ᠪᠠᠶᠠᠨᠬᠤᠲᠠ ᠶᠢᠨ ᠥᠷᠯᠥᠭᠡ ᠶᠢᠨ ᠵᠠᠬ᠎ᠠ ᠲᠡᠯᠭᠡᠬᠦᠷ ᠰᠢᠨ᠎ᠠ ᠲᠦᠷᠬᠦ ᠲᠠᠢ ᠪᠤᠯᠤᠯ᠎ᠠ
ᠨᠡᠶᠢᠲᠡᠯᠡᠭᠰᠡᠨ ᠴᠠᠭ᠄
2021/8/6
     ᠡᠳᠦᠷ ᠪᠦᠷᠢ ᠶᠢᠨ ᠥᠷᠯᠥᠭᠡ ᠶᠢᠨ 7 ᠴᠠᠭ ᠤᠨ ᠦᠶ᠎ᠡ ᠪᠠᠷ᠂ ᠪᠠᠶᠠᠨᠬᠤᠲᠠ ᠶᠢᠨ ᠲᠦᠩ ᠵᠧᠤ ᠢ ᠮᠢᠨ ᠥᠷᠯᠥᠭᠡ ᠶᠢᠨ ᠵᠠᠬ᠎ᠠ ᠳᠡᠯᠭᠡᠭᠦᠷ ᠲᠤ ᠨᠢᠭᠡᠨᠲᠡ ᠬᠦᠷ ᠬᠦᠭᠵᠢᠶᠠᠨ ᠲᠠᠢ ᠪᠤᠯᠤᠬᠰᠠᠨ ᠪᠠᠶᠢᠯ᠎ᠠ᠃ ᠡ᠊ᠡᠳᠡ ᠲᠡᠨᠳᠡ ᠦᠭᠡᠶ ᠬᠠᠰᠬᠢᠷᠬᠤ ᠲᠠᠭᠤᠨ ᠳᠤᠮᠳᠠ᠂ ᠬᠦᠮᠦᠰ ᠬᠡᠷᠡᠭᠴᠡᠭᠡ ᠲᠠᠢ ᠵᠦᠢᠯᠡᠰ ᠢᠶᠠᠨ ᠰᠤᠩᠭᠤᠨ ᠠᠪᠤᠨ᠎ᠠ᠃      ᠰᠤᠷᠪᠤᠯᠵᠢᠯᠠᠭᠴᠢ ᠣᠶᠢᠷ᠎ᠠ ᠳᠤ ᠥᠷᠯᠥᠭᠡ ᠶᠢᠨ ᠵᠠᠬ᠎ᠠ ᠳᠡᠯᠭᠡᠭᠦᠷ ᠲᠤ ᠬᠦᠷᠬᠦ ᠳᠤ᠂ ᠤᠤᠯ ᠤᠨ ᠡ᠊ᠡᠭᠬᠦᠯ ᠲᠤᠩᠬᠤᠯ ᠭᠠᠵᠠᠷ ᠤᠨ ᠭᠠᠳᠠᠷᠭᠤ᠂ ᠰᠠᠷᠠᠭᠤᠯ ᠲᠠᠷᠳᠡᠩ ᠪᠤᠯᠵᠤ᠂ ᠢᠳᠡᠰᠢᠨ ᠨᠣᠭᠤᠭ᠎ᠠ ᠶᠢᠨ ᠲᠣᠭᠤᠷᠢᠭ᠂ ᠵᠢᠮᠢᠰ ᠤᠨ ᠲᠣᠭᠤᠷᠢᠭ᠂ ᠮᠢᠬᠠᠨ ᠤ ᠲᠣᠭᠤᠷᠢᠭ᠂ ᠡᠳᠦᠷ ᠲᠤᠲᠤᠮ ᠤᠨ ᠦᠢᠯᠡᠳᠪᠦᠷᠢᠯᠡᠯ ᠤᠨ ᠡᠳ᠋ ᠬᠥᠷᠥᠩᠭᠡ᠂ ᠨᠡᠬᠡᠮᠡᠯ ᠤᠨ ᠲᠣᠭᠤᠷᠢᠭ ᠤᠨ ᠬᠤᠭᠤᠷᠣᠨᠳᠣᠬᠢ ᠵᠠᠶ ᠨᠢ ᠲᠣᠳᠣᠷᠬᠠᠶ ᠪᠤᠯᠵᠤ᠂ ᠭᠠᠵᠠᠷ ᠪᠣᠯᠭᠠᠨ ᠤ ᠬᠤᠳᠠᠯᠳᠤᠭᠠᠴᠢᠨ ᠡᠷᠦᠬᠡ ᠨᠣᠭᠤᠭ᠎ᠠ ᠪᠠᠨ ᠵᠢᠭᠳᠡ ᠳᠡᠯᠭᠡᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠨᠢ ᠡᠮᠬᠢ ᠳᠢᠭᠯᠢᠮ ᠲᠠᠢ ᠪᠤᠯᠤᠬᠰᠠᠨ ᠢ ᠤᠯᠵᠤ ᠬᠠᠷᠠᠯ᠎ᠠ᠃      ᠲᠦᠩ ᠵᠧᠦ ᠢ ᠮᠢᠨ ᠥᠷᠯᠥᠭᠡ ᠶᠢᠨ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠵᠧᠦ ᠭᠠᠩ ᠰᠤᠷᠪᠤᠯᠵᠢᠯᠠᠭᠴᠢ ᠳᠤ ᠬᠡᠯᠡᠬᠦ ᠳᠡᠭᠡᠨ᠂ 7 ᠰᠠᠷ᠎ᠠ ᠶᠢᠨ 13 ᠤ ᠡᠳᠦᠷ ᠠᠴᠠ ᠡᠬᠢᠯᠡᠨ᠂ ᠲᠡᠳᠡ ᠥᠷᠯᠥᠭᠡ ᠶᠢᠨ ᠵᠠᠬ᠎ᠠ ᠳᠡᠯᠭᠡᠭᠦᠷ ᠤᠨ 3000 ᠲᠡᠭᠰᠢ ᠳᠥᠷᠪᠡᠯᠵᠢᠨ ᠮᠧᠲᠷ ᠤᠨ ᠭᠠᠵᠠᠷ ᠢ ᠰᠢᠨ᠎ᠡ ᠪᠠᠷ ᠬᠠᠲᠠᠭᠤᠷᠠᠭᠤᠯᠤᠭᠰᠠᠨ ᠪᠥᠭᠡᠳ ᠪᠣᠷᠣᠭᠠᠨ ᠭᠤᠭᠤᠵᠢᠭᠰᠠᠨ ᠠᠷᠪᠠᠨ ᠬᠡᠳᠦᠨ ᠬᠤᠳᠠᠯᠳᠤᠭᠠᠨ ᠤ ᠡᠷᠦᠬᠡ ᠶᠢ ᠰᠡᠯᠪᠢᠨ ᠵᠠᠰᠠᠵᠠᠢ᠃ ︽2018 ᠣᠨ ᠳᠤ ᠪᠠᠶᠢᠭᠤᠯᠤᠭᠰᠠᠨ ᠪᠤᠯᠤᠳ ᠲᠡᠮᠦᠷ ᠤᠨ ᠪᠠᠶᠢᠰᠢᠩ ᠭᠠᠳᠠᠨ᠎ᠠ ᠶᠡᠭᠡ ᠪᠣᠷᠣᠭᠠᠨ ᠣᠷᠣᠬᠤ ᠳᠤ᠂ ᠭᠡᠷ ᠲᠤ ᠪᠠᠭ᠎ᠠ ᠪᠣᠷᠣᠭᠠᠨ ᠣᠷᠣᠵᠤ᠂ ᠪᠠᠷᠠᠭ᠎ᠠ ᠲᠠᠸᠠᠷ ᠪᠦᠷ ᠨᠤᠷᠠᠵᠤ᠂ ᠳᠡᠭᠡᠪᠦᠷ ᠳᠡᠭᠡᠷᠡᠬᠢ ᠴᠠᠬᠢᠯᠭᠠᠨ ᠤᠲᠠᠰᠤ ᠴᠤ ᠪᠣᠷᠣᠭᠠᠨ ᠳᠤ ᠨᠣᠷᠣᠭᠳᠠᠨ ᠰᠦᠢᠳᠴᠦ᠂ ᠥᠭᠡᠷᠡᠴᠢᠯᠡᠭᠰᠡᠨ ᠤ ᠳᠠᠷᠠᠭ᠎ᠠ ᠪᠣᠷᠣᠭᠠᠨ ᠭᠤᠭᠤᠵᠢᠬᠤ ᠦᠭᠡᠢ ᠪᠣᠯᠤᠭᠰᠠᠨ ᠪᠥᠭᠡᠳ ᠨᠡᠩ ᠠᠮᠤᠷ ᠲᠦᠪᠰᠢᠨ ᠪᠣᠯᠵᠠᠢ︾ ᠭᠡᠵᠤ ᠨᠡᠬᠡᠮᠡᠯ ᠤᠨ ᠲᠣᠭᠤᠷᠢᠭ ᠤᠨ 6 ᠳ᠋ᠤᠭᠠᠷ ᠨᠣᠮᠧᠷᠲᠤ ᠳᠡᠯᠭᠡᠭᠦᠷ ᠤᠨ ᠡᠵᠡᠨ ᠶᠤᠸᠠᠨ ᠬᠤᠢ ᠴᠢᠩ ᠬᠡᠯᠡᠪᠡ᠃      ᠥᠷᠯᠥᠭᠡ ᠶᠢᠨ ᠵᠠᠬ᠎ᠠ ᠪᠠᠷ ᠦᠷᠭᠦᠯᠵᠢ ᠲᠣᠭᠤᠷᠢᠳᠠᠭ ᠯᠢᠦ ᠨᠠᠰᠤᠲᠠᠨ ᠰᠤᠷᠪᠤᠯᠵᠢᠯᠠᠭᠴᠢ ᠳᠤ᠄ ︽ᠥᠷᠯᠥᠭᠡ ᠶᠢᠨ ᠵᠠᠬ᠎ᠠ ᠪᠠᠷ ᠲᠣᠭᠤᠷᠢᠬᠤ ᠳᠤ ᠨᠠᠰᠤᠲᠠᠶ ᠬᠥᠮᠦᠨ ᠣᠯᠠᠨ ᠪᠠᠶᠢᠳᠠᠭ᠂ ᠥᠩᠭᠡᠷᠡᠭᠰᠡᠨ ᠳᠤ ᠭᠠᠵᠠᠷ ᠡᠩᠬᠦᠯ ᠳᠤᠩᠬᠤᠯ ᠪᠠᠶᠢᠵᠤ᠂ ᠵᠢᠭᠠᠬᠠᠨ ᠠᠩᠬᠠᠷᠬᠤ ᠦᠭᠡᠶ ᠪᠣᠯ ᠬᠥᠯ ᠢᠶᠠᠨ ᠬᠡᠮᠳᠦᠭᠡᠳᠡᠭ᠂ ᠣᠳᠣ ᠳᠠᠬᠢᠭᠠᠳ ᠬᠠᠲᠠᠭᠤᠷᠠᠭᠤᠯᠵᠤ᠂ ᠥᠩᠭᠡᠷᠡᠭᠰᠡᠨ ᠤ ᠬᠢ ᠠᠴᠠ ᠪᠠᠨ ᠬᠤᠯᠠ ᠴᠡᠪᠡᠷᠬᠡᠨ ᠪᠣᠯᠵᠠᠶ︾ ᠭᠡᠵᠦ ᠬᠡᠯᠡᠪᠡ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ︽ᠪᠢ ᠣᠯᠠᠨ ᠲᠦᠮᠡᠨ ᠤ ᠲᠥᠯᠥᠭᠡ ᠪᠤᠳᠡᠳᠡᠢ ᠠᠵᠢᠯ ᠬᠢᠬᠦ︾ ᠦᠵᠡᠯ ᠤᠬᠠᠮᠰᠠᠷ ᠢ ᠴᠢᠩᠭᠠᠳᠬᠠᠵᠤ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠦᠷᠯᠦᠭᠡ ᠶᠢᠨ ᠵᠠᠬ᠎ᠠ ᠳᠡᠯᠭᠡᠭᠦᠷ ᠲᠤ ᠥᠭᠡᠷᠡᠴᠢᠯᠡᠯᠲᠡ ᠬᠢᠵᠦ᠂ ᠰᠢᠨ᠎ᠡ ᠳᠦᠷᠰᠦ ᠪᠠᠶᠢᠳᠠᠯ ᠲᠠᠢ ᠪᠣᠯᠭᠠᠨ᠂ ᠬᠤᠳᠠᠯᠳᠤᠭᠠᠴᠢᠨ ᠡᠷᠦᠬᠡ ᠪᠠ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃      ᠥᠭᠡᠯᠡᠳ ᠵᠠᠬ᠎ᠠ ᠲᠠᠯᠭᠡᠬᠦᠷ ᠤᠨ ᠬᠢᠨᠠᠨ ᠬᠠᠮᠢᠶᠠᠷᠤᠯᠳᠠ ᠶᠢᠨ ᠭᠠᠵᠠᠷ ᠤᠨ ᠳᠠᠷᠤᠭ᠎ᠠ ᠵᠣᠣ ᡁᠢ ᠭᠦᠸᠧ ᠬᠡᠯᠡᠬᠦ ᠳᠡᠭᠡᠨ᠄ ︽ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠦᠨᠳᠦᠰᠦᠨ ᠪᠠᠷᠢᠮᠳᠠᠯᠠᠯ ᠪᠣᠯ ᠠᠷᠠᠳ ᠢᠷᠭᠡᠳ ᠲᠤ ᠨᠡᠩ ᠵᠣᠯ ᠵᠢᠷᠭᠠᠯᠲᠠᠶ ᠰᠠᠶᠢᠨ ᠰᠠᠶᠢᠬᠠᠨ ᠠᠮᠢᠳᠤᠷᠠᠯ ᠤᠨ ᠤᠷᠴᠢᠨ ᠨᠦᠭᠦᠴᠡᠯ ᠬᠠᠨᠭ᠍ᠭᠠᠬᠤ ᠳᠤ ᠪᠠᠶᠢᠭ᠎ᠠ ᠶᠤᠮ᠂ ᠥᠷᠯᠥᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠨᠢ ᠠᠷᠠᠳ ᠤᠯᠠᠨ ᠤ ᠠᠮᠢᠳᠤᠷᠠᠯ ᠢ ᠨᠡᠩ ᠳᠥᠭᠦᠮ ᠳᠥᠲᠡ ᠪᠣᠯᠭᠠᠵᠤ᠂ ᠬᠤᠲᠠ ᠶᠢᠨ ᠣᠷᠴᠢᠨ ᠨᠥᠬᠦᠴᠡᠯ ᠢ ᠨᠡᠩ ᠭᠤᠶᠣ ᠰᠠᠶᠢᠬᠠᠨ ᠪᠣᠯᠭᠠᠵᠠᠶ︾ ᠭᠡᠪᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号