ᠰᠢ ᠶᠢᠨ ᠫᠢᠩ ᠪᠣᠯᠤᠨ ᠲᠦᠷᠺ ᠤᠨ ᠶᠡᠷᠦᠩᠬᠡᠶᠢᠯᠡᠭᠴᠢ ᠠᠶᠢᠷᠳᠣ᠋ ᠊ ᠠᠨ ᠳᠤᠮᠳᠠᠳᠤ ᠲᠦᠷᠺ ᠤᠨ ᠬᠠᠷᠢᠯᠴᠠᠭ᠎ᠠ  ᠪᠠᠶᠢᠭᠤᠯᠤᠭᠰᠠᠨ 50 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2021/8/9
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 4 ᠤ ᠴᠠᠬᠢᠯᠭᠠᠨ ᠮᠡᠳᠡᠭᠡ  8 ᠰᠠᠷ᠎ᠠ ᠶᠢᠨ 4 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠲᠦᠷᠺ ᠤᠨ ᠶᠡᠷᠦᠩᠬᠡᠶᠢᠯᠡᠭᠴᠢ ᠠᠶᠢᠷᠳᠣ᠋ ᠊ ᠠᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠪᠡ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ᠂ ᠳᠤᠮᠳᠠᠳᠤ ᠲᠦᠷᠺ ᠤᠨ ᠬᠠᠷᠢᠯᠴᠠᠭ᠎ᠠ ᠲᠣᠭᠲᠠᠭᠤᠨ ᠢᠶᠠᠷ ᠬᠥᠭᠵᠢᠪᠡ᠃ 2010 ᠣᠨ ᠳᠤ ᠬᠤᠶᠠᠷ ᠤᠯᠤᠰ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠬᠤᠶᠢᠰᠢ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠡᠮᠬᠢ ᠵᠢᠷᠤᠮ ᠲᠠᠢ ᠠᠬᠢᠪᠠ᠃ ᠨᠢᠳᠤᠨᠤᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤᠮᠳᠠ ᠬᠠᠷᠢᠯᠴᠠᠨ ᠲᠡᠮᠵᠢᠵᠥ᠂ ᠸᠠᠺᠼᠢᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠮᠵᠢ ᠣᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠭᠦᠨᠵᠡᠭᠡᠶᠢᠷᠡᠭᠦᠯᠪᠡ᠃ ᠪᠢ ᠳᠤᠮᠳᠠᠳᠤ ᠲᠦᠷᠺ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠶᠢᠷᠳᠣ᠋ ᠊ ᠠᠨ ᠲᠠᠢ ᠬᠠᠮᠲᠤ ᠪᠠᠷ ᠴᠢᠷᠮᠠᠶᠢᠵᠤ ᠪᠠᠶᠢᠭᠠᠳ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠣᠶᠢᠯᠠᠭᠠᠯᠴᠠᠨ ᠲᠡᠮᠵᠢᠵᠥ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠᠨ ᠲᠦᠷᠭᠡᠨ ᠵᠣᠯᠭᠠᠭᠤᠯᠵᠤ᠂ ᠳᠤᠮᠳᠠᠳᠤ ᠲᠦᠷᠺ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃      ᠠᠶᠢᠷᠳᠣ᠋ ᠊ ᠠᠨ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠦᠷᠺ ᠳᠤᠮᠳᠠᠳᠤ ᠬᠤᠶᠠᠷ ᠤᠯᠤᠰ ᠤᠨ ᠬᠠᠷᠢᠯᠴᠠᠭ᠎ᠠ ᠬᠠᠷᠢᠯᠴᠠᠨ ᠠᠰᠢᠭᠲᠠᠢ ᠬᠥᠭᠵᠢᠯᠲᠡ ᠶᠢ ᠪᠡᠶᠡᠯᠡᠭᠦᠯᠬᠦ ᠰᠠᠶᠢᠨ ᠰᠠᠶᠢᠬᠠᠨ ᠰᠠᠭᠤᠷᠢ ᠲᠠᠢ ᠶᠤᠮ᠃ ᠥᠩᠭᠡᠷᠡᠭᠰᠡᠨ ᠬᠠᠭᠠᠰ ᠵᠠᠭᠤᠨ ᠳᠤ᠂ ᠲᠦᠷᠺ ᠳᠤᠮᠳᠠᠳᠤ ᠶᠢᠨ ᠠᠷᠠᠯᠵᠢᠶ᠎ᠠ᠂ ᠪᠡᠯᠡ ᠣᠷᠣᠭᠤᠯᠤᠯᠲᠠ᠂ ᠵᠠᠮ ᠬᠠᠷᠢᠯᠴᠠᠭ᠎ᠠ᠂ ᠵᠢᠭᠤᠯᠴᠢᠯᠠᠯ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠯᠤᠲᠤ ᠶᠡᠭᠡ ᠬᠥᠭᠵᠢᠯᠲᠡ ᠲᠠᠢ ᠪᠣᠯᠵᠠᠢ᠃ ᠬᠤᠶᠠᠷ ᠤᠯᠤᠰ ᠬᠠᠷᠢᠯᠴᠠᠨ ᠬᠦᠨᠳᠦᠳᠬᠡᠬᠦ ᠳᠤ ᠰᠠᠭᠤᠷᠢᠯᠠᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠠᠬᠢᠭᠤᠯᠵᠤ᠂ ᠭᠠᠵᠠᠷ ᠣᠷᠣᠨ ᠪᠣᠯᠤᠨ ᠪᠦᠬᠦ ᠪᠥᠮᠪᠥᠷᠴᠡᠭ ᠤᠨ ᠬᠡᠪᠴᠢᠶᠡᠨ ᠳᠤ ᠢᠳᠡᠪᠬᠢᠲᠡᠢ ᠨᠥᠯᠥᠭᠡ ᠦᠵᠡᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠬᠤᠶᠠᠷ ᠤᠯᠤᠰ ᠢᠶᠠᠷ ᠢᠶᠠᠨ ᠪᠦᠯᠬᠦᠮᠳᠡᠨ ᠬᠠᠪᠰᠤᠷᠤᠯᠴᠠᠵᠤ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠪᠠ᠃ ᠲᠦᠷᠺ ᠤᠨ ᠬᠢᠨ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠺ ᠳᠤᠮᠳᠠᠳᠤ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠤᠨ᠎ᠠ ᠭᠡᠵᠤ ᠢᠯᠡᠳᠭᠡᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号