︽ᠠᠯᠠᠱᠠ ᠠᠶᠢᠮᠠᠭ ᠤᠨ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/8/31
     ᠨᠢᠭᠡ᠂ ︽ᠲᠥᠰᠦᠯ︾ ᠢ ᠳᠣᠭᠳᠠᠭᠠᠭᠰᠠᠨ ᠦᠨᠳᠦᠰᠦᠯᠡᠯ      ︽ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠬᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ  ᠤ ᠲᠣᠪᠴᠢᠶ᠎ᠠ  ᠶᠢᠨ ᠮᠡᠳᠡᠭᠳᠡᠯ︾ ︵ᠥᠪᠥᠷ ᠪᠠᠶᠢᠭᠤᠯᠤᠮᠵᠢ ᠣᠷᠣᠨ ᠠᠯᠪᠠᠨ ᠲᠠᠷᠬᠠᠭᠠᠭᠰᠠᠨ〔2019〕105 ᠳ᠋ᠤᠭᠠᠷ ᠲᠣᠭᠠᠲᠤ︶  ᠪᠠ ︽ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ  ᠤ ᠵᠥᠪᠰᠢᠶᠡᠷᠡᠯ  ᠤᠨ ᠡᠷᠬᠡ  ᠶᠢᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠠᠷᠠᠳ  ᠤᠨ ᠵᠠᠰᠠᠭ  ᠤᠨ ᠣᠷᠳᠣᠨ  ᠤ ᠠᠯᠪᠠᠨ ᠲᠢᠩᠬᠢᠮ  ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔2020〕9 ᠳ᠋ᠣᠭᠡᠷ ᠲᠣᠭᠠᠲᠤ︶  ᠤᠨ ᠵᠣᠷᠢᠭ ᠰᠠᠨᠠᠭ᠎ᠠ᠃      ᠬᠤᠶᠠᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠠᠭᠤᠯᠤᠭᠳᠠᠬᠤᠨ      ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠬᠦ ᠥᠭᠡᠷᠡᠴᠢᠯᠡᠯᠲᠡ ᠪᠣᠯ  ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠬᠦ ᠶᠢᠨ ᠪᠦᠲᠦᠮᠵᠢᠲᠡᠢ ᠪᠡᠶᠡᠯᠡᠭᠳᠡᠬᠦ ᠬᠡᠯᠪᠡᠷᠢ ᠶᠢ ᠰᠦᠪᠡᠭᠴᠢᠯᠡᠵᠦ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠨᠢᠭᠡ ᠰᠠᠯᠠᠭ᠎ᠠ ᠮᠥᠴᠢᠷ ᠲᠤ ᠲᠤᠰᠢᠶᠠᠨ ᠬᠡᠷᠡᠭᠵᠢᠭᠦᠯᠦᠭᠦᠯᠬᠦ ᠪᠤᠶᠤ ᠨᠢᠭᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠨᠦᠬᠦᠭᠡ ᠰᠠᠯᠠᠭ᠎ᠠ ᠮᠥᠴᠢᠷ ᠲᠤ ᠲᠤᠰᠢᠶᠠᠨ ᠬᠡᠷᠡᠭᠵᠢᠭᠦᠯᠦᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠬᠦ ᠪᠠᠷ ᠳᠠᠮᠵᠢᠭᠤᠯᠤᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃      ᠭᠤᠷᠪᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠠᠴᠢ ᠬᠤᠯᠪᠣᠭᠳᠠᠯ      ᠨᠢᠭᠡ ᠳᠤ᠂ ᠲᠠᠷᠠᠬᠠᠶ ᠪᠤᠲᠠᠷᠬᠠᠶ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠨᠢᠭᠡᠳᠦᠯᠲᠡᠶ ᠰᠢᠯᠵᠢᠭᠦᠯᠦᠨ᠂ ᠬᠢᠨᠠᠨ ᠵᠥᠪᠰᠢᠶᠡᠷᠡᠬᠦ ᠡᠭᠦᠷᠭᠡ ᠴᠢᠳᠠᠮᠵᠢ ᠪᠣᠯᠤᠨ ᠬᠢᠨᠠᠨ ᠬᠠᠮᠢᠶᠠᠷᠬᠤ ᠡᠭᠦᠷᠭᠡ ᠴᠢᠳᠠᠮᠵᠢ ᠶᠢ ᠬᠠᠷᠢᠴᠠᠩᠭᠤᠶ ᠪᠠᠷ ᠰᠠᠯᠭᠠᠬᠤ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠯᠴᠠᠨ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠡᠷᠬᠡ ᠶᠢᠨ ᠠᠵᠢᠯᠯᠠᠭᠠᠨ ᠢ ᠨᠡᠩ ᠢᠯᠡ ᠲᠣᠳᠣ ᠪᠣᠯᠭᠠᠨ᠎ᠠ᠃      ᠬᠤᠶᠠᠷ ᠲᠤ᠂ ᠤᠤᠯ ᠤᠨ ᠡᠯ᠎ᠡ ᠡᠭᠦᠷᠭᠡ ᠴᠢᠳᠠᠮᠵᠢᠳᠣ ᠰᠠᠯᠠᠭ᠎ᠠ ᠮᠥᠴᠢᠷ ᠲᠤ ᠲᠠᠷᠬᠠᠵᠤ ᠪᠠᠶᠢᠭᠰᠠᠨ ᠵᠦᠢᠯᠡᠰ ᠢ ᠨᠢᠭᠡ ᠰᠠᠯᠠᠭ᠎ᠠ ᠮᠥᠴᠢᠷ ᠲᠤ ᠲᠥᠪᠯᠡᠷᠡᠭᠦᠯᠦᠨ᠂ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠪᠡᠶᠡᠯᠡᠭᠦᠯᠪᠡᠯ᠂ ᠵᠠᠰᠠᠭ ᠤᠨ ᠣᠷᠳᠣᠨ  ᠤ ᠦᠢᠯᠡᠴᠢᠯᠡᠬᠡᠨ   ᠤ ᠬᠦᠴᠦᠨ ᠴᠢᠳᠠᠪᠤᠷᠢ  ᠶᠢ ᠪᠦᠲᠦᠮᠵᠢᠲᠡᠶ ᠳᠡᠭᠡᠭᠰᠢᠯᠡᠭᠦᠯᠵᠦ᠂ ᠨᠡᠶᠢᠭᠡᠮ  ᠤᠨ ᠡᠬᠢ ᠪᠠᠶᠠᠯᠢᠭ  ᠢ ᠠᠷᠪᠢᠯᠠᠨ᠂ ᠠᠵᠢᠯ ᠶᠠᠪᠤᠳᠠᠯ ᠬᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ  ᠳᠤ ᠨᠠᠩ ᠳᠥᠭᠦᠮ ᠳᠥᠲᠡ ᠵᠠᠰᠠᠭ  ᠤᠨ ᠶᠠᠪᠤᠳᠠᠯ  ᠤᠨ ᠦᠢᠯᠡᠴᠢᠯᠡᠭᠡ ᠶᠢ ᠬᠦᠷᠲᠡᠭᠡᠵᠦ ᠪᠣᠯᠤᠨ᠎ᠠ᠃      ᠭᠤᠷᠪᠠ ᠳᠤ᠂ ᠤᠤᠯ ᠤᠨ ᠰᠠᠯᠠᠭ᠎ᠠ ᠮᠥᠴᠢᠷ ᠢᠶᠠᠷ ᠨᠢ ᠬᠢᠨᠠᠨ ᠵᠥᠪᠰᠢᠶᠡᠷᠡᠬᠦ ᠴᠣᠩᠬᠤᠪᠴᠢ ᠪᠠᠶᠢᠷᠢᠯᠠᠭᠤᠯᠬᠤ᠂ ᠬᠢᠨᠠᠨ ᠵᠥᠪᠰᠢᠶᠡᠷᠡᠬᠦ ᠡᠷᠬᠡ ᠶᠢ ᠬᠡᠷᠡᠭᠵᠢᠭᠦᠯᠬᠦ ᠵᠠᠭᠪᠤᠷ ᠢ ᠡᠪᠳᠡᠵᠦ᠂ ᠰᠠᠯᠠᠭ᠎ᠠ ᠮᠥᠴᠢᠷ ᠠᠯᠤᠰᠯᠠᠨ᠂ ᠠᠵᠢᠯ ᠲᠥᠷᠥᠯ ᠠᠯᠤᠰᠯᠠᠨ ᠳᠠᠬᠢᠨ ᠡᠮᠬᠢᠯᠡᠨ ᠨᠡᠶᠢᠯᠡᠭᠦᠯᠵᠦ᠂ ᠡᠯ᠎ᠡ ᠰᠠᠯᠠᠭ᠎ᠠ ᠮᠥᠴᠢᠷ ᠤᠨ ᠳᠣᠲᠣᠭᠠᠳᠤ ᠪᠠᠶᠢᠭᠤᠯᠤᠮᠵᠢ ᠶᠢ ᠴᠥᠭᠡᠳᠬᠡᠨ᠂ ᠵᠠᠰᠠᠭ ᠵᠠᠬᠢᠷᠭᠠᠨ ᠤ ᠡᠬᠢ ᠪᠠᠶᠠᠯᠢᠭ ᠢ ᠪᠦᠲᠦᠮᠵᠢᠲᠡᠶ ᠠᠷᠪᠢᠯᠠᠵᠤ᠂ ᠵᠠᠰᠠᠭ ᠵᠠᠬᠢᠷᠭᠠᠨ ᠤ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃      ᠳᠥᠷᠪᠡ ᠳᠤ᠂ ᠬᠠᠷᠢᠴᠠᠩᠭᠤᠶ ᠳᠦᠪᠯᠡᠷᠡᠭᠦᠯᠬᠦ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠰᠠᠯᠠᠭ᠎ᠠ ᠮᠥᠴᠢᠷ ᠤᠳ ᠬᠢᠨᠠᠨ ᠵᠥᠪᠰᠢᠶᠡᠷᠡᠬᠦ ᠴᠤᠪᠤᠷᠠᠯ ᠢ ᠪᠦᠲᠦᠮᠵᠢᠲᠡᠶ ᠳᠥᠭᠦᠮᠴᠢᠯᠡᠵᠦ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠪᠠᠭᠠᠰᠬᠠᠨ᠂ ᠬᠢᠨᠠᠨ ᠵᠥᠪᠰᠢᠶᠡᠷᠡᠵᠦ ᠬᠦᠢᠴᠡᠳᠬᠡᠬᠦ ᠴᠠᠭ ᠢ ᠪᠣᠭᠤᠨᠢᠰᠬᠠᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠪᠠᠷᠢᠮᠵᠢᠶᠠᠵᠢᠯᠲᠠ ᠪᠠ ᠮᠡᠳᠡᠭᠡ  ᠵᠠᠩᠬᠢᠴᠢᠯᠠᠯᠳᠠ ᠶᠢ ᠠᠬᠢᠭᠤᠯᠬᠤ ᠳᠤ ᠠᠰᠢᠭᠲᠠᠶ ᠶᠤᠮ᠃      ᠳᠥᠷᠪᠡ᠂ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢ ᠬᠠᠷᠢᠴᠠᠩᠭᠤᠶ ᠲᠥᠪᠯᠡᠷᠡᠭᠦᠯᠬᠦ ᠥᠭᠡᠷᠡᠴᠢᠯᠡᠯᠲᠡ ᠶᠢᠨ ᠬᠡᠷᠡᠭᠵᠢᠭᠦᠯᠬᠦ ᠵᠠᠷᠴᠢᠮ      ︵ᠨᠢᠭᠡ︶ ᠬᠠᠤᠯᠢ ᠶᠣᠰᠣᠭᠠᠷ ᠥᠭᠡᠷᠡᠴᠢᠯᠡᠯᠲᠡ ᠬᠢᠵᠦ᠂ ᠯᠠᠪᠳᠠᠭᠤᠨ ᠢᠶᠠᠷ ᠠᠬᠢᠭᠤᠯᠣᠨ᠎ᠠ᠃ ᠡᠷᠬᠡ ᠲᠤᠰᠢᠶᠠᠯ ᠢ ᠬᠠᠤᠯᠢ ᠪᠠᠷ ᠲᠣᠭᠲᠠᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠤᠯᠢ ᠶᠢᠨ ᠦᠨᠳᠦᠰᠦᠯᠡᠯ ᠲᠠᠢ᠂ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠯᠭᠠᠬᠤ ᠶᠢ ᠦᠨᠡᠨᠬᠦ ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠵᠢᠴᠢ ᠨᠡᠶᠢᠭᠡᠮ ᠤᠨ ᠬᠡᠷᠡᠭ ᠶᠠᠪᠤᠳᠠᠯ ᠳᠤ ᠵᠠᠰᠠᠭ ᠤᠨ ᠣᠷᠳᠣᠨ ᠤ ᠭᠠᠷ ᠲᠦᠷᠦᠭᠦ ᠶᠢ ᠪᠠᠭᠠᠰᠬᠠᠨ᠎ᠠ᠃      ︵ᠬᠤᠶᠠᠷ︶ ᠠᠵᠢᠯ ᠡᠷᠬᠡ ᠲᠥᠪᠯᠡᠷᠡᠭᠰᠡᠨ᠂ ᠴᠣᠮᠬᠠᠨ ᠪᠥᠭᠡᠳ ᠥᠨᠳᠥᠷ ᠪᠦᠲᠦᠮᠵᠢᠲᠡᠢ ᠪᠠᠶᠢᠯᠭᠠᠨ᠎ᠠ᠃ ᠬᠢᠨᠠᠨ ᠵᠥᠪᠰᠢᠶᠡᠷᠡᠬᠦ ᠡᠷᠬᠡ ᠲᠤᠰᠢᠶᠠᠯ ᠢ ᠡᠮᠬᠢᠯᠡᠨ ᠨᠡᠶᠢᠯᠡᠭᠦᠯᠬᠦ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠬᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢ ᠨᠢᠭᠡ ᠰᠠᠯᠠᠭ᠎ᠠ ᠮᠥᠴᠢᠷ ᠲᠤ ᠲᠥᠪᠯᠡᠷᠡᠭᠦᠯᠵᠦ᠂ ᠵᠠᠰᠠᠭ ᠵᠠᠬᠢᠷᠭᠠᠨ ᠤ ᠡᠬᠢ ᠪᠠᠶᠠᠯᠢᠭ ᠤᠨ ᠲᠥᠪᠯᠡᠷᠡᠯ ᠤᠨ ᠳᠠᠪᠠᠭᠤᠯᠢᠭ ᠢ ᠪᠠᠳᠠᠷᠠᠭᠤᠯᠤᠨ᠂ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠡᠷᠬᠢᠯᠡᠬᠦ ᠳᠡᠰ ᠳᠠᠷᠠᠭᠠᠯᠠᠯ ᠢ ᠳᠥᠭᠦᠮᠴᠢᠯᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠬᠢᠨᠠᠬᠤ ᠪᠠ ᠬᠠᠮᠢᠶᠠᠷᠬᠤ ᠶᠢ ᠰᠠᠯᠭᠠᠵᠤ᠂ ᠬᠢᠨᠠᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃    ︽ᠬᠡᠨ ᠬᠢᠨᠠᠨ ᠵᠥᠪᠰᠢᠶᠡᠷᠡᠪᠡᠯ ᠲᠡᠷᠡ ᠬᠠᠷᠢᠭᠤᠴᠠᠬᠤ᠂ ᠬᠡᠨ ᠭᠤᠣᠯᠴᠢᠯᠠᠨ ᠬᠠᠮᠢᠶᠠᠷᠪᠠᠯ ᠲᠡᠷᠡ ᠬᠢᠨᠠᠨ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠬᠠᠷᠢᠯᠴᠠᠨ ᠰᠠᠯᠭᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠭᠰᠡᠨ ᠤ ᠳᠠᠷᠠᠭᠠᠬᠢ ᠬᠢᠨᠠᠠ ᠬᠠᠮᠢᠶᠠᠷᠤᠯᠲᠠ ᠶᠢ ᠬᠠᠷᠢᠭᠤᠴᠠᠵᠤ᠂ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠠᠮᠵᠢᠯᠴᠠᠵᠤ᠂ ᠬᠢᠨᠠᠨ ᠬᠠᠮᠢᠶᠠᠷᠬᠤ ᠲᠣᠭᠲᠠᠴᠠ ᠪᠠᠨ ᠲᠡᠭᠦᠯᠳᠡᠷᠵᠢᠭᠦᠯᠦᠨ᠂ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠢᠨᠠᠨ ᠬᠠᠮᠢᠶᠠᠷᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃      ︵ᠳᠥᠷᠪᠡ︶ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠦᠨ ᠠᠰᠢᠭ ᠬᠦᠷᠲᠡᠭᠡᠨ᠎ᠡ᠃ ᠣᠯᠠᠨ ᠲᠦᠮᠡᠨ ᠳᠤ ᠦᠢᠯᠡᠴᠢᠯᠡᠬᠦ᠂ ᠠᠵᠤ  ᠠᠬᠤᠶᠢᠯᠠᠯ ᠳᠤ ᠳᠥᠭᠦᠮ ᠦᠵᠡᠭᠦᠯᠬᠦ ᠪᠠᠷ ᠡᠭᠦᠰᠴᠡ ᠪᠣᠯᠭᠠᠵᠤ᠂ ᠦᠢᠯᠡᠴᠢᠯᠡᠬᠡᠨ ᠤ ᠠᠷᠭ᠎ᠠ ᠮᠠᠶ᠋ᠢᠭ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂  ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠦᠢᠯᠡᠴᠢᠯᠡᠬᠡᠨ ᠤ ᠠᠷᠭ᠎ᠠ ᠵᠠᠮ ᠢ ᠥᠷᠭᠡᠳᠬᠡᠵᠦ᠂ ᠴᠢᠳᠠᠮᠵᠢ ᠨᠢ ᠪᠦᠷᠢᠨ ᠲᠡᠭᠦᠯᠳᠡᠷ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠂ ᠠᠷᠠᠳ ᠣᠯᠠᠨ ᠤ ᠠᠰᠢᠭ ᠬᠦᠷᠲᠡᠭᠰᠡᠨ ᠲᠥᠷᠥᠭᠳᠡᠯ ᠢ ᠨᠡᠮᠡᠭᠳᠡᠭᠦᠯᠦᠨ᠎ᠡ᠃      ᠲᠠᠪᠤ᠂ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢ ᠬᠠᠷᠢᠴᠠᠩᠭᠤᠶ ᠲᠥᠪᠯᠡᠷᠡᠭᠦᠯᠬᠦ ᠥᠭᠡᠷᠡᠴᠢᠯᠡᠯᠲᠡ ᠶᠢ ᠬᠡᠷᠡᠭᠵᠢᠭᠦᠯᠬᠦ ᠬᠡᠪᠴᠢᠶ᠎ᠡ      ᠳᠡᠭᠡᠷ᠎ᠡ ᠳᠤᠤᠷ᠎ᠠ ᠱᠠᠲᠤ ᠶᠢ ᠵᠣᠯᠭᠠᠯᠳᠤᠭᠤᠯᠵᠤ᠂ ᠠᠯᠬᠤᠮ ᠢᠶᠠᠨ ᠨᠢᠭᠡᠳᠦᠯᠲᠡᠶ ᠪᠠᠶᠢᠯᠭᠠᠬᠤ ᠶᠢ ᠪᠠᠲᠤᠯᠠᠬᠤ ᠶᠢᠨ ᠲᠥᠯᠥᠭᠡ᠂ ᠲᠣᠰ ᠤᠳᠠᠭᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠠᠶᠢᠮᠠᠭ ᠤᠨ ᠱᠠᠲᠤ ᠪᠠ ᠭᠤᠷᠪᠠᠨ ᠬᠤᠰᠢᠭᠤ ᠵᠡᠷᠭᠡ ᠪᠠᠷ ᠠᠬᠢᠭᠤᠯᠵᠤ᠂ ᠬᠡᠷᠡᠭᠵᠢᠭᠦᠯᠦᠨ᠎ᠡ᠃      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号