ᠴᠠᠷᠭᠠᠰᠤ ᠲᠠᠷᠢᠪᠠᠯ ᠮᠦ ᠪᠦᠷᠢ ᠳᠤ 600 ᠲᠦᠬᠦᠷᠢᠭ ᠤᠨ ᠨᠦᠬᠦᠪᠤᠷᠢ ᠲᠠᠢ
ᠨᠡᠶᠢᠲᠡᠯᠡᠭᠰᠡᠨ ᠴᠠᠭ᠄
2021/8/5
                        — ᠮᠠᠯᠴᠢᠨ ᠳᠠᠷᠢᠶᠠᠴᠢᠨ ᠳᠤ ᠠᠰᠢᠭ ᠬᠦᠷᠳᠡᠭᠡᠭᠦ ᠲᠦᠷᠦ ᠶᠢᠨ ᠪᠤᠳᠤᠯᠭ᠎ᠠ ᠶᠢᠨ ᠳᠤᠬᠠᠢ ᠰᠢᠷᠢᠰ ᠰᠤᠷᠪᠤᠯᠵᠢᠯᠠᠭ᠎ᠠ       ᠬᠦᠮᠦᠨ ᠬᠤᠭᠤᠯᠠ ᠪᠠᠷ ᠬᠦᠯᠦᠭ ᠡᠪᠡᠰᠤ ᠪᠠᠷ ᠬᠡᠳᠡᠭ᠂ ᠰᠦᠯ ᠰᠠᠶᠢᠳᠠᠢ ᠴᠠᠷᠭᠠᠰᠤ ᠪᠤᠯ ᠰᠠᠭᠠᠯᠢ ᠶᠢᠨ ᠦᠨᠢᠶ᠎ᠡ ᠶᠢᠨ ᠰᠦ ᠶᠢᠨ ᠭᠠᠷᠤᠯᠳᠠ ᠪᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠵᠠᠩᠬᠢᠯᠠᠭ᠎ᠠ ᠪᠤᠯᠤᠨ᠎ᠠ᠃ ᠤᠢᠢᠷ᠎ᠠ ᠶᠢᠨ ᠵᠢᠯ ᠳᠤ᠂ ᠤᠯᠤᠰ ᠤᠷᠤᠨ ᠠᠴᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ ᠶᠢ ᠳᠠᠭᠠᠯᠳᠤᠨ ᠮᠠᠨ ᠤ ᠤᠷᠤᠨ ᠤ ᠴᠠᠷᠭᠠᠰᠤ ᠡᠪᠡᠰᠤᠨ ᠤ ᠠᠵᠤ ᠦᠢᠯᠡᠰ ᠢᠳᠡᠪᠬᠢ ᠬᠦᠭᠵᠢᠯᠳᠡ ᠲᠠᠢ ᠪᠤᠯᠵᠠᠢ᠃     ᠮᠠᠨ ᠤ ᠤᠯᠤᠰ ᠰᠦ ᠶᠢᠨ ᠦᠢᠯᠡᠰ ᠤᠨ ᠦᠢᠯᠡᠳᠪᠦᠷᠢᠯᠡᠯ ᠪᠠ ᠶᠠᠰᠤ ᠴᠢᠨᠠᠷ ᠤᠨ ᠠᠮᠤᠷ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ 2012 ᠣᠨ ᠠᠴᠠ ᠡᠬᠢᠯᠡᠨ ︽ᠰᠦ ᠶᠢᠨ ᠦᠢᠯᠡᠰ ᠢ ᠬᠥᠭᠵᠢᠭᠦᠯᠤᠨ ᠮᠠᠨᠳᠤᠭᠤᠯᠵᠤ ᠴᠠᠷᠭᠠᠰᠤ ᠲᠠᠷᠢᠬᠤ ᠦᠢᠯᠡᠰ ᠢ ᠬᠦᠭᠵᠢᠬᠦᠯᠬᠦ ᠠᠵᠢᠯᠯᠠᠭ᠎ᠠ︾ ᠦᠷᠨᠢᠬᠦᠯᠵᠤ᠂ ᠰᠠᠭᠠᠯᠢ ᠶᠢᠨ ᠦᠨᠢᠶ᠎ᠡ ᠶᠢᠨ ᠭᠤᠤᠯ ᠭᠠᠷᠤᠯᠳᠠ ᠶᠢᠨ ᠮᠤᠵᠢ ᠤᠷᠤᠨ ᠪᠤᠯᠤᠨ ᠴᠠᠷᠭᠠᠰᠤ ᠲᠠᠷᠢᠬᠤ ᠳᠠᠪᠠᠭᠤᠯᠢᠭᠳᠤ ᠤᠷᠤᠨ ᠳᠤ ᠦᠨᠳᠦᠷ ᠤᠨᠠᠯᠳᠠ ᠲᠠᠢ ᠰᠦᠯ ᠰᠠᠶᠢᠳᠠᠢ ᠴᠠᠷᠭᠠᠰᠤ ᠡᠪᠡᠰᠤ ᠶᠢᠨ ᠵᠢᠱᠢᠶ᠎ᠠ ᠦᠵᠡᠭᠦᠯᠬᠦ ᠰᠠᠭᠤᠷᠢᠨ ᠤ ᠪᠦᠳᠦᠭᠡᠨ ᠪᠠᠶᠢᠭᠤᠯᠤᠯᠳᠠ ᠶᠢ ᠳᠡᠮᠵᠢᠪᠡ᠃ ᠲᠥᠪ ᠤᠨ ᠡᠳ᠋ ᠤᠨ ᠵᠠᠰᠠᠭ ᠠᠴᠠ ᠵᠢᠯ ᠪᠦᠷᠢ 3 ᠳ᠋ᠦᠩᠰᠢᠭᠤᠷ ᠲᠥᠭᠦᠷᠢᠭ ᠤᠨ ᠳᠤᠰᠬᠠᠢ ᠪᠡᠯᠡ ᠮᠦᠩᠭᠦ ᠳᠣᠭᠢᠷᠠᠭᠤᠯᠤᠨ 50 ᠲᠦᠮᠡᠨ ᠮᠥ ᠶᠢᠨ ᠥᠨᠳᠥᠷ ᠤᠨᠠᠯᠲᠠ ᠲᠠᠢ ᠰᠦᠯ ᠰᠠᠶᠢᠲᠠᠶ ᠴᠠᠷᠭᠠᠰᠤ ᠲᠠᠷᠢᠬᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠳᠠ ᠶᠢ ᠳᠡᠮᠵᠢᠭᠰᠡᠨ ᠪᠠᠶᠢᠨ᠎ᠠ᠃ 2019 ᠣᠨ ᠳᠤ᠂ ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠵᠦ᠂ ᠨᠥᠬᠦᠪᠥᠷᠢ ᠤᠯᠭᠤᠬᠤ ᠪᠠᠷ ᠲᠣᠬᠢᠷᠠᠭᠤᠯᠤᠭᠰᠠᠨ ᠴᠠᠷᠭᠠᠰᠤ ᠶᠢᠨ ᠲᠠᠯᠠᠪᠠᠶ ᠶᠢ 50 ᠲᠦᠮᠡᠨ ᠮᠥ ᠪᠠᠶᠢᠭᠰᠠᠨ ᠠᠴᠠ 100 ᠲᠦᠮᠡᠨ ᠮᠥ ᠠᠴᠠ ᠳᠡᠭᠡᠭᠰᠢ ᠪᠣᠯᠭᠠᠨ ᠥᠷᠭᠡᠳᠬᠡᠵᠦ᠂ ᠨᠦᠭᠦᠪᠦᠷᠢ ᠤᠯᠭᠤᠬᠤ ᠪᠠᠯᠠ ᠮᠥᠩᠭᠦ ᠶᠢ 3 ᠳ᠋ᠦᠩᠰᠢᠭᠤᠷ ᠲᠥᠭᠦᠷᠢᠭ ᠪᠠᠶᠢᠭᠰᠠᠨ ᠠᠴᠠ 6 ᠳ᠋ᠦᠩᠰᠢᠭᠤᠷ ᠲᠥᠭᠦᠷᠢᠭ ᠪᠣᠯᠭᠠᠨ ᠨᠡᠮᠡᠭᠳᠡᠭᠦᠯᠵᠠᠢ᠃ 2020 ᠣᠨ ᠳᠤ ᠨᠦᠬᠦᠪᠤᠷᠢ ᠶᠢᠨ ᠬᠡᠪᠴᠢᠶ᠎ᠡ ᠪᠠ ᠨᠥᠬᠦᠪᠥᠷᠢ ᠶᠢᠨ ᠪᠠᠷᠢᠮᠵᠢᠶ᠎ᠠ ᠶᠢ ᠬᠤᠪᠢᠷᠠᠭᠤᠯᠤᠭᠰᠠᠨ ᠥᠬᠡᠶ᠂ ᠡᠨᠡ ᠵᠢᠯ ᠡᠨᠡ ᠬᠦ ᠲᠥᠷᠥ ᠶᠢᠨ ᠪᠣᠳᠣᠯᠭ᠎ᠠ ᠶᠢ ᠮᠦᠨ ᠬᠦ ᠦᠷᠭᠦᠯᠵᠢᠯᠡᠨ ᠬᠡᠷᠡᠭᠵᠢᠭᠦᠯᠵᠤ ᠪᠠᠶᠢᠨ᠎ᠠ᠃     ︽ᠰᠦ ᠶᠢᠨ ᠦᠢᠯᠡᠰ ᠢ ᠬᠥᠭᠵᠢᠭᠦᠯᠤᠨ ᠮᠠᠨᠳᠤᠭᠤᠯᠵᠤ ᠴᠠᠷᠭᠠᠰᠤ ᠲᠠᠷᠢᠬᠤ ᠦᠢᠯᠡᠰ ᠢ ᠬᠦᠭᠵᠢᠬᠦᠯᠬᠦ ᠠᠵᠢᠯᠯᠠᠭ᠎ᠠ︾ ᠶᠢᠨ ᠲᠥᠷᠥᠯ ᠵᠦᠢᠯ ᠤᠨ ᠨᠥᠬᠦᠪᠥᠷᠢ ᠤᠯᠭᠤᠬᠤ ᠠᠭᠤᠯᠭ᠎ᠠ ᠳᠤ ᠪᠠᠭᠲᠠᠭᠠᠮᠵᠢ ᠶᠡᠭᠡᠳᠠᠢ ᠡᠪᠡᠰᠦ ᠨᠦᠬᠡᠴᠡᠯᠡᠬᠦ ᠰᠠᠷᠠᠪᠴᠢ᠂ ᠣᠪᠣᠭᠠᠯᠠᠨ ᠬᠠᠳᠠᠭᠠᠯᠠᠬᠤ ᠲᠠᠯᠠᠪᠠᠶ᠂ ᠬᠦᠭᠡ ᠳᠠᠷᠤᠰᠢ ᠶᠢᠨ ᠵᠣᠭᠤᠷᠢ ᠵᠡᠷᠭᠡ ᠶᠢ ᠪᠠᠭᠲᠠᠭᠠᠵᠤ ᠪᠤᠢ᠂ ᠮᠠᠨ ᠤ ᠤᠷᠤᠨ ᠢ ᠪᠠᠭᠳᠠᠭᠠᠭᠰᠠᠨ ᠬᠡᠰᠡᠭ ᠭᠠᠵᠠᠷ ᠣᠷᠣᠨ ᠤ ᠬᠢᠨ ᠪᠠᠰᠠ ᠨᠤᠲᠤᠭ ᠪᠡᠯᠴᠢᠭᠡᠷ ᠤᠨ ᠬᠠᠮᠠᠭᠠᠯᠠᠯᠲᠠ ᠬᠢᠭᠡᠳ ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠪᠠᠯᠠ ᠮᠥᠩᠭᠦ ᠶᠢᠨ ᠲᠥᠷᠥᠯ ᠵᠦᠢᠯ ᠳᠤ ᠲᠦᠰᠢᠭᠯᠡᠵᠤ᠂ ᠴᠠᠷᠭᠠᠰᠤ ᠮᠡᠳᠤ ᠶᠢᠨ ᠰᠦᠯ ᠰᠠᠶᠢᠳᠠᠢ ᠡᠪᠡᠰᠦ ᠪᠤᠷᠳᠤᠭ᠎ᠠ ᠶᠢ ᠬᠥᠮᠥᠷᠭᠡᠯᠡᠨ ᠬᠠᠳᠠᠭᠠᠯᠠᠬᠤ ᠰᠠᠭᠤᠷᠢ ᠲᠦᠭᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠤ ᠪᠠᠶᠢᠨ᠎ᠠ᠃     ᠤᠯᠤᠰ ᠠᠴᠠ ︽ᠰᠦ ᠶᠢᠨ ᠦᠢᠯᠡᠰ ᠢ ᠬᠥᠭᠵᠢᠭᠦᠯᠤᠨ ᠮᠠᠨᠳᠤᠭᠤᠯᠵᠤ ᠴᠠᠷᠭᠠᠰᠤ ᠲᠠᠷᠢᠬᠤ ᠦᠢᠯᠡᠰ ᠢ ᠬᠦᠭᠵᠢᠬᠦᠯᠬᠦ ᠠᠵᠢᠯᠯᠠᠭ᠎ᠠ︾ ᠶᠢᠨ ᠲᠥᠷᠥᠯ ᠵᠦᠢᠯ ᠢᠶᠠᠷ ᠴᠠᠷᠭᠠᠰᠤ ᠡᠪᠡᠰᠤ ᠶᠢᠨ ᠰᠠᠶᠢᠨ ᠡᠭᠦᠯᠳᠡᠷ ᠢ ᠪᠤᠶᠢᠵᠢᠭᠤᠯᠬᠤ ᠶᠢ ᠬᠦᠴᠤᠯᠡᠨ ᠳᠡᠮᠵᠢᠵᠦ᠂ ᠥᠨᠳᠥᠷ ᠤᠨᠠᠯᠲᠠ ᠲᠠᠢ ᠰᠦᠯ ᠰᠠᠶᠢᠲᠠᠶ ᠴᠠᠷᠭᠠᠰᠤ ᠡᠪᠡᠰᠤ ᠶᠢᠨ ᠰᠠᠶᠢᠨ ᠦᠷ᠎ᠡ ᠶᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠳᠤᠳᠤᠭᠠᠳᠤᠬᠢ ᠴᠢᠨᠠᠷ ᠰᠠᠶᠢᠲᠠᠶ ᠤᠤᠯ ᠡᠭᠦᠯᠳᠡᠷ ᠤᠨ ᠴᠠᠷᠭᠠᠰᠤ ᠲᠠᠷᠢᠬᠤ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠳᠤᠳᠤᠭᠠᠳᠤᠬᠢ ᠰᠦᠯ ᠰᠠᠶᠢᠲᠠᠶ ᠴᠠᠷᠭᠠᠰᠤ ᠡᠪᠡᠰᠤ ᠶᠢᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠳᠤ ᠰᠦᠯ ᠰᠠᠶᠢᠲᠠᠶ ᠴᠠᠷᠭᠠᠰᠤ ᠡᠪᠡᠰᠤ ᠶᠢᠨ ᠰᠠᠶᠢᠨ ᠦᠷ᠎ᠠ ᠶᠢᠨ ᠬᠠᠩᠭᠠᠯᠭ᠎ᠠ ᠪᠠᠴᠢᠮ ᠪᠠᠶᠢᠬᠤ ᠪᠠᠶᠢᠳᠠᠯ ᠢ ᠨᠠᠮᠳᠠᠭᠤᠯᠪᠠ᠃     ᠴᠠᠷᠭᠠᠰᠤ ᠲᠠᠷᠢᠬᠤ ᠦᠢᠯᠡᠰ ᠢ ᠬᠦᠭᠵᠢᠬᠦᠯᠬᠦ ᠲᠦᠷᠦ ᠶᠢᠨ ᠪᠤᠳᠤᠯᠭ᠎ᠠ ᠶᠢᠨ ᠬᠦᠴᠦᠳᠠᠢ ᠳᠡᠮᠵᠢᠭᠡ ᠨᠢ ᠮᠠᠨ ᠤ ᠤᠷᠤᠨ ᠤ ᠰᠦ ᠶᠢᠨ ᠦᠢᠯᠡᠰ ᠤᠨ ᠬᠦᠭᠵᠢᠯᠳᠡ᠂ ᠮᠠᠯᠴᠢᠨ ᠳᠠᠷᠢᠶᠠᠴᠢᠨ ᠤ ᠤᠷᠤᠯᠭ᠎ᠠ ᠶᠢᠨ ᠨᠡᠮᠡᠭᠳᠡᠯ ᠪᠤᠯᠤᠨ ᠤᠷᠴᠢᠨ ᠳᠤᠭᠤᠷᠢᠨ ᠤ ᠰᠠᠶᠢᠵᠢᠷᠠᠯᠳᠠ ᠶᠢ ᠬᠦᠴᠦᠳᠠᠢ ᠠᠬᠢᠭᠤᠯᠪᠠ᠃ ᠮᠠᠨ ᠤ ᠣᠷᠣᠨ 500 