ᠰᠢᠨᠬᠤᠸᠠ ᠰᠦᠯᠵᠢᠶᠡᠨ ᠤ ᠬᠥᠬᠡᠬᠤᠲᠠ ᠶᠢᠨ 7 ᠰᠠᠷ᠎ᠠ ᠶᠢᠨ 27 ᠤ ᠡᠳᠦᠷ ᠤᠨ ᠮᠡᠳᠡᠭᠡ ︵ᠯᠢ ᠴᠢᠶᠠᠨ | ︶ 7 ᠰᠠᠷ᠎ᠠ ᠶᠢᠨ 28 ᠤ ᠡᠳᠦᠷ ᠪᠣᠯ ︽ᠳᠡᠯᠡᠬᠡᠶ ᠶᠢᠨ ᠡᠯᠢᠭᠡᠨ ᠤ ᠦᠷᠪᠢᠰᠦᠯ ᠤᠨ ᠡᠳᠦᠷ︾ ᠮᠥᠨ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠩᠭᠡᠭᠡᠯᠲᠡ ᠶᠢᠨ ᠳᠣᠲᠣᠷ | ᠰᠠᠯᠠᠭᠠᠨ ᠤ ᠡᠷᠬᠢᠯᠡᠭᠴᠢ ᠦ᠋ ᠵᠢᠶᠠᠨ ᠫᠢᠩ ᠲᠠᠨᠢᠯᠴᠠᠭᠤᠯᠬᠤ ᠳᠠᠭᠠᠨ᠄ ᠡᠮᠴᠢᠯᠡᠭᠡᠨ ᠤ ᠲᠤᠭ᠎ᠠ ᠪᠠᠷᠢᠮᠲᠠ ᠠᠴᠠ ᠦᠵᠡᠪᠡᠯ | ᠂ ᠡᠯᠢᠭᠡ ᠥᠭᠡᠬᠦᠯᠡᠬᠦ ᠡᠪᠡᠳᠴᠢᠨ ᠡᠭᠦᠰᠬᠦ ᠨᠣᠷᠮ᠎ᠠ ᠲᠠᠰᠤᠷᠠᠯᠲᠠ ᠥᠬᠡᠶ ᠳᠡᠭᠡᠭᠰᠢᠯᠡᠵᠦ ᠪᠠᠶᠢᠬᠤ ᠪᠥᠭᠡᠳ | ᠡᠪᠡᠳᠴᠢᠨ ᠡᠭᠦᠰᠬᠦ ᠨᠠᠰᠤ ᠨᠢ ᠡᠳᠦᠷ ᠢᠷᠡᠬᠦᠶ᠎ᠡ ᠵᠠᠯᠠᠭᠤᠵᠢᠵᠤ ᠪᠠᠶᠢᠨ᠎ᠠ᠂ ᠮᠠᠰᠢ ᠣᠯᠠᠨ ᠵᠠᠯᠠᠭᠤᠴᠤᠳ ᠮᠠᠷᠢᠶ᠎ᠠ | ᠰᠢᠭᠤᠷᠠᠭᠤᠯᠬᠤ ᠶᠠᠪᠤᠴᠠ ᠳᠤ ᠡᠯᠢᠭᠡ ᠥᠭᠡᠬᠦᠯᠡᠬᠦ ᠳᠤ ᠠᠪᠳᠠᠬᠳᠠᠵᠤ ᠪᠠᠶᠢᠨ᠎ᠠ᠃ | ᠡᠯᠢᠭᠡ ᠥᠭᠡᠬᠦᠯᠡᠬᠦ ᠶᠢ ᠪᠠᠰᠠ ᠥᠭᠡᠬᠦᠯᠡᠬᠦ ᠴᠢᠨᠠᠷᠲᠠᠶ ᠡᠯᠢᠭᠡᠨ ᠤ ᠡᠪᠡᠳᠴᠢᠨ ᠭᠡᠳᠡᠭ᠃ ᠬᠡᠪ ᠤᠨ ᠪᠠᠶᠢᠳᠠᠯ | ᠳᠣᠣᠷ᠎ᠠ᠂ ᠬᠥᠮᠦᠨ ᠤ ᠪᠡᠶ᠎ᠡ ᠶᠢᠨ ᠢᠯᠡᠭᠦᠴᠡ ᠡᠨᠧᠷᠭᠢ ᠥᠭᠡᠬᠦ ᠶᠢᠨ ᠬᠡᠯᠪᠡᠷᠢ ᠪᠠᠷ ᠬᠠᠳᠠᠭᠠᠯᠠᠭᠳᠠᠳᠠᠭ᠂ | ᠥᠭᠡᠬᠦᠨ ᠨᠡᠬᠡᠳᠡᠰᠦ ᠠᠴᠠ ᠭᠠᠳᠠᠨ᠎ᠠ᠂ ᠡᠯᠢᠭᠡ ᠪᠣᠯ ᠬᠠᠮᠤᠭ ᠶᠡᠭᠡ ᠥᠭᠡᠬᠦ ᠬᠠᠳᠠᠭᠠᠯᠠᠬᠤ ᠡᠷᠬᠡᠲᠡᠨ ᠪᠣᠯᠤᠨ᠎ᠠ᠃ | ᠡᠷᠡᠭᠦᠯ ᠬᠥᠮᠦᠨ ᠤ ᠡᠯᠢᠭᠡᠨ ᠳᠤ ᠪᠦᠷ ᠪᠠᠭ᠎ᠠ ᠬᠡᠮᠵᠢᠶᠡᠨ ᠤ ᠥᠭᠡᠬᠦ ᠪᠠᠶᠢᠳᠠᠭ᠂ ᠥᠭᠡᠬᠦ ᠶᠢᠨ ᠠᠭᠤᠯᠤᠭᠳᠠᠴᠠ | 5% ᠠᠴᠠ ᠬᠡᠲᠦᠷᠡᠪᠡᠯ ᠳᠠᠷᠤᠢ ᠡᠯᠢᠭᠡ ᠦᠭᠡᠬᠦᠯᠡᠯᠡ ᠭᠡᠵᠦ ᠦᠵᠡᠵᠦ ᠪᠣᠯᠤᠨ᠎ᠠ ᠬᠡᠪᠡ᠃ | ︽ᠣᠯᠠᠨ ᠢᠶᠠᠷ ᠢᠶᠠᠨ ᠶᠡᠷᠦ ᠳᠡᠭᠡᠨ ᠥᠭᠡᠬᠦ ᠬᠡᠲᠦᠷᠬᠡᠶ ᠠᠷᠪᠢᠨ ᠢᠳᠡᠳᠡᠭ᠂ ᠰᠢᠮ᠎ᠡ ᠲᠡᠵᠢᠭᠡᠯ ᠬᠡᠲᠦᠷᠡᠭᠰᠡᠨ | ᠬᠥᠮᠦᠨ ᠰᠠᠶ᠋ᠢ ᠡᠯᠢᠭᠡ ᠥᠭᠡᠬᠦᠯᠡᠬᠦ ᠡᠪᠡᠳᠴᠢᠨ ᠳᠤ ᠨᠡᠷᠪᠡᠭᠳᠡᠳᠡᠭ ᠭᠡᠵᠦ ᠦᠵᠡᠳᠡᠭ᠂ ᠦᠨᠡᠨ ᠳᠡᠭᠡᠨ ᠬᠡᠲᠦ ᠮᠠᠷᠢᠶ᠎ᠠ | ᠰᠢᠭᠤᠷᠠᠭᠤᠯᠬᠤ ᠪᠠ ᠬᠡᠲᠦ ᠲᠦᠷᠭᠡᠨ ᠮᠠᠷᠢᠶ᠎ᠠ ᠰᠢᠭᠤᠷᠠᠭᠤᠯᠬᠤ ᠨᠢ ᠪᠠᠰᠠ ᠡᠯᠢᠭᠡ ᠶᠢ ᠦᠭᠡᠭᠦᠯᠡᠬᠦᠯᠳᠡᠭ︾ ᠭᠡᠵᠦ | ᠦ᠋ ᠵᠢᠶᠠᠨ ᠫᠢᠩ ᠤᠨ ᠲᠠᠨᠢᠯᠴᠠᠭᠤᠯᠤᠭᠰᠠᠨ ᠢᠶᠠᠨ ᠵᠠᠯᠭᠠᠭᠠᠳ᠂ ᠢᠳᠡᠭᠡᠨ ᠤᠮᠳᠠᠭᠠᠨ ᠢᠶᠠᠨ ᠴᠢᠩᠭ᠎ᠠ ᠬᠢᠵᠠᠭᠠᠷᠯᠠᠬᠤ | ᠪᠤᠶᠤ ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ ᠤᠭᠤᠷᠠᠭ ᠤᠨ ᠰᠢᠩᠭᠡᠭᠡᠯᠲᠡ ᠪᠠᠭᠠᠰᠴᠤ᠂ ᠡᠭᠦᠨ ᠢ ᠲᠠᠭᠠᠯᠳᠤᠨ | ᠥᠭᠡᠬᠦᠨ ᠤᠭᠤᠷᠠᠭ ᠤᠨ ᠨᠡᠶᠢᠯᠡᠮᠠᠯ ᠥᠭᠡᠬᠦ ᠪᠠᠭᠠᠰᠳᠠᠭ᠂ ᠥᠭᠡᠬᠦᠨ ᠤᠭᠤᠷᠠᠭ ᠪᠣᠯ ᠨᠡᠶᠢᠯᠡᠮᠠᠯ ᠥᠭᠡᠬᠦ ᠶᠢ | ᠵᠥᠭᠡᠭᠡᠪᠦᠷᠢᠯᠡᠬᠦ ᠴᠢᠬᠤᠯᠠ ᠪᠦᠷᠢᠯᠳᠦᠬᠦᠨ ᠶᠤᠮ᠂ ᠡᠨᠡ ᠲᠠᠯ᠎ᠠ ᠶᠢᠨ ᠪᠣᠳᠠᠰ ᠨᠢ ᠪᠠᠭᠠᠰᠪᠠᠯ ᠡᠯᠢᠭᠡᠨ ᠤ ᠥᠭᠡᠬᠦ ᠶᠢᠨ | ᠬᠤᠷᠠᠮᠳᠤᠯ ᠢ ᠡᠭᠦᠰᠭᠡᠳᠡᠭ ᠬᠡᠵᠦ ᠬᠡᠯᠡᠪᠡ᠃ ᠦ᠋ ᠵᠢᠶᠠᠨ ᠫᠢᠩ᠄ ᠮᠠᠷᠢᠶ᠎ᠠ ᠰᠢᠭᠤᠷᠠᠭᠤᠯᠬᠤ ᠳᠠᠭᠠᠨ ᠳᠡᠩᠳᠡᠭᠦᠦ | ᠬᠤᠷᠳᠤᠨ ᠰᠢᠭᠤᠷᠠᠭᠤᠯᠵᠤ ᠪᠣᠯᠬᠤ ᠦᠭᠡᠢ᠂ ᠵᠠᠪᠠᠯ ᠠᠯᠬᠤᠮ ᠳᠠᠷᠠᠭ᠎ᠠ ᠲᠠᠢ ᠰᠢᠭᠤᠷᠠᠭᠤᠯᠬᠤ ᠬᠡᠷᠡᠭᠲᠡᠢ ᠬᠡᠵᠦ | ᠰᠠᠨᠠᠭᠤᠯᠪᠠ᠃ |