂ 4 ᠵᠦᠢᠯ ᠤᠨ ᠪᠡᠯᠴᠢᠭᠡᠷ ᠤᠨ ᠬᠤᠨᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ ᠢ ᠭᠤᠤᠯᠴᠢᠯᠠᠨ ᠳᠡᠯᠭᠡᠷᠡᠭᠦᠯᠦᠨ᠎ᠡ᠃ ᠣᠳᠣᠬᠠᠨ ᠳᠤ ᠬᠡᠷᠡᠭᠵᠢᠭᠦᠯᠬᠦ ᠭᠤᠤᠯ ᠴᠣᠭᠴᠠ ᠨᠢ ᠲᠣᠭᠲᠠᠭᠠᠭᠰᠠᠨ ᠬᠡᠷᠡᠭᠵᠢᠭᠦᠯᠬᠦ ᠲᠥᠰᠦᠯ ᠪᠠ ᠪᠠᠷᠢᠮᠵᠢᠶ᠎ᠠ ᠳᠤ ᠲᠤᠯᠭᠠᠭᠰᠠᠨ ᠬᠠᠮᠢᠶᠠᠷᠤᠯᠲᠠ ᠶᠢᠨ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠮᠡᠷᠭᠡᠵᠢᠯ ᠤᠨ ᠬᠡᠷᠡᠭᠯᠡᠭᠡᠨ ᠢ ᠥᠷᠨᠢᠭᠦᠯᠦᠨ᠎ᠡ︔ ᠯᠢᠩ ᠡᠦ ᠬᠤᠳᠠ ᠶᠢᠨ ᠬᠤᠨᠢᠨ ᠤ ᠰᠠᠶᠢᠨ ᠡᠭᠦᠯᠳᠡᠷ ᠤᠨ ᠨᠥᠬᠦᠪᠥᠷᠢ ᠶᠢᠨ ᠳᠦᠷᠦᠯ ᠵᠦᠢᠯ ᠢ ᠶᠡᠬᠡᠪᠡᠷ ᠬᠡᠷᠡᠭᠵᠢᠭᠦᠯᠦᠨ᠎ᠡ᠃ 2020 ᠣᠨ ᠳᠤ ᠬᠤᠨᠢᠨ ᠤ ᠰᠠᠶᠢᠨ ᠡᠭᠦᠯᠳᠡᠷ ᠤᠨ ᠨᠥᠬᠦᠪᠥᠷᠢ ᠶᠢᠨ ᠲᠦᠷᠦᠯ ᠵᠦᠢᠯ ᠳᠤ 240 ᠬᠤᠴᠠ ᠪᠠᠭᠤᠯᠭᠠᠬᠤ ᠡᠭᠦᠷᠭᠡ ᠶᠢ ᠪᠠᠭᠤᠯᠭᠠᠵᠤ᠂ ᠣᠳᠣᠬᠠᠨ ᠳᠤ ᠬᠤᠴᠠ ᠣᠷᠣᠭᠤᠯᠬᠤ ᠪᠠ ᠰᠢᠯᠭᠠᠨ ᠠᠪᠬᠤ ᠠᠵᠢᠯ ᠢ ᠨᠢᠭᠡᠨᠲᠡ ᠪᠡᠶᠡᠯᠡᠭᠦᠯᠪᠡ᠃ 2021 ᠣᠨ ᠳᠤ ᠬᠤᠨᠢᠨ ᠤ ᠰᠠᠶᠢᠨ ᠡᠭᠦᠯᠳᠡᠷ ᠤᠨ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠬᠤ᠂ ᠵᠠᠷᠯᠠᠨ ᠨᠡᠶᠢᠲᠡᠯᠡᠬᠦ ᠶᠢ ᠨᠢᠭᠡᠨᠲᠡ ᠪᠡᠶᠡᠯᠡᠭᠦᠯᠵᠦ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠪᠣᠯᠤᠨ᠎ᠠ᠃      ᠭᠤᠷᠪᠠ ᠳᠤ ᠡᠪᠡᠰᠦ ᠪᠣᠷᠳᠤᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠡᠯᠴᠢᠭᠡᠷ ᠤᠨ ᠬᠤᠨᠢ ᠶᠢ ᠲᠡᠵᠢᠭᠡᠨ ᠦᠷᠡᠵᠢᠭᠦᠯᠬᠦ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠠᠬᠢᠭᠤᠯᠪᠠ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠣᠷᠣᠨ ᠪᠦᠰᠡ ᠶᠢᠨ ᠳᠣᠲᠣᠷ᠎ᠠ ᠭᠠᠳᠠᠨ᠎ᠠ ᠲᠡᠵᠢᠭᠡᠯ ᠡᠪᠡᠰᠦ ᠪᠣᠷᠳᠤᠭ᠎ᠠ ᠳᠠᠷᠢᠬᠤ ᠰᠠᠭᠤᠷᠢᠨ ᠭᠠᠵᠠᠷ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠬᠤ ᠶᠢᠨ ᠬᠠᠮᠲᠤ ᠲᠠᠷᠢᠶᠠᠯᠠᠩ ᠤᠨ ᠲᠥᠷᠥ ᠶᠢᠨ ᠪᠣᠳᠣᠯᠭ᠎ᠠ ᠶᠢᠨ ᠲᠡᠳᠬᠦᠬᠦ ᠬᠡᠪᠴᠢᠶᠡᠨ ᠳᠤ ᠣᠷᠣᠭᠤᠯᠬᠤ ᠬᠡᠷᠡᠭᠲᠡᠶ᠃ ᠣᠳᠣ ᠪᠣᠯᠲᠠᠯ᠎ᠠ᠂ ᠡᠯ᠎ᠡ ᠲᠥᠷᠥᠯ ᠤᠨ ᠡᠪᠡᠰᠦ ᠪᠣᠷᠳᠤᠭ᠎ᠠ ᠶᠢ ᠨᠡᠶᠢᠲᠡ 11480 ᠮᠥ ᠳᠠᠷᠢᠵᠤ᠂ ᠡᠭᠦᠨ ᠳᠤ᠄ ᠯᠢᠩ ᠡᠦ ᠬᠤᠲᠠ ᠶᠢᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠮᠠᠯ ᠠᠵᠤ ᠠᠬᠤᠶ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ 4200 ᠮᠥ ᠭᠠᠵᠠᠷ ᠰᠢᠷᠣᠶ ᠶᠢ ᠰᠢᠯᠵᠢᠭᠦᠯᠦᠨ ᠴᠠᠷᠭᠠᠰᠤ ᠪᠠ ᠨᠣᠬᠠᠶ ᠶᠢᠨ ᠬᠤᠰᠢᠭᠤ ᠶᠢᠨ ᠡᠪᠡᠰᠦ ᠳᠠᠷᠢᠵᠤ᠂ ᠨᠢᠩᠰᠢᠶᠠ ᠶᠢᠨ ᠮᠢᠩ ᠬᠤᠸᠠ ᠵᠢᠶᠦ᠋ᠨ ᠱᠧᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 3000 ᠮᠦ ᠭᠠᠵᠠᠷ ᠰᠢᠷᠣᠢ ᠶᠢ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠵᠤ᠂ ᠨᠢᠩᠰᠢᠶᠠ ᠶᠢᠨ ᠯᠢᠩ ᠴᠧᠩ ᠷᠦᠢ ᠶᠤᠸᠠᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ 4000 ᠮᠦ ᠭᠠᠵᠠᠷ ᠰᠢᠷᠣᠢ ᠶᠢ ᠨᠣᠭᠤᠭᠠᠨ ᠳᠠᠷᠤᠰᠢ ᠶᠢᠨ ᠡᠷᠳᠡᠨᠢ ᠰᠢᠰᠢ ᠪᠠ ᠴᠠᠷᠭᠠᠰᠤ ᠲᠠᠷᠢᠵᠤ᠂ ᠨᠢᠩᠰᠢᠶᠠ ᠶᠢᠨ ᠨᠢᠩ ᠶᠤᠸᠠᠨ ᠦᠬᠡᠷ ᠬᠤᠨᠢᠨ ᠮᠢᠬᠠᠨ ᠤ ᠬᠢᠵᠠᠭᠠᠷᠲᠤ ᠺᠣᠮᠫᠠᠨᠢ 280 ᠮᠦ ᠭᠠᠵᠠᠷ ᠰᠢᠷᠣᠢ ᠶᠢ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠪᠠ᠃      ᠳᠥᠷᠪᠡ ᠳᠤ᠂ ᠠᠵᠤ ᠠᠬᠤᠶᠢᠯᠠᠯ ᠤᠨ ᠪᠤᠶᠢᠵᠢᠭᠤᠯᠤᠯᠲᠠ ᠶᠢ ᠴᠢᠩᠭᠠᠳᠬᠠᠵᠤ᠂ ᠪᠡᠯᠴᠢᠭᠡᠷ ᠤᠨ ᠬᠤᠨᠢ ᠶᠢ ᠲᠡᠵᠢᠭᠡᠨ ᠦᠷᠡᠵᠢᠭᠦᠯᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠪᠠ᠃ ᠨᠢᠩᠰᠢᠶᠠ ᠶᠢᠨ ᠹᠦ᠋ ᠰᠢᠩ ᠱᠧᠨ ᠨᠦᠩ ᠢᠳᠡᠭᠡᠨ ᠤ ᠬᠢᠵᠠᠭᠠᠷᠲᠤ ᠺᠣᠮᠫᠠᠨᠢ᠂ ᠨᠢᠩᠰᠢᠶᠠ ᠶᠢᠨ ᠨᠢᠩ ᠶᠤᠸᠠᠨ ᠦᠬᠡᠷ ᠬᠤᠨᠢᠨ ᠮᠢᠬᠠᠨ ᠤ ᠬᠢᠵᠠᠭᠠᠷᠲᠤ ᠺᠣᠮᠫᠠᠨᠢ᠂ ᠯᠢᠩ ᠡᠤ ᠬᠤᠲᠠ ᠶᠢᠨ ᠸᠠᠩ ᠨᠢᠦ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ᠂ ᠨᠢᠩᠰᠢᠶᠠ ᠶᠢᠨ ᠷᠦᠩ ᠬᠤᠶ ᠲᠡᠵᠢᠭᠡᠨ ᠦᠷᠡᠵᠢᠭᠦᠯᠬᠦ ᠨᠡᠭᠡᠭᠡᠨ ᠬᠥᠭᠵᠢᠭᠦᠯᠬᠦ ᠺᠣᠮᠫᠠᠨᠢ ᠪᠠᠷ ᠭᠤᠤᠯ ᠴᠣᠭᠴᠠ ᠪᠣᠯᠭᠠᠵᠤ᠂ ᠮᠢᠬ᠎ᠠ ᠶᠢ ᠨᠢ ᠡᠪᠳᠡᠵᠦ ᠬᠤᠪᠢᠶᠠᠭᠰᠠᠨ ᠤ ᠳᠠᠷᠠᠭ᠎ᠠ ᠪᠡᠭᠡᠵᠢᠩ᠂ ᠱᠠᠩᠬᠠᠶ᠂ ᠵᠧᠩᠵᠧᠤ ᠵᠡᠷᠭᠡ ᠲᠣᠮᠣ ᠳᠤᠮᠳᠠ ᠬᠤᠲᠠ ᠳᠤ ᠰᠦᠯᠵᠢᠶ᠎ᠡ ᠪᠠᠷ ᠪᠣᠷᠣᠯᠠᠭᠤᠯᠬᠤ ᠪᠠᠷ ᠳᠡᠮᠵᠢᠨ᠂ ᠲᠦᠷᠦᠭᠦᠤ ᠬᠠᠭᠠᠰ ᠵᠢᠯ ᠳᠤ ᠨᠡᠶᠢᠲᠡ 601.6 ᠲᠣᠨ ᠨᠠᠷᠢᠯᠢᠭ ᠪᠣᠯᠪᠠᠰᠤᠷᠠᠭᠤᠯᠵᠤ᠂ ᠣᠷᠣᠨ ᠤ ᠭᠠᠳᠠᠨᠠᠬᠢ ᠨᠡᠶᠢᠲᠡ ᠪᠣᠷᠣᠯᠠᠭᠤᠯᠤᠭᠰᠠᠨ ᠬᠡᠮᠵᠢᠶ᠎ᠡ ᠨᠢ 319.66 ᠲᠣᠨ ᠪᠣᠯᠤᠨ᠎ᠠ᠃ ᠠᠵᠤ ᠠᠬᠤᠶᠢᠯᠠᠯ ᠤᠨ ᠰᠦᠯᠵᠢᠶᠡᠨ ᠤ ᠳᠡᠯᠭᠡᠭᠦᠷ᠂ ᠰᠢᠭᠤᠳ ᠪᠣᠷᠣᠯᠠᠭᠤᠯᠬᠤ ᠳᠡᠯᠭᠡᠭᠦᠷ ᠤᠨ ᠪᠣᠷᠣᠯᠠᠭᠤᠯᠭ᠎ᠠ ᠶᠢ ᠢᠳᠡᠪᠬᠢᠲᠡᠶ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠰᠣᠷᠭᠤᠭ ᠢᠶᠠᠷ ᠨᠢ ᠬᠠᠳᠠᠭᠠᠯᠠᠨ ᠬᠦᠷᠭᠡᠬᠦ ᠲᠥᠪ ᠳᠣᠭᠢᠷᠠᠭᠤᠯᠤᠨ᠂ ᠪᠡᠯᠴᠢᠭᠡᠷ ᠤᠨ ᠬᠤᠨᠢᠨ ᠤ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠣᠳᠣᠬᠠᠨ ᠳᠤ ᠪᠡᠯᠴᠢᠭᠡᠷ ᠤᠨ ᠬᠤᠨᠢᠨ ᠤ ᠮᠢᠬ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠲᠠᠸᠠᠷ ᠤᠨ ᠲᠡᠮᠳᠡᠭ ᠢ 6 ᠳᠠᠩᠰᠠᠯᠠᠭᠤᠯᠪᠠ︔ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 18 ᠰᠦᠯᠵᠢᠶᠡᠨ ᠳᠡᠯᠭᠡᠭᠦᠷ᠂ 27 ᠰᠢᠭᠤᠳ ᠪᠣᠷᠣᠯᠠᠭᠤᠯᠬᠤ ᠳᠡᠯᠭᠡᠭᠦᠷ ︵ᠣᠷᠣᠨ ᠤ ᠳᠣᠲᠣᠷ᠎ᠠ 18᠂ ᠣᠷᠣᠨ ᠤ ᠭᠠᠳᠠᠨ᠎ᠠ 9︶᠂ ᠬᠤᠨᠢᠨ ᠮᠢᠬ᠎ᠠ ᠶᠢᠨ ᠬᠦᠶ᠋ᠲᠡᠨ ᠬᠡᠯᠬᠢᠶᠡᠲᠦ ᠳᠣᠭᠢᠷᠠᠭᠤᠯᠤᠨ ᠬᠦᠷᠭᠡᠬᠦ ᠲᠥᠪ ᠢ 3 ᠪᠠᠶᠢᠭᠤᠯᠪᠠ᠃      ᠲᠠᠪᠤ ᠳᠤ ᠪᠠᠯᠠ ᠮᠥᠩᠭᠦᠨ ᠤ ᠳᠡᠮᠵᠢᠯᠭᠡ ᠶᠢ ᠴᠢᠩᠭᠠᠷᠠᠭᠤᠯᠵᠤ᠂ ᠪᠡᠯᠴᠢᠭᠡᠷ ᠤᠨ ᠬᠤᠨᠢ ᠲᠡᠵᠢᠭᠡᠨ ᠦᠷᠡᠵᠢᠭᠦᠯᠬᠦ ᠶᠢ ᠠᠵᠤ ᠦᠶᠢᠯᠡᠰᠵᠢᠭᠦᠯᠦᠨ ᠬᠥᠭᠵᠢᠭᠦᠯᠬᠦ ᠶᠢ ᠠᠬᠢᠭᠤᠯᠪᠠ᠃ ᠯᠢᠩ ᠡᠤ ᠬᠤᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠯᠢᠩ ᠡᠤ ᠬᠤᠲᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠪᠡᠯᠴᠢᠭᠡᠷ ᠤᠨ ᠬᠤᠨᠢ ᠲᠡᠵᠢᠭᠡᠨ ᠦᠷᠡᠵᠢᠭᠦᠯᠬᠦ ᠲᠠᠯᠠᠪᠠᠶ ᠳᠤ ᠲᠥᠷᠥᠯ ᠵᠦᠢᠯ ᠤᠨ ᠪᠠᠯᠠ ᠮᠥᠩᠭᠦ ᠶᠢᠨ ᠱᠠᠩᠨᠠᠯ ᠨᠥᠬᠦᠪᠥᠷᠢ ᠣᠯᠭᠤᠵᠤ᠂ ᠪᠡᠯᠴᠢᠭᠡᠷ ᠤᠨ ᠬᠤᠨᠢᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠶᠡᠬᠡᠪᠡᠷ ᠲᠡᠳᠬᠦᠨ ᠳᠡᠮᠵᠢᠵᠦ᠂ ᠠᠭᠤᠰᠤᠯᠳᠤᠨ ᠬᠥᠭᠵᠢᠬᠦ ᠳᠠᠶᠢᠴᠢᠯᠠᠬᠤ ᠬᠦᠴᠦᠨ ᠢᠶᠠᠷ ᠴᠢᠩᠭ᠎ᠠ ᠨᠢᠩᠰᠢᠶᠠ ᠶᠢᠨ ᠨᠢᠩ ᠶᠤᠸᠠᠨ ᠦᠬᠡᠷ ᠬᠤᠨᠢᠨ ᠮᠢᠬᠠᠨ ᠤ ᠬᠢᠵᠠᠭᠠᠷᠲᠤ ᠺᠣᠮᠫᠠᠨᠢ᠂ ᠨᠢᠩᠰᠢᠶᠠ ᠶᠢᠨ ᠹᠦ᠋ ᠰᠢᠩ ᠱᠧᠨ ᠨᠦᠩ ᠢᠳᠡᠭᠡᠨ ᠤ ᠬᠢᠵᠠᠭᠠᠷᠲᠤ ᠺᠣᠮᠫᠠᠨᠢ ᠳᠤ ᠱᠠᠩᠨᠠᠯ ᠨᠥᠬᠦᠪᠥᠷᠢ ᠣᠯᠭᠤᠨ᠎ᠠ᠃
 
ᠢᠷᠡᠯᠲᠡ᠄ ᠯᠢᠩ ᠡᠤ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号