ᠮᠥ ᠠᠴᠠ ᠳᠡᠭᠡᠭᠰᠢ ᠲᠥᠪᠯᠡᠷᠡᠭᠦᠯᠵᠤ ᠳᠠᠷᠢᠭᠰᠠᠨ ᠰᠦᠯ ᠰᠠᠶᠢᠲᠠᠶ ᠴᠠᠷᠭᠠᠰᠤ ᠡᠪᠡᠰᠤ ᠶᠢᠨ ᠳᠠᠷᠢᠶ᠎ᠠ ᠳᠤ ᠤᠰᠤ ᠠᠷᠪᠢᠯᠠᠵᠤ ᠤᠰᠤᠯᠠᠬᠤ ᠪᠠ ᠮᠠᠰᠢᠨ ᠢᠶᠠᠷ ᠬᠠᠳᠤᠵᠤ ᠬᠤᠷᠢᠶᠠᠨ ᠬᠠᠳᠠᠭᠠᠯᠠᠬᠤ ᠨᠥᠬᠦᠴᠡᠯ ᠢ ᠪᠦᠷᠢᠳᠦᠭᠦᠯᠦᠭᠰᠡᠨ ᠪᠥᠭᠡᠳ ᠣᠷᠣᠨ ᠤ ᠳᠣᠲᠣᠷᠠᠬᠢ ᠰᠠᠭᠠᠯᠢ ᠶᠢᠨ ᠦᠨᠢᠶᠡᠨ ᠤ ᠲᠠᠵᠢᠬᠡᠪᠤᠷᠢ ᠶᠢᠨ ᠡᠷᠦᠬᠡ ᠯᠦᠭᠡ ᠬᠤᠳᠠᠯᠳᠤᠨ ᠪᠣᠷᠣᠯᠠᠭᠤᠯᠬᠤ ᠬᠠᠩᠭᠠᠯᠭ᠎ᠠ ᠶᠢᠨ ᠭᠡᠷ᠎ᠡ ᠪᠠᠶᠢᠭᠤᠯᠤᠭᠰᠠᠨ ᠳᠠᠷᠢᠵᠤ ᠳᠡᠵᠢᠭᠡᠬᠦ ᠡᠷᠦᠬᠡ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠡᠷᠦᠬᠡ ᠵᠢᠴᠢ ᠳᠠᠷᠢᠮᠠᠯ ᠤᠨ ᠠᠵᠤ ᠠᠬᠤᠢᠢᠯᠠᠯ ᠤᠨ ᠲᠠᠷᠢᠭᠰᠠᠨ ᠴᠠᠷᠭᠠᠰᠤ ᠡᠪᠡᠰᠤᠨ ᠳᠤ ᠮᠥ ᠪᠦᠷᠢ ᠳᠤ 600 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠵᠤ ᠪᠤᠢ᠃ ᠨᠥᠬᠦᠪᠥᠷᠢ ᠮᠥᠩᠭᠦ ᠶᠢ ᠭᠤᠤᠯᠳᠠᠭᠤ ᠴᠠᠷᠭᠠᠰᠤ ᠡᠪᠡᠰᠤ ᠶᠢ ᠡᠬᠦᠯᠳᠡᠷ ᠰᠠᠶᠢᠵᠢᠷᠠᠭᠤᠯᠬᠤ᠂ ᠪᠠᠷᠢᠮᠵᠢᠶᠠᠵᠢᠭᠤᠯᠤᠨ ᠲᠠᠷᠢᠵᠤ ᠡᠵᠡᠩᠨᠡᠬᠦ᠂ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ᠂ ᠶᠠᠰᠤ ᠴᠢᠨᠠᠷ ᠤᠨ ᠲᠦᠪᠰᠢᠨ ᠢ ᠳᠡᠭᠡᠭᠰᠢᠯᠡᠭᠦᠯᠬᠦ ᠳᠤ ᠬᠡᠷᠡᠭᠯᠡᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号