ᠠᠯᠠᠱᠠ ᠵᠡᠭᠦᠨ ᠬᠤᠰᠢᠭᠤ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠪᠠᠶᠢᠩᠭᠤᠵᠢᠬᠰᠠᠨ ᠵᠠᠭᠪᠤᠷ ᠢ ᠨᠡᠭᠡᠭᠡᠪᠡ
ᠨᠡᠶᠢᠲᠡᠯᠡᠭᠰᠡᠨ ᠴᠠᠭ᠄
2021/8/5
      ᠨᠢᠭᠡ ᠳᠤ᠂ ᠬᠠᠷᠢᠶ᠎ᠠ ᠣᠷᠣᠨ ᠤ ᠪᠠᠨ ᠵᠤᠨ ᠤ ᠠᠮᠠᠷᠠᠯᠲᠠ ᠶᠢᠨ ᠬᠤᠭᠤᠴᠠᠭᠠᠨ ᠳᠤ ᠠᠷᠢᠬᠢ ᠤᠤᠭᠤᠭᠠᠳ ᠲᠡᠷᠭᠡ ᠵᠢᠯᠣᠭᠤᠳᠬᠤ᠂ ᠦᠨᠡᠮᠯᠡᠯ ᠦᠭᠡᠶ ᠪᠠᠷ ᠲᠡᠷᠭᠡ ᠵᠢᠯᠣᠭᠤᠳᠬᠤ᠂ ᠫᠠᠶᠢᠰᠠ ᠲᠡᠮᠳᠡᠭ ᠦᠨᠡᠮᠯᠡᠯ ᠲᠠᠢ ᠬᠤᠯᠪᠣᠭ᠎ᠠ  ᠲᠠᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠵᠢᠮ᠎ᠡ ᠶᠣᠰᠣ ᠪᠣᠯᠤᠨ ᠣᠨᠴᠠᠯᠢᠭ ᠲᠠᠢ ᠤᠶᠠᠯᠳᠤᠭᠤᠯᠤᠨ᠂ ᠴᠠᠭᠳᠠᠭᠠᠨ ᠤ ᠬᠦᠴᠦᠨ᠂ ᠲᠣᠨᠤᠭ ᠲᠥᠬᠦᠭᠡᠷᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠡᠮᠦᠨ᠎ᠡ ᠹᠷᠣᠨᠲ ᠲᠤ ᠬᠠᠨᠳᠤᠭᠤᠯᠵᠤ᠂ ᠵᠠᠮ ᠤᠨ ᠴᠠᠭᠳᠠᠭᠠᠨ ᠤ ᠨᠣᠷᠮ᠎ᠠ ᠪᠣᠯᠤᠨ ᠬᠡᠷᠡᠭ ᠬᠠᠮᠢᠶᠠᠷᠬᠤ ᠨᠣᠷᠮ᠎ᠠ ᠶᠢ ᠳᠡᠭᠡᠭᠰᠢᠯᠡᠬᠦᠯᠦᠨ᠎ᠡ︔ ᠬᠤᠶᠠᠷ ᠲᠤ᠂ ᠤᠯᠤᠰ ᠪᠠ ᠮᠤᠵᠢ ᠶᠢᠨ ᠵᠠᠮ᠂ ᠬᠤᠲᠠ ᠶᠢᠨ ᠲᠣᠭᠤᠷᠢᠭ ᠤᠨ ᠭᠤᠣᠯᠳᠠᠯᠭ᠎ᠠ ᠲᠠᠢ ᠵᠠᠮ ᠤᠨ ᠬᠡᠰᠡᠭ ᠲᠤ ᠪᠠᠶᠢᠴᠠᠭᠠᠬᠤ ᠴᠡᠭ ᠭᠠᠷᠭᠠᠵᠤ᠂ ᠴᠠᠭᠳᠠᠨ ᠪᠠᠶᠢᠴᠠᠭᠠᠵᠤ ᠪᠠᠶᠢᠴᠠᠭᠠᠨ ᠰᠢᠢᠳᠪᠦᠷᠢᠯᠡᠬᠦ ᠪᠠ ᠴᠡᠭ ᠲᠣᠭᠲᠠᠭᠠᠨ ᠡᠭᠦᠷᠭᠡ ᠭᠦᠢᠴᠡᠳᠬᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ ᠲᠡᠷᠭᠡ ᠵᠢᠯᠣᠭᠤᠳᠤᠭᠰᠠᠨ᠂ ᠬᠤᠣᠷ᠎ᠠ ᠳᠠᠳᠠᠭᠠᠳ ᠳᠡᠷᠭᠡ ᠵᠢᠯᠣᠭᠤᠳᠣᠭᠰᠠᠨ ︽ᠭᠤᠷᠪᠠ ᠶᠢ ᠬᠡᠲᠦᠷᠡᠭᠦᠯᠵᠦ ᠶᠠᠳᠠᠷᠠᠭᠰᠠᠨ︾᠂ ᠫᠠᠶᠢᠰᠠ ᠦᠨᠡᠮᠯᠡᠯ ᠳᠤ ᠬᠤᠯᠪᠣᠭᠳᠠᠭᠰᠠᠨ᠂ ᠬᠡᠷᠡᠭᠯᠡᠭᠡᠨ ᠠᠴᠠ ᠭᠠᠷᠭᠠᠭᠰᠠᠨ  ᠮᠠᠰᠢᠨ ᠲᠡᠷᠭᠡ ᠶᠢ  ᠵᠢᠯᠣᠭᠤᠳᠣᠭᠰᠠᠨ᠂ ᠵᠢᠯᠣᠭᠤᠴᠢ ᠨᠢ ᠠᠮᠤᠷ ᠲᠦᠪᠰᠢᠨ ᠤ ᠪᠦᠰᠡ ᠪᠠᠨ ᠦᠯᠦ ᠪᠦᠰᠡᠯᠡᠭᠰᠡᠨ᠂ ᠠᠮᠤᠷ ᠲᠦᠪᠰᠢᠨ ᠤ ᠲᠤᠭᠤᠯᠭ᠎ᠠ ᠪᠠᠨ ᠦᠯᠦ ᠡᠮᠦᠰᠦᠭᠰᠡᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠴᠢᠩᠭ᠎ᠠ ᠰᠢᠢᠳᠪᠦᠷᠢᠯᠡᠨ᠎ᠡ︔ ᠭᠤᠷᠪᠠ ᠳᠤ᠂ ︽ᠣᠶᠣᠨᠴᠢ ᠵᠠᠮ ᠬᠠᠷᠢᠯᠴᠠᠭ᠎ᠠ︾ ᠶᠢᠨ ᠵᠢᠯᠣᠭᠤᠳᠬᠤ ᠲᠠᠪᠴᠠᠩ᠂ ᠬᠤᠷᠳᠤᠴᠠ ᠬᠡᠮᠵᠢᠬᠦ ᠰᠢᠯᠵᠢᠮᠡᠯ ᠬᠡᠮᠵᠢᠭᠦᠷᠯᠢᠭ ᠵᠡᠷᠭᠡ ᠬᠠᠤᠯᠢ ᠬᠡᠷᠡᠭᠵᠢᠭᠦᠯᠬᠦ ᠲᠥᠬᠦᠭᠡᠷᠦᠮᠵᠢ ᠪᠠᠷ ᠳᠠᠮᠵᠢᠭᠤᠯᠤᠨ ᠤᠯᠠᠭᠠᠨ ᠳ᠋ᠧᠩ ᠢ ᠬᠠᠶᠢᠬᠤᠷᠣᠯ ᠦᠬᠡᠢ ᠪᠠᠷ ᠬᠡᠳᠦᠯᠦᠭᠰᠡᠨ᠂ ᠬᠠᠤᠯᠢ ᠠᠴᠠ ᠵᠥᠷᠢᠴᠡᠨ ᠡᠷᠢᠶᠡᠨ ᠱᠤᠭᠤᠮ ᠳᠤ ᠶᠣᠰᠣ ᠪᠤᠰᠤ ᠪᠠᠷ ᠵᠠᠮ ᠲᠠᠯᠪᠢᠭᠰᠠᠨ ᠦᠬᠡᠢ᠂ ᠬᠤᠷᠳᠤᠴᠠ ᠬᠡᠲᠦᠷᠡᠭᠰᠡᠨ ᠵᠡᠷᠭᠡ ᠬᠠᠤᠯᠢ ᠠᠴᠠ ᠵᠥᠷᠢᠴᠡᠭᠰᠡᠨ  ᠣᠶᠢᠯᠡ ᠠᠵᠢᠯᠯᠠᠭ᠎ᠠ ᠶᠢ ᠦᠷᠭᠦᠯᠵᠢᠯᠡᠨ ᠴᠢᠩᠭ᠎ᠠ ᠪᠠᠶᠢᠴᠠᠭᠠᠨ ᠬᠦᠨᠳᠦ ᠪᠠᠷ ᠰᠢᠳᠬᠡᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号