ᠠᠯᠠᠱᠠ ᠵᠡᠭᠦᠨ ᠬᠤᠰᠢᠭᠤ ᠶᠠᠳᠠᠭᠤ ᠠᠴᠠ ᠠᠩᠬᠢᠵᠢᠷᠠᠭᠤᠯᠣᠨ ᠦᠨᠳᠦᠰᠦᠨ ᠵᠦᠢᠯ ᠢ ᠪᠠᠲᠤᠯᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠪᠠ
ᠨᠡᠶᠢᠲᠡᠯᠡᠭᠰᠡᠨ ᠴᠠᠭ᠄
2021/9/1
       ᠨᠢᠭᠡ ᠳᠤ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠳᠤ ︽ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ ᠳᠦᠷᠢᠮ︾ ᠢ ᠪᠠᠶᠢᠭᠤᠯᠵᠤ᠂ 3000 ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠲᠦᠷ ᠴᠠᠭ ᠤᠨ ᠠᠪᠤᠷᠠᠨ ᠲᠤᠰᠠᠯᠠᠬᠤ ᠬᠢᠨᠠᠨ ᠵᠥᠪᠰᠢᠶᠡᠷᠡᠬᠦ ᠡᠷᠬᠡ ᠮᠡᠳᠡᠯ ᠢ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠳᠤ ᠪᠠᠭᠤᠯᠭᠠᠵᠤ᠂ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠶᠠᠪᠤᠴᠠ ᠶᠢ ᠴᠣᠮᠬᠠᠳᠬᠠᠵᠤ᠂ ᠬᠦᠴᠢᠷᠳᠡᠯᠲᠡᠢ ᠣᠯᠠᠨ ᠲᠦᠮᠡᠨ ᠤ ︽ᠲᠤᠰᠠᠯᠠᠮᠵᠢ ᠭᠤᠶᠤᠴᠢᠯᠠᠬᠤ ᠭᠠᠵᠠᠷ ᠲᠠᠢ᠂ ᠴᠠᠭ ᠲᠤᠬᠠᠢ ᠳᠤᠨᠢ ᠲᠤᠰᠠᠯᠠᠮᠵᠢ ᠬᠦᠷᠲᠡᠬᠦ︾ ᠶᠢ ᠪᠠᠳᠣᠯᠠᠪᠠ᠃ ᠬᠤᠶᠠᠷ ᠲᠤ᠂ ︽ᠣᠷᠣᠯᠭ᠎ᠠ ᠪᠠᠭᠠᠲᠠᠶ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠳᠣᠬᠠᠢ ᠬᠡᠷᠡᠭᠵᠢᠭᠦᠯᠬᠦ ᠠᠷᠭ᠎ᠠ︾᠂ ︽ᠲᠦᠷ ᠴᠠᠭ ᠤᠨ ᠠᠪᠤᠷᠠᠨ ᠲᠤᠰᠠᠯᠠᠬᠤ ᠳᠣᠬᠠᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠪᠤᠶᠤ ᠬᠡᠰᠡᠭ ᠠᠯᠳᠠᠭᠰᠠᠨ᠂ ᠲᠡᠷᠡᠴᠢᠯᠡᠨ ᠠᠵᠤ ᠦᠢᠯᠡᠰ ᠢᠶᠠᠷ ᠠᠵᠢᠯ ᠣᠯᠭᠤᠬᠤ ᠪᠠᠷ ᠳᠡᠮᠵᠢᠨ ᠲᠣᠭᠲᠠᠪᠤᠷᠢᠲᠠᠶ ᠣᠷᠣᠯᠭ᠎ᠠ ᠣᠯᠵᠤ ᠳᠡᠶᠢᠯᠬᠦ ᠥᠬᠡᠶ ᠬᠥᠮᠦᠨ ᠠᠮᠠ ᠶᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠬᠤ ᠪᠤᠶᠤ ᠲᠦᠷ ᠴᠠᠭ ᠤᠨ ᠠᠪᠤᠷᠠᠨ ᠲᠤᠰᠠᠯᠠᠵᠤ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠪᠡᠶᠡᠯᠡᠬᠦᠯᠪᠡ᠃ ᠭᠤᠷᠪᠠ ᠳᠤ᠂ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠷ᠎ᠡ ᠵᠢᠯ ᠤᠨ ᠬᠥᠮᠦᠨ ᠨᠢᠭᠡᠪᠦᠷᠢ ᠳᠤ ᠰᠠᠷ᠎ᠠ ᠪᠦᠷᠢ 939 ᠲᠥᠭᠦᠷᠢᠭ ᠤᠨ ᠰᠠᠭᠤᠷᠢᠨ ᠳᠡᠭᠡᠷ᠎ᠡ 56 ᠲᠥᠭᠦᠷᠢᠭ ᠳᠡᠭᠡᠭᠰᠢᠯᠡᠭᠦᠯᠵᠦ᠂ 995 ᠲᠥᠭᠦᠷᠢᠭ ᠲᠤ ᠬᠦᠷᠭᠡᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠷ᠎ᠡ ᠵᠢᠯ ᠤᠨ ᠬᠥᠮᠦᠨ ᠨᠢᠭᠡᠪᠦᠷᠢ ᠳᠤ ᠵᠢᠯ ᠪᠦᠷᠢ 8643 ᠲᠥᠭᠦᠷᠢᠭ ᠤᠨ ᠰᠠᠭᠤᠷᠢᠨ ᠳᠡᠭᠡᠷ᠎ᠡ᠂ 518 ᠲᠥᠭᠦᠷᠢᠭ ᠳᠡᠭᠡᠭᠰᠢᠯᠡᠭᠦᠯᠵᠦ᠂ 9161 ᠲᠥᠭᠦᠷᠢᠭ ᠲᠤ ᠬᠦᠷᠭᠡᠵᠦ᠂ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠷ᠎ᠡ ᠵᠢᠯ ᠤᠨ ᠬᠢ ᠠᠴᠠ 6 % ᠪᠠᠷ ᠳᠡᠭᠡᠭᠰᠢᠯᠡᠬᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号