8 ᠰᠠᠷ᠎ᠠ ᠶᠢᠨ 4 ᠤ ᠡᠳᠦᠷ᠂ ᠰᠤᠷᠪᠤᠯᠵᠢᠯᠠᠭᠴᠢ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠪᠥᠬᠦ ᠠᠶᠢᠮᠠᠭ ᠤᠨ ᠡᠯ᠎ᠡ ᠱᠠᠲᠤᠨ ᠤ ᠣᠶ ᠰᠢᠭᠤᠶ | ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ | ᠠᠵᠢᠯ ᠢ ᠦᠨᠡᠨᠬᠦ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠴᠢᠩᠭ᠎ᠠ | ᠰᠡᠷᠭᠡᠶᠢᠯᠡᠨ ᠪᠠᠳᠣ ᠰᠠᠬᠢᠵᠤ᠂ ᠣᠶ ᠰᠢᠭᠤᠶ ᠨᠤᠲᠤᠭ ᠪᠡᠯᠴᠢᠭᠡᠷ ᠤᠨ ᠣᠨᠴᠠ ᠶᠡᠭᠡ ᠳᠦᠢᠮᠡᠷ ᠭᠠᠷᠤᠭᠰᠠᠨ ᠥᠬᠡᠶ | ᠲᠡᠮᠳᠡᠭᠯᠡᠯ ᠢ 41 ᠵᠢᠯ ᠦᠷᠬᠦᠯᠵᠢᠯᠡᠨ ᠪᠠᠳᠣᠯᠠᠵᠦ᠂ ᠳᠦᠢᠮᠡᠷ ᠢ ᠰᠡᠷᠭᠡᠶᠢᠯᠡᠬᠦ ᠶᠡᠷᠦᠩᠬᠡᠶ ᠪᠠᠶᠢᠳᠠᠯ ᠲᠣᠭᠲᠠᠭᠤᠨ | ᠪᠠᠶᠢᠳᠠᠯ ᠢᠶᠠᠨ ᠪᠠᠲᠤᠯᠠᠪᠠ᠃ | | | | | | | | | | | | | | ᠡᠨᠡ ᠵᠢᠯ ᠠᠴᠠ ᠨᠠᠰᠢ᠂ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠠᠵᠢᠯ ᠤᠨ | ᠤᠬᠠᠭᠤᠯᠭ᠎ᠠ ᠶᠢᠨ ᠠᠵᠢᠯ ᠤᠨ ᠲᠥᠰᠦᠯ᠂ ︽ᠠᠶᠤᠯ ᠥᠬᠡᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ | ᠲᠥᠰᠦᠯ ᠶᠣᠰᠣᠭᠠᠷ᠂ ᠪᠥᠬᠦ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠣᠯᠠᠨ ᠶᠠᠩᠵᠤ | ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ | ᠳᠦᠢᠮᠡᠷ ᠢ ᠰᠡᠷᠭᠡᠶᠢᠯᠡᠬᠦ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠰᠢᠨᠵᠢᠯᠡᠬᠦ ᠤᠬᠠᠭᠠᠨ ᠤ | ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠳᠦᠢᠮᠡᠷ ᠢ ᠰᠡᠷᠭᠡᠶᠢᠯᠡᠬᠦ ᠤᠬᠠᠮᠰᠠᠷ ᠪᠠ ᠠᠮᠤᠷ ᠲᠦᠪᠰᠢᠨ ᠤ | ᠳᠣᠬᠠᠢ ᠳᠠᠨᠢᠯᠳᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠠᠪᠤᠷ ᠤᠨ ᠰᠡᠷᠭᠡᠶᠢᠯᠡᠯᠲᠡ ᠶᠢᠨ | ᠬᠤᠭᠤᠴᠠᠭᠠᠨ ᠳᠤ᠂ ᠪᠥᠬᠦ ᠠᠶᠢᠮᠠᠭ ᠳᠦᠢᠮᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠨᠡᠶᠢᠲᠡ | 41 ᠤᠳᠠᠭ᠎ᠠ ᠵᠣᠬᠢᠶᠠᠨ ᠪᠠᠶᠢᠭᠤᠯᠵᠤ᠂ ᠳᠦᠢᠮᠡᠷ ᠢ ᠰᠡᠷᠭᠡᠶᠢᠯᠡᠬᠦ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ | ᠲᠦᠮᠡ ᠭᠠᠷᠤᠶ ᠬᠤᠪᠢ ᠲᠠᠷᠬᠠᠭᠠᠵᠤ᠂ 240 ᠬᠤᠪᠢ ᠤᠬᠠᠭᠤᠯᠭ᠎ᠠ ᠶᠢᠨ ᠬᠠᠭᠤᠳᠠᠰᠤ ᠶᠢ ᠡᠯᠭᠦᠵᠦ᠂ 10 ᠲᠦᠮᠡ | ᠭᠠᠷᠤᠶ ᠵᠤᠷᠪᠤᠰ ᠰᠠᠨᠠᠭᠤᠯᠤᠮᠵᠢ ᠥᠭᠴᠦ᠂ ᠬᠥᠮᠦᠨ ᠪᠦᠬᠦᠨ ᠠᠩᠬᠠᠷᠤᠭᠰᠠᠨ᠂ ᠪᠥᠬᠦ ᠠᠷᠠᠳ ᠢᠶᠠᠷ ᠢᠶᠠᠨ ᠣᠶ | ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠠᠵᠢᠯ ᠳᠤ ᠣᠷᠣᠯᠴᠠᠭᠰᠠᠨ ᠶᠠᠷᠢᠶ᠎ᠠ ᠬᠡᠯᠡᠯᠴᠡᠭᠡᠨ ᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | | | | | | | | | | | | | | | | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ | ᠡᠨᠡ ᠵᠢᠯ ᠤᠨ 3 ᠰᠠᠷ᠎ᠠ ᠳᠤ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠣᠶ ᠰᠢᠭᠤᠶ ᠨᠤᠲᠤᠭ | ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠠᠯᠪᠠᠨ ᠬᠡᠷ ᠢ ᠪᠠᠶᠢᠭᠤᠯᠵᠤ᠂ ᠲᠤᠰᠬᠠᠶ ᠬᠥᠮᠦᠨ ᠳᠣᠭᠢᠷᠠᠭᠤᠯᠤᠨ ᠳᠦᠢᠮᠡᠷ ᠢ | ᠰᠡᠷᠭᠡᠶᠢᠯᠡᠬᠦ ᠠᠵᠢᠯ ᠢ ᠥᠷᠨᠢᠭᠦᠯᠪᠡ᠃ ᠡᠭᠦᠨ ᠤ ᠬᠠᠮᠲᠤ᠂ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ ᠬᠢᠭᠡᠳ ᠬᠤᠰᠢᠭᠤ ︵ᠲᠣᠭᠤᠷᠢᠭ︶ ᠶᠢᠨ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ᠂ | ᠬᠤᠰᠢᠭᠤ ︵ᠨᠡᠭᠡᠭᠡᠯᠳᠡ ᠶᠢᠨ ᠣᠷᠣᠨ︶ ᠶᠢᠨ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠬᠢᠭᠡᠳ | ᠰᠤᠮᠤ ᠪᠠᠯᠭᠠᠰᠤ ᠵᠢᠴᠢ ᠬᠠᠮᠢᠶᠠᠷᠤᠨ ᠬᠠᠮᠠᠭᠠᠯᠠᠬᠤ ᠨᠢᠭᠡᠴᠡ᠂ ᠡᠯ᠎ᠡ ᠬᠠᠮᠢᠶᠠᠷᠤᠨ ᠬᠠᠮᠠᠭᠠᠯᠠᠬᠤ ᠨᠢᠭᠡᠴᠡ ᠬᠢᠭᠡᠳ | ᠬᠠᠷᠢᠶ᠎ᠠ ᠪᠥᠬᠦᠶ ᠦᠢᠯᠡᠳᠪᠦᠷᠢ ᠠᠭᠤᠷᠬᠠᠶ ᠵᠢᠭᠤᠯᠴᠢᠯᠠᠯ ᠤᠨ ᠠᠵᠤ ᠠᠬᠤᠶᠢᠯᠠᠯ᠂ ᠦᠨᠳᠦᠰᠦᠨ ᠱᠠᠲᠤᠨ ᠤ | ᠬᠠᠮᠢᠶᠠᠷᠤᠨ ᠬᠠᠮᠠᠭᠠᠯᠠᠬᠤ ᠥᠷᠲᠡᠭᠡ ᠬᠢᠭᠡᠳ ᠣᠶ ᠰᠢᠭᠤᠶ ᠬᠠᠮᠠᠭᠠᠯᠠᠭᠴᠢ ᠲᠠᠰ ᠲᠠᠰ ᠢᠶᠠᠷ ᠳᠦᠢᠮᠡᠷ ᠢ ᠰᠡᠷᠭᠡᠶᠢᠯᠡᠬᠦ | ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠬᠠᠷᠢᠭᠤᠴᠠᠯᠭ᠎ᠠ ᠨᠢ | ᠬᠥᠮᠦᠨ ᠳᠤᠨᠢ ᠬᠥᠷᠬᠦ ᠶᠢ ᠦᠨᠡᠨᠬᠦ ᠪᠠᠳᠣᠯᠠᠪᠠ᠃ ᠳᠦᠢᠮᠡᠷ ᠢ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠣᠶ | ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠲᠣᠪᠴᠢᠶ᠎ᠠ ᠨᠢ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠲᠣᠭᠤᠷᠢᠨ | ᠬᠠᠮᠠᠭᠠᠯᠠᠬᠤ ᠲᠦᠷᠢᠮ ᠶᠣᠰᠣᠭᠠᠷ ᠬᠡᠭᠡᠷ᠎ᠡ ᠭᠠᠳᠠᠨ᠎ᠠ ᠲᠣᠭᠤᠷᠢᠨ ᠬᠠᠮᠠᠭᠠᠯᠠᠬᠤ ᠶᠢ ᠵᠣᠬᠢᠶᠠᠨ ᠪᠠᠶᠢᠭᠤᠯᠵᠤ᠂ ᠠᠯᠤᠰ | ᠡᠵᠡᠮᠰᠢᠯᠲᠦ ᠡᠯᠧᠺᠲᠷᠣᠨ ᠢᠶᠠᠷ ᠬᠢᠨᠠᠨ ᠡᠵᠡᠮᠳᠡᠬᠦ ᠶᠢ ᠠᠰᠢᠭᠯᠠᠨ᠂ ᠬᠠᠷᠢᠶᠠᠲᠤ ᠣᠷᠣᠨ ᠤ ᠬᠥᠮᠦᠰ ᠤᠨ ᠣᠷᠣᠵᠤ | ᠭᠠᠷᠬᠤ ᠪᠠ ᠳᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠢᠨᠠᠨ ᠬᠡᠮᠵᠢᠪᠡ᠃ ︽ᠪᠢᠳᠡ ᠪᠠᠰᠠ | ᠲᠣᠪᠴᠢ ᠮᠡᠳᠡᠭᠡ᠂ ᠱᠠᠲᠤ ᠦᠶᠡᠴᠢ ᠴᠢᠨᠠᠷᠲᠠᠶ ᠠᠵᠢᠯ ᠤᠨ ᠳ᠋ᠦᠩᠨᠡᠯᠲᠡ ᠪᠠ ᠳᠦᠢᠮᠡᠷ ᠥᠯᠥ ᠡᠭᠦᠰᠦᠭᠰᠡᠨ ᠪᠠᠶᠢᠳᠠᠯ ᠢ | ᠮᠡᠳᠡᠭᠦᠯᠬᠦ ᠲᠦᠷᠢᠮ ᠢᠶᠠᠷ ᠳᠠᠮᠵᠢᠭᠤᠯᠤᠨ᠂ ᠬᠠᠪᠤᠷ ᠤᠨ ᠤᠯᠠᠷᠢᠯ ᠤᠨ ᠳᠦᠢᠮᠡᠷ ᠢ ᠰᠡᠷᠭᠡᠶᠢᠯᠡᠬᠦ ᠠᠵᠢᠯ ᠢ ᠮᠥᠷᠳᠡᠨ | ᠬᠢᠨᠠᠨ ᠬᠡᠮᠵᠢᠵᠦ᠂ ᠳᠦᠢᠮᠡᠷ ᠢ ᠰᠡᠷᠭᠡᠶᠢᠯᠡᠬᠦ ᠬᠤᠭᠤᠴᠠᠭᠠᠨ ᠳᠤ 10 ᠡᠳᠦᠷ ᠪᠦᠷᠢ ᠨᠢᠭᠡ ᠤᠳᠠᠭ᠎ᠠ ᠠᠬᠢᠴᠠ ᠶᠢᠨ | ᠪᠠᠶᠢᠳᠠᠯ ᠢ ᠮᠡᠳᠡᠭᠦᠯᠦᠨ ᠬᠦᠷᠭᠡᠵᠦ᠂ ᠡᠳᠦᠷ ᠪᠦᠷᠢ ᠨᠢᠭᠡ ᠤᠳᠠᠭ᠎ᠠ ᠳᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ | ᠮᠡᠳᠡᠭᠦᠯᠪᠡ᠃ ᠲᠦᠢᠮᠡᠷ ᠤᠨ ᠪᠠᠶᠢᠳᠠᠯ ᠢ ᠬᠢᠨᠠᠨ ᠬᠡᠮᠵᠢᠬᠦ ᠡᠬᠡ ᠳᠠᠩᠰᠠ ᠶᠢ ᠪᠠᠶᠢᠭᠤᠯᠵᠤ᠂ ︿ᠳᠦᠢᠮᠡᠷ ᠡᠭᠦᠰᠪᠡᠯ | ᠮᠡᠳᠡᠭᠦᠯᠬᠦ﹀ ︿ᠮᠡᠳᠡᠭᠦᠯᠬᠦ ᠪᠠ ᠣᠨᠳᠠᠷᠠᠭᠠᠬᠤ ᠶᠢ ᠵᠡᠷᠭᠡ ᠳᠤᠨᠢ ᠪᠡᠶᠡᠯᠡᠬᠦᠯᠬᠦ﹀ ᠳᠦᠷᠢᠮ ᠢ ᠬᠡᠷᠡᠭᠵᠢᠭᠦᠯᠵᠦ᠂ | ᠲᠦᠢᠮᠡᠷ ᠤᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠳᠡᠭᠡᠭᠰᠢ ᠮᠡᠳᠡᠭᠦᠯᠪᠡ᠃ ︿ᠳᠦᠢᠮᠡᠷ ᠢ ᠰᠡᠷᠭᠡᠶᠢᠯᠡᠬᠦ ᠺᠣᠳ᠋﹀ | ᠪᠠ ︿ᠢᠨᠲ᠋ᠧᠷ ᠰᠦᠯᠵᠢᠶ᠎ᠡ + ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠳᠣᠬᠠᠢ | ᠰᠢᠮᠳᠠᠭᠤᠯᠤᠨ ᠪᠠᠶᠢᠴᠠᠭᠠᠬᠤ﹀ ᠮᠡᠳᠡᠭᠡ ᠵᠠᠩᠭᠢ ᠶᠢᠨ ᠰᠢᠰᠲ᠋ᠧᠮ ᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ᠣᠶ | ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠰᠢᠨᠵᠢᠯᠡᠭᠡ ᠮᠡᠷᠭᠡᠵᠢᠯ ᠤᠨ ᠬᠢᠷᠢ ᠳᠦᠪᠰᠢᠨ ᠢ ᠲᠠᠰᠤᠷᠠᠯᠲᠠ | ᠥᠬᠡᠶ ᠳᠡᠭᠡᠭᠰᠢᠯᠡᠬᠦᠯᠪᠡ︾ ᠭᠡᠵᠦ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ | ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠠᠯᠪᠠᠨ ᠬᠡᠷ ᠤᠨ ᠳᠡᠳ᠋ ᠡᠷᠬᠢᠯᠡᠭᠴᠢ ᠮᠠ ᠶᠤᠸᠠᠢ | ᠰᠤᠷᠪᠤᠯᠵᠢᠯᠠᠭᠴᠢ ᠳᠤ ᠬᠡᠯᠡᠪᠡ᠃ | ᠡᠨᠡ ᠵᠢᠯ ᠠᠴᠠ ᠨᠠᠰᠢ᠂ ᠪᠥᠬᠦ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠬᠢᠨ | ᠳᠦᠢᠮᠡᠷ ᠤᠨ ᠡᠭᠦᠰᠦᠯ ᠤᠨ ᠳᠣᠬᠠᠢ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠡᠭᠡᠷ᠎ᠡ ᠭᠠᠳᠠᠨᠠᠬᠢ | ᠳᠦᠢᠮᠡᠷ ᠤᠨ ᠡᠭᠦᠰᠦᠯ ᠢ ᠵᠠᠰᠠᠬᠤ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠭᠤᠶᠢᠲᠤ | ᠣᠷᠣᠨ ᠤ ᠴᠠᠬᠢᠯᠭᠠᠨ ᠣᠳᠠᠰᠣᠨ ᠪᠠᠭᠠᠨ᠎ᠠ ᠵᠢᠴᠢ ᠬᠠᠮᠢᠶᠠᠷᠴᠤ ᠬᠠᠮᠠᠭᠠᠯᠠᠬᠤ ᠥᠷᠲᠡᠭᠡ ᠴᠡᠭ ᠤᠨ ᠠᠮᠢᠳᠤᠷᠠᠯ ᠪᠠ | ᠳᠤᠯᠠᠭᠠᠯᠠᠭ᠎ᠠ ᠳᠤ ᠭᠠᠯ ᠬᠡᠷᠡᠭᠯᠡᠬᠦ ᠠᠴᠠ ᠪᠣᠯᠣᠭᠰᠠᠨ ᠬᠡᠮ ᠰᠣᠭᠤᠭ ᠢ ᠭᠤᠤᠯᠳᠠᠯᠭ᠎ᠠ ᠲᠠᠢ ᠵᠢᠭᠰᠠᠭᠠᠨ | ᠪᠠᠶᠢᠴᠠᠭᠠᠬᠤ ᠶᠢᠨ ᠬᠠᠮᠲᠤ ᠰᠢᠭᠤᠶᠢᠲᠤ ᠣᠷᠣᠨ᠂ ᠬᠤᠲᠠ ᠪᠠᠯᠭᠠᠰᠤᠨ ᠤ ᠡᠷᠬᠢᠨ ᠲᠣᠭᠤᠷᠢᠨ ᠤ ᠵᠠᠮ ᠤᠨ | ᠬᠠᠵᠠᠭᠤ ᠶᠢᠨ ᠡᠯᠳᠡᠪ ᠡᠪᠡᠰᠦ ᠵᠡᠷᠭᠡ ᠶᠢ ᠲᠥᠪᠯᠡᠷᠡᠭᠦᠯᠦᠨ ᠴᠡᠪᠡᠷᠯᠡᠵᠦ᠂ ᠳᠦᠢᠮᠡᠷ ᠤᠨ ᠠᠶᠣᠯ ᠢ ᠡᠭᠦᠰᠭᠡᠵᠦ ᠮᠡᠳᠡᠬᠦ | ᠬᠡᠮ ᠰᠣᠭᠤᠭ ᠢ ᠨᠡᠶᠢᠲᠡ 440 ᠭᠠᠵᠠᠷ ᠢ ᠴᠡᠭᠴᠡᠯᠡᠨ ᠰᠠᠶᠢᠵᠢᠷᠠᠭᠤᠯᠪᠠ᠃ | | | | | | |