ᠪᠦᠬᠦ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠸᠠᠺᠼᠢᠨ ᠤ ᠲᠠᠷᠢᠯᠭ᠎ᠠ ᠶᠢᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/6
      8 ᠰᠠᠷ᠎ᠠ ᠶᠢᠨ 5 ᠤ ᠡᠳᠦᠷ᠂ ᠪᠥᠬᠦ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠸᠠᠺᠼᠢᠨ ᠤ ᠲᠠᠷᠢᠯᠭ᠎ᠠ ᠶᠢᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠵᠤ᠂ ᠣᠳᠣᠬᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠮᠡᠳᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢᠨ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠬᠤᠷᠠᠯ ᠠᠴᠠ᠂ ᠣᠳᠣᠬᠠᠨ ᠳᠤ᠂ ᠪᠥᠬᠦ ᠪᠥᠮᠪᠥᠷᠴᠡᠭ ᠤᠨ ᠬᠢᠵᠢᠭ ᠤᠨ ᠪᠠᠶᠢᠳᠠᠯ ᠲᠦᠷᠭᠡᠨ ᠦᠷᠪᠢᠰᠴᠦ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠳᠣᠬᠠᠢ ᠶᠢᠨ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠣᠯᠵᠣ᠂ ᠮᠠᠨ ᠤ ᠠᠶᠢᠮᠠᠭ ᠤᠨ ︽ᠭᠠᠳᠠᠨ᠎ᠠ ᠠᠴᠠ ᠳᠠᠮᠵᠢᠨ ᠬᠠᠯᠳᠠᠪᠣᠷᠢᠯᠠᠬᠤ ᠶᠢ ᠰᠡᠷᠭᠡᠶᠢᠯᠡᠬᠦ︾ ᠳᠠᠷᠤᠯᠲᠠ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠬᠢᠯᠭᠡ᠂ ᠠᠵᠠ ᠬᠠᠷᠠᠬᠤ ᠪᠤᠳᠤᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠦᠵᠡᠯ ᠰᠠᠨᠠᠭᠠᠨ ᠤ ᠲᠠᠯ᠎ᠠ ᠪᠠᠷ ᠦᠨᠡᠨᠬᠦ ᠴᠢᠬᠤᠯᠠᠴᠢᠯᠠᠵᠤ᠂ ᠠᠵᠢᠯ ᠤᠨ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠮᠠᠨ ᠤ ᠠᠶᠢᠮᠠᠭ ᠤᠨ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠰᠠᠶᠢᠲᠤᠷ ᠬᠠᠮᠠᠭᠠᠯᠠᠬᠤ ᠬᠡᠷᠡᠭᠲᠡᠢ ᠬᠡᠪᠡ᠃       ᠬᠤᠷᠠᠯ ᠠᠴᠠ᠂ ᠬᠢᠵᠢᠭ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠰᠠᠭᠤᠷᠢᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ᠂ ᠪᠣᠳᠠᠲᠠᠢ᠂ ᠲᠦᠷᠭᠡᠨ᠂ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠢᠯᠢ ᠶᠢᠨ ᠭᠠᠳᠠᠨ᠎ᠠ ᠠᠴᠠ ᠠᠶᠢᠮᠠᠭ ᠲᠤ ᠣᠷᠣᠵᠤ ᠢᠷᠡᠭᠰᠡᠨ ᠬᠥᠮᠦᠰ ᠤᠨ ᠬᠠᠮᠢᠶᠠᠷᠤᠯᠲᠠ ᠪᠠ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠠᠶᠢᠮᠠᠭ ᠲᠤ ᠣᠷᠣᠵᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠲᠤᠰᠠᠭᠠᠷᠯᠠᠬᠤ ᠶᠣᠰᠣᠲᠠᠢ ᠶᠢ ᠨᠢ ᠪᠦᠬᠦᠨ ᠢ ᠲᠤᠰᠠᠭᠠᠷᠯᠠᠬᠤ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠦ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠭᠤᠭᠴᠤᠭ᠎ᠠ ᠳᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂      ︽ᠳᠥᠷᠪᠡᠨ ᠡᠷᠲᠡ︾ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠬᠤ ᠬᠡᠷᠡᠭᠲᠡᠶ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠬᠡᠷᠡᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠶ︔ ᠭᠤᠤᠯᠳᠠᠯᠭ᠎ᠠ ᠲᠠᠢ ᠲᠠᠯᠠᠪᠤᠷ ᠭᠠᠵᠠᠷ ᠪᠣᠯᠤᠨ ᠣᠯᠠᠨ ᠨᠡᠶᠢᠲᠡ ᠶᠢᠨ ᠲᠠᠯᠠᠪᠤᠷ ᠲᠤ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠺᠣᠳ᠋ ᠰᠢᠷᠪᠢᠵᠦ ᠰᠢᠯᠭᠠᠨ ᠪᠠᠶᠢᠴᠠᠭᠠᠬᠤ᠂ ᠪᠡᠶ᠎ᠡ ᠶᠢᠨ ᠳᠣᠯᠠᠭᠠᠨ ᠢ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ︔ ︽ᠴᠢᠬᠤᠯᠠ ᠪᠤᠰᠤ ᠪᠣᠯ ᠡᠷᠬᠢᠯᠡᠬᠦ ᠦᠭᠡᠶ︾ ᠪᠠᠶᠢᠬᠤ ᠵᠠᠷᠴᠢᠮ ᠶᠣᠰᠣᠭᠠᠷ᠂ ᠬᠥᠮᠦᠰ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠤᠯᠤᠰ ᠤᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠨᠠᠢᠮᠠᠳᠣᠭᠠᠷ ᠬᠡᠪᠯᠡᠯ︶︾ ᠪᠣᠯᠤᠨ ᠥᠪᠡᠷᠲᠡᠭᠡᠨ ᠵᠠᠰᠠᠬᠤ ᠣᠷᠣᠨ ᠤ ︽1 + 8 + N︾ ᠰᠡᠷᠭᠡᠶᠢᠯᠡᠨ ᠡᠵᠡᠮᠳᠡᠬᠦ ᠲᠥᠰᠦᠯ ᠢ ᠰᠤᠳᠤᠯᠵᠤ᠂ ᠨᠡᠪᠲᠡᠷᠡᠲᠡᠯ᠎ᠡ ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠵᠤ᠂ ᠲᠠᠬᠤᠯ ᠡᠪᠡᠳᠴᠢᠨ ᠤ ᠪᠠᠶᠢᠴᠠᠭᠠᠯᠲᠠ᠂ ᠪᠥᠭᠡᠮ ᠬᠦᠴᠢᠯ ᠤᠨ ᠥᠯᠢᠭᠡᠷ ᠠᠪᠬᠤ ᠪᠠ ᠰᠢᠯᠭᠠᠨ ᠪᠠᠶᠢᠴᠠᠭᠠᠬᠤ᠂ ᠡᠮᠴᠢᠯᠡᠭᠡᠨ ᠤ ᠠᠪᠤᠷᠠᠨ ᠵᠠᠰᠠᠬᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ︽ᠨᠠᠮ ᠤᠨ ᠬᠤᠷᠢᠶ᠎ᠠ ᠵᠠᠰᠠᠭ ᠤᠨ ᠣᠷᠳᠣᠨ ᠬᠥᠮᠦᠨ ᠡᠷᠢᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠷᠢᠯᠭ᠎ᠠ ᠳᠠᠷᠢᠬᠤ︾ ᠵᠠᠷᠴᠢᠮ ᠶᠣᠰᠣᠭᠠᠷ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ ᠸᠠᠺᠼᠢᠨ ᠤ ᠲᠠᠷᠢᠯᠭ᠎ᠠ ᠳᠠᠷᠢᠬᠤ ᠠᠵᠢᠯ ᠢ ᠠᠬᠢᠭᠤᠯᠵᠤ᠂ ᠴᠠᠭ ᠳᠣᠬᠠᠢ ᠳᠤᠨᠢ ᠠᠮᠤᠷ ᠲᠦᠪᠰᠢᠨ ᠡᠮᠬᠢ ᠵᠢᠷᠤᠮ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠨᠠᠮ ᠵᠠᠰᠠᠭ ᠭᠤᠤᠯᠯᠠᠨ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ︾ ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠬᠠᠮᠢᠶ᠎ᠠ ᠪᠥᠬᠦᠶ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠬᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ ᠪᠣᠯᠤᠨ ᠡᠳ᠋ ᠤᠨ ᠬᠦᠴᠦᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠰᠢᠰᠲ᠋ᠧᠮ ᠤᠨ ᠠᠵᠢᠯᠯᠠᠭᠠᠨ ᠢ ᠴᠢᠩᠭᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠣᠣᠷᠵᠢᠭᠤᠯᠤᠭᠰᠠᠨ ᠬᠠᠮᠢᠶᠠᠷᠤᠯᠲᠠ ᠡᠵᠡᠮᠳᠡᠯ ᠢ ᠨᠠᠶᠢᠳᠠᠪᠤᠷᠢᠵᠢᠭᠤᠯᠵᠤ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ︽ᠠᠷᠭ᠎ᠠ ᠴᠢᠨᠠᠷ ᠲᠠᠢ ᠪᠣᠯ ᠵᠠᠪᠠᠯ ᠮᠡᠳᠡᠭᠦᠯᠬᠦ︾᠂ ︽ᠠᠷᠭ᠎ᠠ ᠴᠢᠨᠠᠷ ᠲᠠᠢ ᠪᠣᠯ ᠴᠠᠭ ᠳᠣᠬᠠᠢ  ᠳᠤᠨᠢ ᠮᠡᠳᠡᠭᠦᠯᠬᠦ︾ ᠶᠢ ᠪᠡᠶᠡᠯᠡᠭᠦᠯᠵᠦ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠵᠤ ᠪᠣᠯᠬᠤ ᠦᠭᠡᠢ᠃ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠢ ᠦᠨᠡᠨᠬᠦ ᠴᠢᠩᠭᠠᠳᠬᠠᠬᠤ ᠬᠡᠷᠡᠭᠲᠡᠶ᠃ ᠵᠢᠯᠣᠭᠤᠳᠬᠤ ᠰᠢᠰᠲ᠋ᠧᠮᠵᠢ ᠶᠢᠨ ᠠᠵᠢᠯᠯᠠᠭᠠᠨ᠂ ᠰᠡᠷᠭᠡᠶᠢᠯᠡᠨ ᠡᠵᠡᠮᠳᠡᠬᠦ ᠡᠩᠨᠡᠭᠡ ᠶᠢᠨ ᠪᠠᠶᠢᠭᠤᠯᠤᠯᠲᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠵᠡᠷᠭᠡ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠵᠢᠯᠣᠭᠤᠳᠬᠤ ᠰᠢᠰᠲ᠋ᠧᠮᠵᠢ᠂ ᠠᠵᠢᠯᠲᠠᠨ ᠤ ᠡᠩᠨᠡᠭᠡ᠂ ᠰᠡᠷᠭᠡᠶᠢᠯᠡᠨ ᠡᠵᠡᠮᠳᠡᠬᠦ ᠡᠳ᠋ ᠪᠣᠳᠠᠰ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠵᠢᠴᠢ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号